ᠣᠶᠤᠲᠠᠨ ᠠᠮᠢᠳᠤᠷᠠᠯ ᠢᠶᠠᠨ ᠬᠡᠷᠬᠢᠨ ᠥᠩᠭᠡᠷᠡᠭᠦᠯᠪᠡᠯ ᠵᠣᠬᠢᠬᠤ ᠪᠣᠢ︖
ᠨᠡᠶᠢᠲᠡᠯᠡᠭᠰᠡᠨ ᠴᠠᠭ᠄
2023/12/14
     ᠣᠶᠤᠲᠠᠨ ᠨᠠᠰᠤ ᠪᠣᠯ ᠪᠦᠬᠦ᠋ᠢᠯᠡ ᠬᠥᠮᠥᠨ ᠤ ᠠᠮᠢᠳᠤᠷᠠᠯ ᠤᠨ ᠮᠠᠰᠢ ᠴᠢᠬᠤᠯᠠ ᠴᠠᠭ ᠦᠶ᠎ᠡ ᠶᠤᠮ᠃ ᠣᠶᠤᠲᠠᠨ ᠴᠠᠭ ᠠᠴᠠ ᠡᠬᠢᠯᠡᠭᠡᠳ ᠵᠠᠯᠠᠭᠤ ᠨᠠᠰᠤ  ᠭᠡᠳᠡᠭ ᠪᠠᠭ᠎ᠠ ᠭᠢᠯᠠᠰ ᠭᠡᠳ ᠥᠩᠭᠡᠷᠡᠭᠡᠳ ᠶᠠᠪᠤᠴᠢᠬᠠᠳᠠᠭ᠃ ᠵᠠᠯᠠᠭᠤ ᠨᠠᠰᠤ ᠵᠠᠳᠠᠭᠠᠢ ᠮᠥᠩᠭᠦ ᠶᠢ ᠦᠷᠡᠬᠦ ᠦᠭᠡᠢ ᠨᠠᠨᠳᠢᠩᠨᠠᠵᠤ ᠶᠠᠪᠤᠬᠤ ᠬᠡᠷᠡᠭᠲᠡᠢ᠃ ᠲᠡᠭᠡᠪᠡᠯ ᠶᠡᠭᠡ  ᠰᠤᠷᠭᠠᠭᠤᠯᠢ ᠶᠢᠨ ᠳᠦᠷᠪᠡᠨ ᠵᠢᠯ ᠢᠶᠠᠨ ᠶᠠᠭᠠᠬᠢᠵᠤ ᠥᠩᠭᠡᠷᠡᠭᠦᠯᠬᠦ ᠨᠢ ᠬᠠᠮᠤᠭ ᠤᠨ ᠵᠥᠪ ᠶᠤᠮ ᠪᠣᠯ︖        ᠨᠢᠭᠡ ᠳᠤ᠂ ᠨᠢᠭᠡ ᠳᠦᠷᠦᠯ ᠤᠨ ᠮᠡᠷᠭᠡᠵᠢᠯ ᠢ ᠲᠤᠯᠲᠠᠯ᠎ᠠ ᠰᠣᠷᠣᠨ᠎ᠠ᠃       ᠬᠤᠶᠠᠷ ᠲᠤ᠂ ᠥᠪᠡᠷᠲᠡᠭᠡᠨ ᠨᠢᠭᠡ ᠰᠤᠷᠤᠯᠭ᠎ᠠ ᠬᠢᠴᠢᠶᠡᠯ ᠤᠨ ᠬᠠᠷᠠᠯᠲᠠ ᠲᠣᠭᠲᠠᠭᠠᠬᠤ ᠬᠡᠷᠡᠭᠲᠡᠢ᠃        ᠭᠤᠷᠪᠠ ᠳᠤ᠂ ᠬᠢᠴᠢᠶᠡᠯ ᠤᠨ ᠭᠠᠳᠠᠭᠤᠷ ᠬᠡᠳᠦᠨ ᠵᠦᠢᠯ ᠤᠨ ᠳᠤᠷ᠎ᠠ ᠰᠣᠨᠢᠷᠬᠠᠯ ᠲᠠᠢ ᠪᠣᠯᠬᠤ ᠬᠡᠷᠡᠭᠲᠡᠢ᠃        ᠳᠥᠷᠪᠡ ᠳᠤ᠂ ᠬᠤᠪᠢ ᠬᠥᠮᠥᠨ ᠤ ᠬᠢᠭᠰᠡᠨ ᠪᠦᠲᠦᠭᠡᠭᠰᠡᠨ ᠢᠶᠠᠨ ᠡᠮᠬᠢᠯᠡᠨ ᠴᠤᠭᠯᠠᠭᠤᠯᠬᠤ ᠬᠡᠷᠡᠭᠲᠡᠢ᠃        ᠲᠠᠪᠤ ᠳᠤ᠂ ᠴᠢᠷᠮᠠᠶᠢᠬᠤ ᠬᠠᠷᠠᠯᠲᠠ ᠪᠠᠨ ᠲᠣᠭᠲᠠᠭᠠᠬᠤ ᠬᠡᠷᠡᠭᠲᠡᠢ᠃        ᠵᠢᠷᠭᠤᠭ᠎ᠠ ᠳᠤ᠂ ᠰᠦᠯᠵᠢᠶᠡᠨ ᠳᠡᠭᠡᠷ᠎ᠡ ᠪᠠᠶᠢᠭ᠎ᠠ ᠰᠢᠯᠢᠳᠡᠭ ᠬᠢᠴᠢᠶᠡᠯ ᠢ ᠢᠯᠡᠭᠦᠦ ᠦᠵᠡᠬᠦ ᠬᠡᠷᠡᠭᠲᠡᠢ᠃        ᠳᠣᠯᠤᠭ᠎ᠠ ᠳᠤ᠂ ᠨᠥᠬᠦᠳ ᠤᠨ ᠨᠥᠬᠦᠷᠯᠡᠯ ᠢᠶᠠᠨ ᠨᠠᠨᠳᠢᠩᠨᠠᠬᠤ ᠬᠡᠷᠡᠭᠲᠡᠢ᠃        ᠨᠠᠢᠮᠠ ᠳᠤ᠂ ᠨᠠᠷᠢᠨ ᠨᠢᠭᠲᠠ ᠲᠣᠭᠠᠴᠠᠭᠠᠯᠠᠵᠤ᠂ ᠮᠥᠩᠭᠦ ᠵᠣᠭᠤᠰ ᠢᠶᠠᠨ ᠵᠠᠷᠤᠵᠤ ᠰᠤᠷᠬᠤ ᠬᠡᠷᠡᠭᠲᠡᠢ᠃         ᠶᠢᠰᠦ ᠳᠤ᠂ ᠨᠡᠶᠢᠭᠡᠮ ᠤᠨ ᠦᠢᠯᠡᠳᠦᠯᠭᠡ ᠳᠤᠮᠳᠠ ᠠᠴᠠ ᠶᠠᠭᠤᠮ᠎ᠠ ᠰᠤᠷᠬᠤ ᠬᠡᠷᠡᠭᠲᠡᠢ᠃  
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号