ᠡᠶᠢᠮᠦ ᠬᠤᠯᠪᠣᠭᠠᠨ ᠳᠤ ᠣᠷᠣᠵᠤ ᠪᠣᠯᠬᠤ ᠦᠭᠡᠢ
ᠨᠡᠶᠢᠲᠡᠯᠡᠭᠰᠡᠨ ᠴᠠᠭ᠄
2023/12/14
     ᠣᠶᠢᠷ᠎ᠠ ᠳᠤ᠂ ︽ᠵᠢᠨᠠᠨ ᠤ ᠡᠮᠡᠭᠲᠡᠢ ᠰᠣᠷᠣᠭᠴᠢ ᠵᠣᠳᠣᠭᠳᠠᠵᠤ ᠪᠠᠶᠢᠨ᠎ᠠ︾ ᠭᠡᠰᠡᠨ ᠭᠠᠷᠴᠠᠭ ᠲᠠᠢ᠂ ᠠᠭᠤᠯᠭ᠎ᠠ ᠨᠢ ᠬᠡᠳᠦᠨ ᠡᠮᠡᠭᠲᠡᠢ ᠰᠣᠷᠣᠭᠴᠢ ᠨᠢᠭᠡ ᠡᠮᠡᠭᠲᠡᠢ  ᠰᠣᠷᠣᠭᠴᠢ ᠶᠢ ᠵᠣᠳᠣᠭᠰᠠᠨ ᠪᠠ ᠳᠣᠷᠣᠮᠵᠢᠯᠠᠭᠰᠠᠨ ᠣᠬᠤᠷ ᠸᠢᠳᠢᠤ᠋ ᠰᠦᠯᠵᠢᠶᠡᠨ ᠤ ᠲᠠᠪᠴᠠᠩ ᠳᠤ ᠶᠡᠭᠡ ᠪᠠᠷ ᠲᠠᠷᠬᠠᠵᠤ᠂ ᠰᠦᠯᠵᠢᠶ᠎ᠡ ᠠᠰᠢᠭᠯᠠᠭᠴᠢᠳ ᠤᠨ  ᠠᠩᠬᠠᠷᠤᠯ ᠢ ᠲᠠᠲᠠᠵᠤ᠂ ᠮᠠᠭᠤ ᠨᠥᠯᠥᠭᠡ ᠭᠠᠷᠭᠠᠭᠰᠠᠨ ᠪᠠᠶᠢᠨ᠎ᠠ᠃        ᠵᠢᠨᠠᠨ ᠤ ᠰᠦᠯᠵᠢᠶᠡᠨ ᠤ ᠠᠮᠤᠷ ᠲᠦᠪᠰᠢᠨ ᠤ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠠᠩᠬᠠᠷᠴᠤ᠂ ᠲᠡᠷᠡ ᠳᠠᠷᠤᠢ ᠳᠤᠨᠢ ᠬᠠᠷᠢᠶ᠎ᠠ ᠭᠠᠵᠠᠷ ᠤᠨ ᠬᠤᠪᠢᠶᠠᠷᠢ  ᠲᠣᠪᠴᠢᠶ᠎ᠠ ᠲᠠᠢ ᠬᠠᠮᠲᠤᠷᠠᠨ ᠮᠥᠷᠳᠡᠨ ᠪᠠᠶᠢᠴᠠᠭᠠᠯᠲᠠ ᠬᠢᠵᠡᠢ᠃        ᠬᠢᠨᠠᠨ ᠪᠠᠶᠢᠴᠠᠭᠠᠭᠰᠠᠨ ᠢᠶᠠᠷ᠂ ᠲᠣᠰ ᠮᠡᠳᠡᠭᠡ ᠵᠠᠩᠭᠢ ᠶᠢ ᠨᠡᠶᠢᠲᠡᠯᠡᠬᠦ ᠶᠢᠨ ᠤᠷᠢᠳ ᠬᠤᠵᠢᠳ᠂ ᠲᠤᠬᠠᠢ ᠶᠢᠨ ᠭᠠᠵᠠᠷ ᠲᠤ ᠡᠮᠡᠭᠲᠡᠢ ᠰᠣᠷᠣᠭᠴᠢ ᠵᠣᠳᠣᠭᠳᠠᠭᠰᠠᠨ  ᠶᠠᠪᠤᠳᠠᠯ ᠶᠡᠷᠦ ᠠᠴᠠ ᠭᠠᠷᠤᠭᠰᠠᠨ ᠦᠭᠡᠢ ᠶᠤᠮ ᠪᠠᠶᠢᠨ᠎ᠠ᠃ ᠺᠠᠩ ᠣᠪᠣᠭᠲᠤ ᠵᠡᠷᠭᠡ ᠬᠥᠮᠥᠰ ᠳᠠᠭᠠᠭᠴᠢᠳ ᠤᠨ ᠢᠶᠠᠨ ᠲᠤᠭ᠎ᠠ ᠶᠢ ᠨᠡᠮᠡᠭᠳᠡᠭᠦᠯᠵᠦ᠂ ᠬᠥᠮᠥᠰ ᠤᠨ  ᠠᠩᠬᠠᠷᠤᠯ ᠢ ᠲᠠᠲᠠᠬᠤ ᠶᠢᠨ ᠲᠥᠯᠥᠭᠡ ᠰᠦᠯᠵᠢᠶᠡᠨ ᠳᠡᠭᠡᠷ᠎ᠡ ᠠᠴᠠ ᠡᠷᠢᠵᠦ ᠣᠯᠣᠭᠰᠠᠨ ᠸᠢᠳᠢᠤ᠋ ᠶᠢ ᠬᠠᠶᠢᠴᠢᠯᠠᠨ ᠨᠠᠶᠢᠷᠠᠭᠤᠯᠵᠤ᠂ ᠥᠰᠥᠭ ᠲᠠᠭᠠᠷᠠᠭᠤᠯᠵᠤ᠂  ᠥᠪᠡᠷ ᠤᠨ ᠢᠶᠠᠨ ᠰᠦᠯᠵᠢᠶᠡᠨ ᠲᠠᠩᠰᠠᠨ ᠳᠤ ᠳᠠᠮᠵᠢᠭᠤᠯᠤᠨ ᠲᠠᠷᠬᠠᠭᠠᠵᠤ᠂ ᠲᠣᠰ ᠭᠠᠵᠠᠷ ᠲᠤ ᠡᠭᠦᠰᠦᠭᠰᠡᠨ ᠭᠡᠵᠦ ᠴᠤᠤᠷᠬᠠᠯ ᠲᠠᠷᠬᠠᠭᠠᠭᠰᠠᠨ ᠪᠠᠶᠢᠨ᠎ᠠ᠃        ᠡᠭᠦᠨ ᠠᠴᠠ ᠭᠠᠳᠠᠨ᠎ᠠ᠂ ᠲᠡᠷᠡ ᠪᠠᠰᠠ ︽ᠨᠢᠭᠡᠨ ᠶᠡᠭᠡ ᠰᠤᠷᠭᠠᠭᠤᠯᠢ ᠶᠢᠨ ᠾᠧ ᠣᠪᠣᠭᠲᠤ︾ ᠵᠡᠷᠭᠡ ᠱᠠᠯᠢᠭ ᠵᠠᠪᠬᠠᠢ ᠵᠦᠢᠯ ᠳᠤ ᠬᠤᠯᠪᠣᠭᠳᠠᠭᠰᠠᠨ᠂ ᠬᠤᠳᠠᠯ  ᠬᠠᠭᠤᠷᠮᠠᠭ ᠸᠢᠳᠢᠤ᠋ ᠶᠢ 300 ᠭᠠᠷᠤᠢ ᠬᠠᠶᠢᠴᠢᠯᠠᠨ ᠨᠡᠶᠢᠯᠡᠭᠦᠯᠵᠦ ᠠᠪᠤᠭᠰᠠᠨ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠣᠯᠵᠤ ᠮᠠᠲᠠᠵᠠᠢ᠃  ᠪᠠᠶᠢᠴᠠᠭᠠᠯᠲᠠ ᠶᠢ ᠦᠨᠳᠦᠰᠦᠯᠡᠪᠡᠯ᠂ ᠺᠠᠩ ᠣᠪᠣᠭᠲᠤ ᠰᠦᠯᠵᠢᠶᠡᠨ ᠳᠡᠭᠡᠷ᠎ᠡ ᠵᠣᠭᠤᠭᠳᠠᠬᠤ ᠳᠠᠩᠰᠠ ᠶᠢ ᠶᠡᠭᠡ ᠬᠡᠮᠵᠢᠶ᠎ᠡ ᠪᠠᠷ ᠬᠤᠳᠠᠯᠳᠤᠨ ᠠᠪᠴᠤ᠂ ᠮᠢᠩᠭ᠎ᠠ ᠭᠠᠷᠤᠢ  ᠴᠤᠭᠯᠠᠷᠠᠯ ᠪᠠᠶᠢᠭᠤᠯᠵᠠᠢ᠃ ᠲᠡᠷᠡ ᠬᠢᠯᠢ ᠶᠢᠨ ᠭᠠᠳᠠᠨᠠᠬᠢ ᠰᠦᠯᠵᠢᠶᠡᠨ ᠳᠡᠭᠡᠷ᠎ᠡ ᠠᠴᠠ ᠱᠠᠯᠢᠭ ᠵᠠᠪᠠᠭ᠋ᠠᠢ᠂ ᠴᠤᠤᠷᠬᠠᠯ ᠸᠢᠳᠢᠤ᠋ ᠶᠢ ᠴᠤᠭᠯᠠᠭᠤᠯᠵᠤ᠂ ᠪᠠᠭᠤᠯᠭᠠᠨ ᠠᠪᠴᠤ᠂  ᠡᠮᠬᠢᠳᠬᠡᠨ ᠨᠠᠶᠢᠷᠠᠭᠤᠯᠵᠤ᠂ ᠴᠤᠭᠯᠠᠷᠠᠯ ᠪᠠᠶᠢᠭᠤᠯᠤᠨ ᠳᠠᠮᠵᠢᠭᠤᠯᠤᠨ ᠲᠠᠷᠬᠠᠭᠠᠵᠤ᠂ ᠰᠦᠯᠵᠢᠶᠡᠨ ᠳᠡᠭᠡᠷ᠎ᠡ ᠶᠡᠭᠡ ᠪᠠᠷ ᠨᠡᠶᠢᠲᠡᠯᠡᠵᠦ᠂ ᠰᠦᠯᠵᠢᠶ᠎ᠡ ᠠᠰᠢᠭᠯᠠᠭᠴᠢᠳ ᠢ  ᠲᠡᠳᠡᠨ ᠣᠷᠣᠭᠤᠯᠵᠠᠢ᠃ ᠴᠤᠭᠯᠠᠷᠠᠯ ᠨᠢᠭᠡᠪᠦᠷᠢ ᠨᠢ ᠪᠠᠷᠤᠭ 500 ︱ 2000 ᠬᠥᠮᠥᠨ ᠲᠠᠢ᠂ ᠲᠣᠰ ᠪᠦᠯᠬᠦᠮ ᠨᠢ ᠪᠠᠰᠠ ᠴᠤᠭᠯᠠᠷᠠᠯ ᠳᠤ ᠣᠷᠣᠭᠰᠠᠨ ᠬᠥᠮᠥᠨ  ᠨᠢᠭᠡᠪᠦᠷᠢ ᠶᠢ 1.2 ︱ 1.5 ᠲᠥᠭᠦᠷᠢᠭ ᠤᠨ ᠠᠳᠠᠯᠢ ᠪᠤᠰᠤ ᠦᠨ᠎ᠡ ᠪᠠᠷ ᠬᠤᠳᠠᠯᠳᠤᠨ᠂ ᠡᠴᠦᠰ ᠲᠡᠭᠡᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ  ᠲᠠᠪᠴᠠᠩ ᠳᠤ ᠣᠷᠣᠭᠤᠯᠵᠤ᠂ ᠬᠠᠤᠯᠢ ᠪᠤᠰᠤ ᠪᠠᠷ ᠣᠯᠣᠭᠰᠠᠨ ᠠᠰᠢᠭ ᠨᠢ 100 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃        ᠡᠴᠦᠰ ᠲᠤ᠂ ᠵᠢᠨᠠᠨ ᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠰ ᠡᠪᠰᠡᠯ ᠪᠦᠯᠦᠭ ᠤᠨ ᠺᠠᠩ ᠣᠪᠣᠭᠲᠤ ᠵᠡᠷᠭᠡ  ᠬᠠᠤᠯᠢ ᠶᠢ ᠵᠥᠷᠢᠴᠡᠭᠰᠡᠨ 5 ᠰᠡᠵᠢᠭᠲᠡᠨ ᠢ ᠨᠢᠭᠡ ᠯᠡ ᠳᠡᠭᠡᠷ᠎ᠡ ᠪᠠᠷᠢᠪᠴᠢᠯᠠᠵᠤ᠂ ᠲᠡᠭᠦᠨ ᠤ 1000 ᠭᠠᠷᠤᠢ ᠴᠤᠭᠯᠠᠷᠠᠯ ᠪᠠᠶᠢᠭᠤᠯᠤᠭᠰᠠᠨ᠂ 30 ᠭᠠᠷᠤᠢ ᠲᠦᠮᠡᠨ  ᠵᠤᠷᠪᠤᠰ ᠱᠠᠯᠢᠭ ᠵᠠᠪᠬᠠᠢ ᠬᠤᠳᠠᠯ ᠬᠠᠭᠤᠷᠮᠠᠭ ᠮᠡᠳᠡᠭᠡ ᠵᠠᠩᠭᠢ ᠲᠠᠷᠬᠠᠭᠠᠭᠰᠠᠨ᠂ 