ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠠᠰᠢᠭᠯᠠᠯᠲᠠ ᠳᠤ ᠣᠷᠣᠯ᠎ᠠ
ᠨᠡᠶᠢᠲᠡᠯᠡᠭᠰᠡᠨ ᠴᠠᠭ᠄
2023/12/14
    ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠡᠪᠡᠰᠦ ᠪᠣᠷᠳᠤᠭ᠎ᠠ ᠶᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠬᠤᠷᠠᠯ ᠳᠤ᠂  ᠼᠤᠤ ᠲᠤ ᠡᠭᠦᠯᠡᠨ ᠲᠠᠪᠴᠠᠩ ᠵᠢᠴᠢ ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠠᠰᠢᠭᠯᠠᠯᠲᠠ ᠳᠤ ᠣᠷᠣᠪᠠ᠃        ᠼᠤᠤ ᠲᠤ ᠡᠭᠦᠯᠡᠨ ᠲᠠᠪᠴᠠᠩ ᠵᠢᠴᠢ ᠲᠣᠭᠠᠴᠢᠯᠠᠭᠰᠠᠨ ᠡᠪᠡᠰᠦ ᠪᠡᠯᠴᠢᠭᠡᠷ ᠤᠨ ᠦᠢᠯᠡᠰ ᠤᠨ ᠦᠢᠯᠡᠴᠢᠯᠡᠭᠡᠨ ᠤ ᠲᠠᠪᠴᠠᠩ ᠢ ᠥᠪᠥᠷ ᠮᠣᠩᠭᠤᠯ ᠤᠨ  ᠼᠤᠤ ᠲᠤ ᠡᠪᠡᠰᠦ ᠪᠡᠯᠴᠢᠭᠡᠷ ᠮᠠᠯ ᠠᠵᠤ ᠠᠬᠤᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠪᠦᠲᠦᠭᠡᠨ ᠪᠠᠶᠢᠭᠤᠯᠵᠤ᠂ ᠲᠣᠮᠣ  ᠳ᠋ᠠᠶᠢᠲ᠋ᠠ ᠪᠠᠷ ᠭᠤᠣᠯ ᠪᠣᠯᠭᠠᠨ᠂ ᠶᠡᠭᠡ ᠬᠡᠮᠵᠢᠶᠡᠨ ᠤ ᠡᠪᠡᠰᠦᠨ ᠤ ᠪᠦᠲᠦᠭᠡᠭᠳᠡᠬᠦᠨ ᠪᠠ ᠠᠮᠢᠳᠤ ᠮᠠᠯ ᠤᠨ ᠪᠡᠯᠡᠨ ᠪᠠᠷᠠᠭ᠎ᠠ ᠶᠢ ᠫᠠᠶᠢᠰᠠ ᠡᠯᠭᠦᠨ ᠠᠷᠠᠯᠵᠢᠶᠠᠯᠠᠬᠤ᠂  ᠦᠨ᠎ᠡ ᠬᠠᠶᠠᠯᠴᠠᠨ ᠠᠷᠠᠯᠵᠢᠶᠠᠯᠠᠬᠤ ᠪᠠᠷ ᠰᠠᠭᠤᠷᠢ ᠪᠣᠯᠭᠠᠵᠤ᠂ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠮᠬᠢᠯᠡᠬᠦ᠂ ᠪᠠᠶᠢᠴᠠᠭᠠᠨ ᠰᠢᠯᠭᠠᠵᠤ᠂ ᠬᠤᠷᠢᠶᠠᠨ  ᠨᠥᠭᠡᠴᠡᠯᠡᠨ᠎ᠡ᠃ ᠠᠮᠢᠳᠤ ᠮᠠᠯ ᠤᠨ ᠬᠢᠵᠢᠭ ᠢ ᠪᠠᠶᠢᠴᠠᠭᠠᠬᠤ᠂ ᠨᠠᠶᠢᠳᠠᠨ ᠲᠡᠵᠢᠭᠡᠯᠭᠡᠬᠦ᠂ ᠨᠠᠶᠢᠳᠠᠨ ᠬᠤᠳᠠᠯᠳᠤᠭᠤᠯᠬᠤ ᠵᠡᠷᠭᠡ ᠥᠷᠲᠡᠭ ᠨᠡᠮᠡᠭᠳᠡᠯ ᠤᠨ ᠴᠢᠨᠠᠷᠲᠠᠢ  ᠦᠢᠯᠡᠴᠢᠯᠡᠭᠡ ᠬᠠᠩᠭᠠᠵᠤ᠂ ᠪᠥᠬᠦ ᠤᠯᠤᠰ ᠤᠨ ᠮᠠᠯ ᠪᠡᠯᠴᠢᠭᠡᠷ ᠤᠨ ᠪᠡᠯᠡᠨ ᠪᠠᠷᠠᠭᠠᠨ ᠤ ᠠᠷᠠᠯᠵᠢᠶ᠎ᠠ ᠶᠢ ᠲᠥᠪ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ  ᠭᠦᠢᠯᠭᠡᠭᠡᠨ ᠤ ᠲᠥᠪ᠂ ᠳ᠋ᠦᠩᠨᠡᠨ ᠪᠤᠳᠤᠬᠤ ᠲᠥᠪ᠂ ᠦᠨ᠎ᠡ ᠲᠣᠭᠲᠠᠭᠠᠬᠤ ᠲᠥᠪ ᠵᠢᠴᠢ ᠬᠠᠩᠭᠠᠯᠭ᠎ᠠ ᠶᠢ ᠬᠡᠯᠬᠢᠶᠡᠰᠦ ᠶᠢ ᠦᠢᠯᠡᠴᠢᠯᠡᠭᠡᠨ ᠤ ᠲᠥᠪ ᠢ ᠴᠢᠷᠮᠠᠶᠢᠨ  ᠪᠠᠶᠢᠭᠤᠯᠤᠨ᠎ᠠ᠃ ᠵᠢᠱᠢᠯᠲᠡ ᠪᠠᠷ 2023 ᠣᠨ ᠳᠤ ᠲᠠᠪᠴᠠᠩ ᠳᠤ ᠳᠠᠩᠰᠠᠯᠠᠭᠤᠯᠤᠭᠰᠠᠨ ᠭᠡᠰᠢᠭᠦᠨ 30000 ᠬᠥᠮᠥᠨ ᠪᠠᠶᠢᠵᠤ᠂ ᠡᠭᠦᠨ ᠳᠤ ᠠᠵᠤ  ᠠᠬᠤᠶᠢᠯᠠᠯ ᠤᠨ ᠬᠡᠷᠡᠭᠯᠡᠭᠴᠢ 4000 ᠬᠦᠷᠦᠨ᠎ᠠ᠃ ᠵᠢᠱᠢᠯᠲᠡ ᠪᠠᠷ ᠡᠪᠡᠰᠦ ᠪᠣᠷᠳᠣᠭᠠᠨ ᠤ ᠪᠦᠲᠦᠭᠡᠭᠳᠡᠬᠦᠨ ᠤ ᠵᠢᠯ ᠤᠨ ᠠᠷᠠᠯᠵᠢᠶᠠᠨ ᠤ ᠬᠡᠮᠵᠢᠶ᠎ᠡ 20 ᠲᠦᠮᠡ  ᠭᠠᠷᠤᠢ ᠲᠣᠨ ᠳᠤ ᠬᠦᠷᠴᠦ᠂ ᠠᠷᠠᠯᠵᠢᠶᠠᠨ ᠤ ᠬᠡᠮᠵᠢᠶ᠎ᠡ 4 ᠳ᠋ᠦᠩᠰᠢᠭᠤᠷ ᠲᠥᠭᠦᠷᠢᠭ ᠢ ᠳᠠᠪᠠᠭᠤ ᠪᠣᠯᠣᠮᠵᠢ ᠲᠠᠢ᠃    
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号