50 ᠭᠠᠷᠤᠢ ᠲᠦᠮᠡᠨ ᠬᠥᠮᠥᠨ ᠢ ᠲᠡᠳᠡᠨ ᠠᠪᠴᠢᠷᠠᠭᠰᠠᠨ᠂ 100 ᠲᠦᠮᠡᠨ  ᠲᠥᠭᠦᠷᠢᠭ ᠤᠨ ᠠᠰᠢᠭ ᠣᠯᠵᠠᠪᠤᠷᠢ ᠣᠯᠣᠭᠰᠠᠨ ᠬᠠᠤᠯᠢ ᠶᠢ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠲᠣᠳᠣᠯᠠᠵᠠᠢ᠃        ᠣᠳᠣᠬᠠᠨ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠺᠠᠩ ᠣᠪᠣᠭᠲᠤ ᠵᠡᠷᠭᠡ 5 ᠬᠥᠮᠥᠨ ᠳᠤ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ  ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠬᠡᠷᠡᠭ ᠢ ᠴᠢᠨᠠᠭᠰᠢᠳᠠ ᠮᠥᠷᠳᠡᠨ ᠰᠢᠢᠳᠪᠦᠷᠢᠯᠡᠵᠦ ᠪᠠᠶᠢᠨ᠎ᠠ᠃        ᠬᠤᠳᠠᠯ ᠬᠠᠭᠤᠷᠮᠠᠭ ᠮᠡᠳᠡᠭᠡ ᠵᠠᠩᠭᠢ ᠶᠢ ᠵᠣᠬᠢᠶᠠᠬᠤ ᠪᠤᠶᠤ ᠵᠣᠷᠢᠭᠤᠳᠠ ᠲᠠᠷᠬᠠᠭᠠᠵᠤ᠂ ᠰᠦᠯᠵᠢᠶ᠎ᠡ ᠶᠢ ᠠᠰᠢᠭᠯᠠᠨ ᠮᠠᠭᠤ ᠬᠡᠷᠡᠭ ᠦᠢᠯᠡᠳᠪᠡᠯ᠂ ᠬᠥᠩᠭᠡᠨ ᠪᠣᠯ  ᠡᠷᠬᠡ ᠳᠤ ᠬᠠᠯᠳᠠᠭᠰᠠᠨ ᠬᠠᠷᠢᠭᠤᠴᠠᠯᠭ᠎ᠠ ᠡᠭᠦᠷᠭᠡᠯᠡᠵᠦ᠂ ᠬᠦᠨᠳᠦ ᠪᠣᠯ ᠵᠣᠭᠤᠰ ᠢᠶᠠᠷ ᠲᠣᠷᠭᠠᠵᠤ ᠲᠦᠷ ᠬᠤᠷᠢᠵᠤ᠂ ᠴᠢᠨᠠᠭᠰᠢᠯᠠᠪᠠᠯ ᠶᠠᠯ᠎ᠠ ᠬᠢᠭᠰᠡᠨ ᠳᠤ ᠲᠣᠭᠠᠴᠠᠭᠳᠠᠨ᠎ᠠ  ᠭᠡᠵᠦ ᠰᠦᠯᠵᠢᠶᠡᠨ ᠤ ᠴᠠᠭᠳᠠᠭ᠎ᠠ ᠰᠠᠨᠠᠭᠤᠯᠵᠤ ᠪᠠᠶᠢᠨ᠎ᠠ᠃  
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号