ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠲᠦᠩᠯᠢᠶᠣᠣ ᠬᠤᠲᠠ ᠶᠢᠨ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠨ ᠰᠢᠢᠳᠪᠦᠷᠢᠯᠡᠬᠦ ᠶᠢ | ᠬᠡᠷᠡᠭᠵᠢᠭᠦᠯᠬᠦ ᠳᠦᠷᠢᠮ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ 2023 ᠣᠨ ᠤ 8 ᠳ᠋ᠤᠭᠠᠷ ᠰᠠᠷ᠎ᠠ ᠶᠢᠨ 22 ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠲᠦᠩᠯᠢᠶᠣᠣ ᠬᠤᠲᠠ ᠶᠢᠨ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠨ ᠰᠢᠢᠳᠪᠦᠷᠢᠯᠡᠬᠦ ᠶᠢ ᠬᠡᠷᠡᠭᠵᠢᠭᠦᠯᠬᠦ | ᠳᠦᠷᠢᠮ ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠭᠠᠯ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠣᠯᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠤᠯᠠᠮ ᠨᠢᠭᠡ | ᠠᠯᠬᠤᠮ ᠴᠢᠩᠭᠠᠳᠬᠠᠨ ᠰᠠᠶᠢᠵᠢᠷᠠᠭᠤᠯᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠯ ᠰᠡᠷᠭᠡᠶᠢᠯᠡᠯᠲᠡ ᠶᠢᠨ ᠬᠠᠤᠯᠢ︾᠂ ︽ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠵᠡᠷᠭᠡ ᠬᠠᠤᠯᠢ | ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠮᠠᠨ ᠤ ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠭᠠᠯ ᠤᠨ ᠠᠳᠡᠯ ᠭᠡᠳᠡᠭ ᠨᠢ ᠦᠢᠯᠡᠳᠪᠦᠷᠢᠯᠡᠯ | ᠡᠵᠡᠩᠨᠡᠯᠲᠡ ᠪᠤᠶᠤ ᠡᠳᠦᠷ ᠲᠤᠳᠤᠮ ᠤᠨ ᠠᠮᠢᠳᠤᠷᠠᠯ ᠤᠨ ᠳᠤᠮᠳᠠ ᠡᠭᠦᠰᠦᠭᠰᠡᠨ ᠰᠢᠲᠠᠯᠲᠠ ᠪᠠᠷ ᠭᠤᠣᠯ ᠢᠯᠡᠷᠡᠯ | ᠪᠣᠯᠭᠠᠭᠰᠠᠨ ᠰᠠᠨᠠᠭᠠᠨ ᠳᠤ ᠦᠭᠡᠢ ᠠᠴᠠ ᠪᠣᠯᠤᠭᠰᠠᠨ ᠭᠠᠢ ᠭᠠᠮᠰᠢᠭ ᠤᠨ ᠠᠳᠡᠯ ᠢ ᠵᠢᠭᠠᠵᠤ ᠪᠠᠶᠢᠨ᠎ᠠ᠃ ᠭᠠᠯ ᠤᠨ | ᠠᠳᠡᠯ ᠤᠨ ᠲᠡᠰ ᠤᠨ ᠪᠠᠷᠢᠮᠵᠢᠶ᠎ᠠ ᠶᠢ ᠳᠣᠲᠣᠭᠠᠳᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ ᠤᠨ ᠳᠠᠷᠤᠮᠠᠯᠯᠠᠨ | ᠲᠠᠷᠬᠠᠭᠠᠭᠰᠠᠨ ︽ᠭᠠᠯ ᠤᠨ ᠠᠶᠤᠯ ᠤᠨ ᠲᠡᠰ ᠤᠨ ᠪᠠᠷᠢᠮᠵᠢᠶ᠎ᠠ ᠶᠢ ᠲᠣᠬᠢᠷᠠᠭᠤᠯᠬᠤ ᠲᠤᠬᠠᠢ ᠮᠡᠳᠡᠭᠳᠡᠯ︾ ︵ᠳᠣᠲᠣᠭᠠᠳᠤ | ᠭᠠᠯ ﹇2007﹈ 234 ᠳ᠋ᠦ᠋ᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠡᠩ ᠤᠨ ᠭᠠᠯ ᠤᠨ ᠠᠳᠡᠯ᠂ ᠨᠡᠯᠢᠶᠡᠳ | ᠶᠡᠭᠡ ᠭᠠᠯ ᠤᠨ ᠠᠳᠡᠯ᠂ ᠬᠦᠨᠳᠦ ᠶᠡᠭᠡ ᠭᠠᠯ ᠤᠨ ᠠᠳᠡᠯ᠂ ᠣᠨᠴᠠ ᠶᠡᠭᠡ ᠭᠠᠯ ᠤᠨ ᠠᠳᠡᠯ ᠭᠡᠵᠦ ᠬᠤᠪᠢᠶᠠᠨ᠎ᠠ᠃ | ᠭᠤᠷᠪᠠᠳᠤᠭᠠᠷ ᠵᠦᠢᠯ ᠲᠤᠰ ᠳᠦᠷᠢᠮ ᠲᠦᠩᠯᠢᠶᠣᠣ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠳᠤ ᠲᠣᠬᠢᠷᠠᠨ᠎ᠠ᠃ ᠳᠣᠣᠷ᠎ᠠ ᠵᠢᠭᠰᠠᠭᠠᠭᠰᠠᠨ ᠪᠠᠶᠢᠳᠠᠯ ᠤᠨ | ᠨᠢᠭᠡ ᠨᠢ ᠪᠠᠶᠢᠪᠠᠯ᠂ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠪᠴᠢᠶᠡᠨ ᠳᠤ | ᠣᠷᠣᠭᠤᠯᠬᠤ ᠦᠭᠡᠢ᠄ | ︵ᠨᠢᠭᠡ︶ ᠲᠡᠮᠦᠷ ᠵᠡᠮ᠂ ᠣᠰᠣᠨ ᠵᠠᠮ᠂ ᠠᠭᠠᠷ ᠤᠨ ᠠᠶᠠᠯᠠᠯ ᠤᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ | ᠣᠷᠣᠨ ᠳᠠᠬᠢ ᠭᠠᠯ ᠤᠨ ᠠᠳᠡᠯ︔ | ︵ᠬᠤᠶᠠᠷ︶ ᠠᠶᠤᠯᠲᠠᠢ ᠬᠢᠮᠢ ᠶᠢᠨ ᠪᠣᠳᠠᠰ᠂ ᠬᠤᠸᠠᠷ ᠫᠤᠤᠵᠢᠩ᠂ ᠠᠭᠤᠷᠬᠠᠢ ᠶᠢᠨ ᠬᠤᠳᠳᠤᠭ ᠤᠨ ᠭᠠᠵᠠᠷ | ᠳᠣᠣᠷᠠᠬᠢ ᠬᠡᠰᠡᠭ ᠵᠡᠷᠭᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠭᠠᠷᠤᠭᠰᠠᠨ ᠭᠠᠯ ᠤᠨ ᠠᠳᠡᠯ︔ | ︵ᠭᠤᠷᠪᠠ︶ ᠮᠠᠰᠢᠨ ᠲᠡᠷᠭᠡ ᠠᠶᠠᠯᠠᠬᠤ ᠶᠠᠪᠤᠴᠠ ᠳᠤ ᠪᠠᠨ ᠮᠥᠷᠭᠦᠯᠳᠦᠬᠦ᠂ ᠱᠦᠷᠭᠦᠭᠡᠬᠦ᠂ ᠬᠥᠷᠪᠡᠬᠦ ᠠᠴᠠ ᠪᠣᠯᠵᠤ | ᠰᠢᠭᠤᠳ ᠭᠠᠯ ᠭᠠᠷᠤᠭᠰᠠᠨ ᠠᠳᠡᠯ︔ | ︵ᠲᠦᠢᠷᠪᠡ︶ ᠴᠡᠷᠢᠭ ᠤᠨ ᠲᠥᠬᠦᠭᠡᠷᠦᠮᠵᠢ ᠳᠤ ᠭᠠᠷᠤᠭᠰᠠᠨ ᠭᠠᠯ ᠤᠨ ᠠᠳᠡᠯ︔ | ︵ᠲᠠᠪᠤ︶ ᠨᠤᠲᠤᠭ ᠪᠡᠯᠴᠢᠭᠡᠷ᠂ ᠤᠢ ᠰᠢᠭᠤᠢ ᠶᠢᠨ ᠭᠠᠯ ᠤᠨ ᠠᠳᠡᠯ︔ | ︵ᠵᠢᠷᠭᠤᠭ᠎ᠠ︶ ᠭᠠᠯ ᠲᠠᠯᠪᠢᠬᠤ᠂ ᠪᠡᠶ᠎ᠡ ᠪᠠᠨ ᠬᠤᠣᠷᠯᠠᠬᠤ᠂ ᠪᠡᠶ᠎ᠡ ᠪᠠᠨ ᠰᠢᠲᠠᠭᠠᠬᠤ ᠵᠡᠷᠭᠡ ᠵᠣᠷᠢᠭᠤᠳᠠ ᠤᠢᠢᠯᠠ | ᠠᠵᠢᠯᠯᠠᠭ᠎ᠠ ᠠᠴᠠ ᠪᠣᠯᠵᠤ ᠤᠯᠡᠠ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠡᠷᠡᠭᠦᠦ ᠶᠢᠨ ᠬᠡᠷᠡᠭ ᠪᠤᠶᠤ ᠠᠮᠤᠷ ᠢ ᠬᠠᠮᠠᠭᠠᠯᠠᠬᠤ ᠬᠡᠷᠡᠭ ᠢᠶᠠᠷ | ᠰᠢᠢᠳᠪᠦᠷᠢᠯᠡᠭᠰᠡᠨ ᠭᠠᠯ ᠤᠨ ᠭᠠᠮᠰᠢᠭ᠃ | ᠳᠥᠷᠪᠡᠳᠦᠭᠡᠷ ᠵᠦᠢᠯ ᠭᠠᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠰᠢᠨᠵᠢᠯᠡᠬᠦ ᠤᠬᠠᠭᠠᠨᠴᠢ ᠴᠢᠩᠭ᠎ᠠ | ᠨᠢᠮᠪᠠᠢ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠠᠳᠡᠯ ᠤᠨ ᠡᠭᠦᠰᠦᠯ᠂ ᠠᠳᠡᠯ ᠤᠨ ᠰᠢᠯᠲᠠᠭᠠᠨ ᠪᠣᠯᠣᠨ ᠠᠳᠡᠯ ᠤᠨ | ᠬᠤᠬᠢᠷᠠᠯ ᠢ ᠴᠠᠭ ᠲᠤᠬᠠᠢ ᠳᠤᠨᠢ᠂ ᠣᠨᠣᠪᠴᠢᠲᠠᠶ ᠪᠠᠶᠢᠴᠠᠭᠠᠨ ᠲᠣᠳᠣᠯᠠᠵᠤ᠂ ᠠᠳᠡᠯ ᠤᠨ ᠰᠢᠨᠵᠢ ᠴᠢᠨᠠᠷ ᠢ ᠪᠠᠶᠢᠴᠠᠭᠠᠨ | ᠲᠣᠳᠣᠯᠠᠵᠤ᠂ ᠠᠳᠡᠯ ᠤᠨ ᠬᠠᠷᠢᠭᠤᠴᠠᠯᠭ᠎ᠠ ᠶᠢ ᠲᠣᠭᠲᠠᠭᠠᠵᠤ᠂ ᠠᠳᠡᠯ ᠠᠴᠠ ᠰᠤᠷᠭᠠᠮᠵᠢ ᠪᠠᠨ ᠳ᠋ᠦᠩᠨᠡᠵᠦ ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ ᠶᠢᠨ ᠬᠠᠮᠲᠤ ᠠᠳᠡᠯ ᠤᠨ ᠬᠠᠷᠢᠭᠤᠴᠠᠯᠭᠠᠲᠤ ᠬᠥᠮᠥᠨ ᠠᠴᠠ ᠳᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠶᠠᠮᠠᠷᠪᠠ ᠨᠢᠭᠡᠴᠡ | ᠪᠣᠯᠣᠨ ᠬᠤᠪᠢ ᠬᠥᠮᠥᠨ ᠭᠡᠳ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ ᠬᠠᠷᠰᠢᠯᠠᠬᠤ ᠪᠠ | ᠬᠠᠤᠯᠢ ᠪᠤᠰᠤ ᠪᠠᠷ ᠭᠠᠷ ᠲᠥᠷᠥᠵᠦ ᠪᠣᠯᠬᠤ ᠦᠭᠡᠢ᠃ ᠬᠤᠶᠠᠳᠤᠭᠠᠷ ᠪᠦᠯᠦᠭ ᠭᠠᠯ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠠ ᠬᠡᠷᠡᠭᠵᠢᠭᠦᠯᠬᠦ | ᠲᠠᠪᠤᠳᠤᠭᠠᠷ ᠵᠦᠢᠯ ᠭᠠᠯ ᠤᠨ ᠠᠳᠡᠯ ᠭᠠᠷᠤᠭᠰᠠᠨ ᠤ ᠲᠠᠷᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠭᠠᠯ ᠤᠨ ᠠᠳᠡᠯ ᠤᠨ ᠲᠡᠰ ᠤᠨ ᠪᠠᠷᠢᠮᠵᠢᠶ᠎ᠠ ᠶᠢ ᠦᠨᠳᠦᠰᠦᠯᠡᠨ᠂ ᠳᠣᠣᠷᠠᠬᠢ ᠮᠡᠲᠦ ᠠᠳᠡᠯ ᠢ | ᠪᠠᠶᠢᠴᠠᠭᠠᠬᠤ ᠡᠷᠬᠡ ᠮᠡᠳᠡᠯ ᠤᠨ ᠶᠣᠰᠣᠭᠠᠷ᠂ 3 ᠡᠳᠦᠷ ᠤᠨ ᠳᠣᠲᠣᠷ᠎ᠠ ᠪᠠᠶᠢᠴᠠᠭᠠᠬᠤ ᠡᠷᠬᠡ ᠮᠡᠳᠡᠯ ᠲᠠᠢ ᠠᠷᠠᠳ ᠤᠨ | ᠵᠠᠰᠠᠭ ᠤᠨ ᠣᠷᠳᠣᠨ ᠳᠤ ᠳᠡᠪᠰᠢᠭᠦᠯᠦᠨ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠳᠤᠭᠤᠶᠢᠯᠠᠩ ︵ | ᠳᠣᠷᠣᠭᠰᠢ ᠪᠠᠶᠢᠴᠠᠭᠠᠬᠤ ᠳᠤᠭᠤᠶᠢᠯᠠᠩ ᠭᠡᠵᠦ ᠲᠣᠪᠴᠢᠯᠠᠨ᠎ᠠ︶ ᠪᠠᠶᠢᠭᠤᠯᠬᠤ ᠬᠡᠷᠡᠭᠲᠡᠢ᠄ | ︵ᠨᠢᠭᠡ︶ ᠬᠥᠮᠥᠨ ᠬᠠᠷ᠎ᠠ ᠦᠬᠦᠭᠰᠡᠨ ᠪᠤᠶᠤ ᠨᠡᠶᠢᠭᠡᠮ ᠳᠤ ᠨᠥᠯᠥᠭᠡ ᠦᠵᠡᠭᠦᠯᠦᠭᠰᠡᠨ ᠡᠩ ᠤᠨ ᠭᠠᠯ ᠤᠨ | ᠠᠳᠡᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠪᠠᠶᠢᠴᠠᠭᠠᠬᠤ | ᠳᠤᠭᠤᠶᠢᠯᠠᠩ ᠪᠠᠶᠢᠭᠤᠯᠤᠨ᠎ᠠ︔ | ︵ᠬᠤᠶᠠᠷ︶ ᠨᠡᠯᠢᠶᠡᠳ ᠶᠡᠭᠡ ᠭᠠᠯ ᠤᠨ ᠠᠳᠡᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠎ᠠ︔ | ︵ᠭᠤᠷᠪᠠ︶ ᠬᠦᠨᠳᠦ ᠶᠡᠭᠡ ᠠᠴᠠ ᠳᠡᠭᠡᠭᠰᠢᠬᠢ ᠭᠠᠯ ᠤᠨ ᠠᠳᠡᠯ ᠭᠠᠷᠪᠠᠯ᠂ ᠠᠳᠡᠯ ᠭᠠᠷᠤᠭᠰᠠᠨ ᠭᠠᠵᠠᠷ ᠤᠨ | ᠠᠷᠠᠳ ᠤᠨ ᠵᠠᠰᠠᠭ ᠤᠨ ᠣᠷᠳᠣᠨ ᠳᠡᠭᠡᠳᠦ ᠱᠠᠲᠤᠨ ᠤ ᠵᠠᠰᠠᠭ ᠤᠨ ᠣᠷᠳᠣᠨ ᠤ ᠭᠠᠯ ᠤᠨ ᠠᠳᠡᠯ ᠢ ᠪᠠᠶᠢᠴᠠᠭᠠᠬᠤ | ᠳᠤᠭᠤᠶᠢᠯᠠᠩ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠨ ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ | ᠬᠡᠷᠡᠭᠲᠡᠢ᠃ | ᠭᠠᠯ ᠤᠨ ᠠᠳᠡᠯ ᠭᠠᠷᠤᠭᠰᠠᠨ ᠡᠳᠦᠷ ᠠᠴᠠ ᠡᠬᠢᠯᠡᠨ 7 ᠡᠳᠦᠷ ᠤᠨ ᠳᠣᠲᠣᠷ᠎ᠠ᠂ ᠭᠠᠯ ᠤᠨ ᠠᠳᠡᠯ ᠤᠨ | ᠦᠬᠦᠵᠦ ᠰᠢᠷᠬᠠᠲᠤᠭᠰᠠᠨ ᠬᠥᠮᠥᠨ ᠤ ᠲᠤᠭ᠎ᠠ ᠬᠤᠪᠢᠷᠠᠭᠰᠠᠨ ᠠᠴᠠ ᠪᠣᠯᠵᠤ ᠭᠠᠯ ᠤᠨ ᠠᠳᠡᠯ ᠤᠨ ᠲᠡᠰ ᠲᠤ | ᠬᠤᠪᠢᠷᠠᠯᠲᠠ ᠭᠠᠷᠤᠭᠰᠠᠨ ᠪᠠᠶᠢᠪᠠᠯ᠂ ᠲᠤᠰ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠵᠣᠬᠢᠴᠠᠩᠭᠤᠢ | ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠪᠠᠶᠢᠴᠠᠭᠠᠵᠤ ᠰᠢᠢᠳᠪᠦᠷᠢᠯᠡᠨ᠎ᠡ᠃ | ᠬᠥᠮᠥᠨ ᠬᠠᠷ᠎ᠠ ᠦᠬᠦᠵᠦ ᠰᠢᠷᠬᠠᠲᠤᠭᠰᠠᠨ ᠦᠭᠡᠢ ᠮᠥᠷᠲᠡᠭᠡᠨ ᠨᠡᠶᠢᠭᠡᠮ ᠳᠤ ᠨᠥᠯᠥᠭᠡ ᠦᠵᠡᠭᠦᠯᠦᠭᠰᠡᠨ | ᠦᠭᠡᠢ ᠡᠩ ᠤᠨ ᠭᠠᠯ ᠤᠨ ᠠᠳᠡᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠶᠢᠳᠠᠯ ᠢ | ᠨᠢ ᠦᠵᠡᠵᠦ ᠪᠠᠶᠢᠴᠠᠭᠠᠬᠤ ᠳᠤᠭᠤᠶᠢᠯᠠᠩ ᠪᠠᠶᠢᠭᠤᠯᠬᠤ ᠡᠰᠡᠬᠦ ᠶᠢ ᠲᠣᠭᠲᠠᠭᠠᠬᠤ ᠬᠡᠷᠡᠭᠲᠡᠢ᠃ | ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠭᠠᠯ ᠤᠨ ᠠᠳᠡᠯ ᠢ ᠬᠠᠮᠤᠭ ᠤᠨ ᠲᠦᠷᠦᠭᠦᠨ ᠳᠤ ᠭᠠᠯ | ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠲᠤᠰ ᠵᠦᠢᠯ ᠤᠨ ᠨᠢᠭᠡᠳᠦᠭᠡᠷ ᠪᠠᠳᠠᠭ ᠤᠨ | ᠠᠵᠢᠯ ᠤᠨ ᠬᠤᠪᠢᠶᠠᠷᠢᠯᠠᠯ ᠤᠨ ᠶᠣᠰᠣᠭᠠᠷ ᠬᠠᠷᠢᠭᠤᠴᠠᠨ ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠨ᠎ᠡ᠂ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠵᠢᠯᠴᠠᠨ᠎ᠠ᠃ | ᠬᠠᠷᠢᠶᠠᠯᠠᠯ ᠤᠨ ᠲᠤᠬᠠᠢ ᠮᠠᠷᠭᠤᠯᠳᠤᠭᠠᠨ ᠲᠠᠢ ᠪᠣᠯ᠂ ᠬᠠᠮᠲᠤ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠲᠣᠭᠲᠠᠭᠠᠯᠭᠠᠨ᠎ᠠ᠃ | ᠵᠢᠷᠭᠤᠳᠤᠭᠠᠷ ᠵᠦᠢᠯ ᠠᠷᠠᠳ ᠤᠨ ᠵᠠᠰᠠᠭ ᠤᠨ ᠣᠷᠳᠣᠨ ᠭᠠᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠪᠠᠷ ᠲᠦᠷᠦᠭᠦᠯᠡᠭᠦᠯᠦᠨ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ ᠪᠣᠯᠣᠨ᠎ᠠ᠂ ᠠᠷᠠᠳ ᠤᠨ | ᠵᠠᠰᠠᠭ ᠤᠨ ᠣᠷᠳᠣᠨ ᠪᠠᠶᠢᠴᠠᠭᠠᠬᠤ ᠳᠤᠭᠤᠶᠢᠯᠠᠩ ᠢ ᠰᠢᠭᠤᠳ ᠵᠣᠬᠢᠶᠠᠨ ᠪᠠᠶᠢᠭᠤᠯᠤᠨ ᠪᠠᠶᠢᠴᠠᠭᠠᠭᠰᠠᠨ ᠴᠦ ᠪᠣᠯᠣᠨ᠎ᠠ᠂ | ᠡᠭᠦᠨ ᠤ ᠬᠠᠮᠲᠤ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ | ᠠᠳᠡᠯ ᠢ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠠᠴᠠ | ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ ᠵᠢᠭᠠᠨ ᠲᠣᠭᠲᠠᠭᠠᠵᠤ᠂ ᠡᠩ ᠤᠨ ᠪᠠᠶᠢᠳᠠᠯ ᠳᠤ ᠠᠷᠠᠳ ᠤᠨ ᠵᠠᠰᠠᠭ ᠤᠨ | ᠣᠷᠳᠣᠨ ᠤ ᠭᠠᠯ ᠰᠡᠷᠭᠡᠶᠢᠯᠡᠬᠦ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠠᠴᠠ ᠡᠭᠦᠷᠭᠡᠯᠡᠵᠦ᠂ | ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠭᠦᠷᠭᠡᠯᠡᠨ᠎ᠡ︔ ᠠᠷᠠᠳ ᠤᠨ ᠵᠠᠰᠠᠭ ᠤᠨ ᠣᠷᠳᠣᠨ ᠭᠠᠯ ᠤᠨᠲᠠᠷᠠᠭᠠᠵᠤ | ᠠᠪᠤᠷᠠᠨ ᠲᠤᠰᠠᠯᠠᠬᠤ ᠪᠠᠶᠢᠭᠤᠯᠤᠮᠵᠢ ᠳᠤ ᠡᠷᠬᠡ ᠣᠯᠭᠤᠵᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠭᠰᠠᠨ ᠪᠠᠶᠢᠪᠠᠯ᠂ | ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠭᠦᠷᠭᠡᠯᠡᠨ᠎ᠡ᠃ | ᠳᠣᠯᠣᠳᠤᠭᠠᠷ ᠵᠦᠢᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠴᠢᠬᠤᠯᠠ ᠲᠠᠢ ᠭᠡᠵᠦ | ᠦᠵᠡᠭᠰᠡᠨ ᠦᠶ᠎ᠡ ᠳᠤ᠂ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠨ ᠪᠠᠶᠢᠴᠠᠭᠠᠭᠰᠠᠨ | ᠭᠠᠯ ᠤᠨ ᠠᠳᠡᠯ ᠢ ᠪᠠᠶᠢᠴᠠᠭᠠᠵᠤ ᠪᠣᠯᠣᠨ᠎ᠠ᠃ | ᠨᠠᠢᠮᠠᠳᠤᠭᠠᠷ ᠵᠦᠢᠯ ᠪᠠᠶᠢᠴᠠᠭᠠᠬᠤ ᠳᠤᠭᠤᠶᠢᠯᠠᠩ ᠪᠠᠶᠢᠭᠤᠯᠬᠤ ᠳᠤ ᠪᠠᠨ ᠴᠣᠮᠬᠠᠨ᠂ ᠴᠢᠳᠠᠪᠤᠷᠢ ᠲᠠᠢ ᠪᠠᠶᠢᠬᠤ | ᠵᠠᠷᠴᠢᠮ ᠢ ᠵᠢᠷᠤᠮᠯᠠᠬᠤ ᠬᠡᠷᠡᠭᠲᠡᠢ᠃ | ᠭᠠᠯ ᠤᠨ ᠠᠳᠡᠯ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠢ | ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠂ | ᠲᠤᠰ ᠱᠠᠲᠤᠨ ᠤ ᠠᠵᠢᠯᠴᠢᠨ ᠤ ᠡᠪᠯᠡᠯ ᠵᠡᠷᠭᠡ ᠵᠢᠴᠢ ᠳᠣᠣᠷᠠᠳᠤ ᠱᠠᠲᠤᠨ ᠤ ᠬᠤᠯᠪᠣᠭᠳᠠᠯ ᠪᠦᠬᠦᠢ ᠠᠷᠠᠳ ᠤᠨ | ᠵᠠᠰᠠᠭ ᠤᠨ ᠣᠷᠳᠣᠨ ᠬᠥᠮᠥᠨ ᠲᠣᠮᠢᠯᠠᠨ ᠪᠦᠷᠢᠯᠳᠦᠭᠦᠯᠬᠦ ᠪᠥᠭᠡᠳ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢ ᠤᠷᠢᠵᠤ ᠬᠥᠮᠥᠨ ᠲᠣᠮᠢᠯᠠᠨ ᠣᠷᠣᠯᠴᠠᠭᠤᠯᠬᠤ | ᠬᠡᠷᠡᠭᠲᠡᠢ᠃ | ᠭᠠᠯ ᠤᠨ ᠠᠳᠡᠯ ᠢ ᠪᠠᠶᠢᠴᠠᠭᠠᠬᠤ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠢ ᠵᠢᠭᠠᠨ ᠲᠣᠭᠲᠠᠭᠠᠵᠤ ᠠᠵᠢᠯᠲᠠᠨ ᠲᠣᠮᠢᠯᠠᠭᠤᠯᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ | ᠤᠷᠢᠵᠤ ᠪᠠᠶᠢᠴᠠᠭᠠᠯᠲᠠ ᠲᠤ ᠣᠷᠣᠯᠴᠠᠭᠤᠯᠵᠤ ᠪᠣᠯᠣᠨ᠎ᠠ᠃ | ᠪᠠᠶᠢᠴᠠᠭᠠᠬᠤ ᠳᠤᠭᠤᠶᠢᠯᠠᠩ ᠨᠢ ᠬᠡᠷᠡᠭᠴᠡᠭᠡ ᠪᠠᠨ ᠦᠨᠳᠦᠰᠦᠯᠡᠨ ᠬᠠᠤᠯᠢ ᠶᠣᠰᠣᠭᠠᠷ ᠪᠠᠶᠢᠭᠤᠯᠤᠭᠰᠠᠨ ᠦᠨ᠎ᠡ | ᠬᠠᠩᠰᠢ ᠶᠢ ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠭᠠᠯ ᠤᠨ ᠠᠳᠡᠯ ᠤᠨ ᠰᠢᠭᠤᠳ ᠡᠳ᠋ | ᠬᠥᠷᠥᠩᠭᠡ ᠶᠢᠨ ᠬᠤᠬᠢᠷᠠᠯ ᠶᠢ ᠮᠠᠭᠠᠳᠯᠠᠨ ᠲᠣᠭᠲᠠᠭᠠᠯᠭᠠᠵᠤ ᠪᠣᠯᠣᠨ᠎ᠠ᠃ | ᠶᠢᠰᠦᠳᠦᠭᠡᠷ ᠵᠦᠢᠯ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠨᠢ ᠭᠠᠯ ᠤᠨ ᠠᠳᠡᠯ ᠤᠨ | ᠬᠠᠷᠢᠭᠤᠴᠠᠯᠭ᠎ᠠ ᠶᠢ ᠪᠠᠶᠢᠴᠠᠭᠠᠬᠤ ᠳᠤ ᠱᠠᠭᠠᠷᠳᠠᠭᠳᠠᠬᠤ ᠮᠡᠳᠡᠯᠭᠡ ᠪᠠ ᠲᠤᠰᠬᠠᠢ ᠮᠡᠷᠭᠡᠵᠢᠯ ᠲᠠᠢ ᠪᠠᠶᠢᠬᠤ ᠬᠡᠷᠡᠭᠲᠡᠢ | ᠪᠥᠭᠡᠳ ᠪᠠᠶᠢᠴᠠᠭᠠᠭᠰᠠᠨ ᠠᠳᠡᠯ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠦᠭᠡᠢ ᠪᠠᠶᠢᠬᠤ ᠬᠡᠷᠡᠭᠲᠡᠢ᠃ | ᠠᠷᠪᠠᠳᠤᠭᠠᠷ ᠵᠦᠢᠯ ᠪᠠᠶᠢᠴᠠᠭᠠᠬᠤ ᠳᠤᠭᠤᠶᠢᠯᠠᠩ ᠳᠠᠷᠠᠭᠠᠬᠢ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ | ᠬᠡᠷᠡᠭᠲᠡᠢ᠄ | ︵ᠨᠢᠭᠡ︶ ᠭᠠᠯ ᠤᠨ ᠠᠳᠡᠯ ᠭᠠᠷᠤᠭᠰᠠᠨ ᠥᠩᠭᠡᠷᠡᠯᠲᠡ᠂ ᠰᠢᠯᠲᠠᠭᠠᠨ᠂ ᠬᠥᠮᠥᠨ ᠬᠠᠷ᠎ᠠ ᠦᠬᠦᠵᠦ | ᠰᠢᠷᠬᠠᠲᠤᠭᠰᠠᠨ ᠪᠠᠶᠢᠳᠠᠯ ᠬᠢᠭᠡᠳ ᠠᠵᠤ ᠠᠬᠤᠢ ᠶᠢᠨ ᠰᠢᠭᠤᠳ ᠬᠤᠬᠢᠷᠠᠯ ᠢ ᠪᠠᠶᠢᠴᠠᠭᠠᠨ ᠲᠣᠳᠣᠯᠠᠬᠤ︔ | ︵ᠬᠤᠶᠠᠷ︶ ᠭᠠᠯ ᠠᠯᠳᠠᠭᠰᠠᠨ ᠠᠳᠡᠯ ᠤᠨ ᠰᠢᠨᠵᠢ ᠴᠢᠨᠠᠷ ᠪᠠ ᠭᠠᠯ ᠤᠨ ᠠᠳᠡᠯ ᠤᠨ ᠬᠠᠷᠢᠭᠤᠴᠠᠯᠭ᠎ᠠ ᠶᠢ | ᠮᠠᠭᠠᠳᠯᠠᠨ ᠲᠣᠭᠲᠠᠭᠠᠬᠤ︔ | ︵ᠭᠤᠷᠪᠠ︶ ᠭᠠᠯ ᠤᠨ ᠠᠳᠡᠯ ᠤᠨ ᠬᠠᠷᠢᠭᠤᠴᠠᠯᠭᠠᠲᠤ ᠬᠥᠮᠥᠨ ᠢ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ︔ | ︵ᠳᠥᠷᠪᠡ︶ ᠭᠠᠯ ᠤᠨ ᠠᠳᠡᠯ ᠤᠨ ᠰᠤᠷᠭᠠᠮᠵᠢ ᠶᠢ ᠳ᠋ᠦᠩᠨᠡᠵᠦ᠂ ᠰᠡᠷᠭᠡᠶᠢᠯᠡᠬᠦ ᠪᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠬᠤ︔ | ︵ᠲᠠᠪᠤ︶ ᠭᠠᠯ ᠤᠨ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠪᠢᠴᠢᠬᠦ ᠶᠢᠨ ᠬᠠᠮᠲᠤ ᠲᠤᠰᠢᠶᠠᠬᠤ᠃ | ᠠᠷᠪᠠᠨ ᠨᠢᠭᠡᠳᠦᠭᠡᠷ ᠵᠦᠢᠯ ᠪᠠᠶᠢᠴᠠᠭᠠᠬᠤ ᠳᠤᠭᠤᠶᠢᠯᠠᠩ ᠨᠢ ᠬᠤᠯᠪᠣᠭᠳᠠᠯ ᠪᠦᠬᠦᠢ ᠨᠢᠭᠡᠴᠡ ᠪᠠ ᠬᠤᠪᠢ | ᠬᠥᠮᠥᠨ ᠠᠴᠠ ᠭᠠᠯ ᠤᠨ ᠠᠳᠡᠯ ᠳᠤ ᠬᠤᠯᠪᠣᠭᠳᠠᠬᠤ ᠪᠠᠶᠢᠳᠠᠯ ᠢ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ | ᠪᠢᠴᠢᠭ᠂ ᠮᠠᠲ᠋ᠧᠷᠢᠶᠠᠯ᠂ ᠡᠯᠧᠺᠲᠷᠣᠨ ᠭᠡᠷᠡᠴᠢ ᠪᠠᠷᠢᠮᠲᠠ ᠶᠢ ᠬᠠᠩᠭᠠᠯᠭᠠᠬᠤ ᠪᠠᠷ ᠱᠠᠭᠠᠷᠳᠠᠬᠤ ᠡᠷᠬᠡ ᠲᠠᠢ᠂ ᠬᠤᠯᠪᠣᠭᠳᠠᠯ | ᠪᠦᠬᠦᠢ ᠨᠢᠭᠡᠴᠡ ᠪᠠ ᠬᠤᠪᠢ ᠬᠥᠮᠥᠨ ᠵᠥᠪᠰᠢᠶᠡᠷᠡᠬᠦ ᠦᠭᠡᠢ ᠪᠠᠶᠢᠵᠤ ᠪᠣᠯᠬᠤ ᠦᠭᠡᠢ᠃ | ᠭᠠᠯ ᠤᠨ ᠠᠳᠡᠯ ᠭᠠᠷᠤᠭᠰᠠᠨ ᠨᠢᠭᠡᠴᠡ ᠶᠢᠨ ᠬᠠᠷᠢᠭᠤᠴᠠᠯᠭᠠᠲᠠᠨ ᠪᠣᠯᠣᠨ ᠬᠤᠯᠪᠣᠭᠳᠠᠯ ᠪᠦᠬᠦᠢ ᠬᠥᠮᠥᠰ | ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠬᠤᠭᠤᠴᠠᠭᠠᠨ ᠳᠤ ᠳᠤᠷ᠎ᠠ ᠪᠠᠷ ᠢᠶᠠᠨ ᠲᠤᠰᠢᠶᠠᠯ ᠠᠴᠠ ᠪᠠᠨ | ᠰᠠᠯᠵᠤ ᠪᠣᠯᠬᠤ ᠦᠭᠡᠢ᠂ ᠪᠠᠶᠢᠴᠠᠭᠠᠬᠤ ᠳᠤᠭᠤᠶᠢᠯᠠᠩ ᠤᠨ ᠠᠰᠠᠭᠤᠯᠲᠠ ᠯᠠᠪᠯᠠᠯᠲᠠ ᠶᠢ ᠴᠠᠭ ᠲᠤᠬᠠᠢ ᠳᠤᠨᠢ ᠭᠥᠯᠢᠶᠡᠨ | ᠠᠪᠴᠤ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠪᠠᠶᠢᠴᠠᠭᠠᠬᠤ ᠳᠤᠭᠤᠶᠢᠯᠠᠩ ᠪᠠᠶᠢᠴᠠᠭᠠᠬᠤ ᠬᠤᠭᠤᠴᠠᠭᠠᠨ ᠳᠠᠭᠠᠨ ᠢᠯᠡᠴᠢᠯᠡᠨ | ᠮᠡᠳᠡᠭᠦᠯᠬᠦ ᠤᠲᠠᠰᠤ᠂ ᠵᠠᠬᠢᠳᠠᠯ ᠤᠨ ᠬᠠᠶᠢᠷᠴᠠᠭ ᠪᠤᠶᠤ ᠢᠮᠧᠯ ᠤᠨ ᠬᠠᠶ᠋ᠢᠭ ᠢᠶᠠᠨ ᠢᠯᠡ ᠪᠣᠯᠭᠠᠵᠤ᠂ ᠪᠠᠶᠢᠴᠠᠭᠠᠬᠤ | ᠡᠭᠦᠷᠭᠡ ᠲᠠᠢ ᠬᠤᠯᠪᠣᠭᠳᠠᠬᠤ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ | ᠠᠪᠴᠤ ᠰᠢᠢᠳᠪᠦᠷᠢᠯᠡᠬᠦ ᠬᠡᠷᠡᠭᠲᠡᠢ︔ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠬᠤ ᠳᠠᠭᠠᠨ ᠬᠠᠷᠢᠶ᠎ᠠ ᠭᠠᠵᠠᠷ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠬᠢᠨᠠᠨ ᠪᠠᠶᠢᠴᠠᠭᠠᠯᠭᠠᠵᠤ᠂ | ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ ᠪᠥᠭᠡᠳ ᠢᠯᠡᠴᠢᠯᠡᠨ ᠮᠡᠳᠡᠭᠦᠯᠦᠭᠴᠢ ᠶᠢᠨ ᠨᠢᠭᠤᠴᠠ ᠶᠢ ᠬᠠᠮᠠᠭᠠᠯᠠᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠪᠠᠶᠢᠴᠠᠭᠠᠬᠤ ᠳᠤᠭᠤᠶᠢᠯᠠᠩ ᠪᠠᠶᠢᠴᠠᠭᠠᠬᠤ ᠳᠤᠮᠳᠠ ᠣᠯᠵᠤ ᠮᠡᠳᠡᠭᠰᠡᠨ ᠨᠠᠮ ᠤᠨ | ᠭᠡᠰᠢᠭᠦᠨ᠂ ᠺᠠᠳ᠋ᠷ ᠵᠢᠴᠢ ᠬᠢᠨᠠᠨ ᠪᠠᠶᠢᠴᠠᠭᠠᠭᠳᠠᠬᠤ ᠡᠲᠡᠭᠡᠳ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠶᠤ ᠡᠷᠬᠡ | ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ | ᠰᠡᠵᠢᠭᠯᠡᠯᠲᠡᠢ ᠵᠡᠷᠭᠡ ᠠᠰᠠᠭᠤᠳᠠᠯ ᠤᠨ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠳᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠬᠤ ᠬᠡᠷᠡᠭᠲᠡᠢ᠃ ᠡᠷᠬᠡ ᠲᠤᠰᠢᠶᠠᠯ ᠢᠶᠠᠨ ᠠᠰᠢᠭᠯᠠᠨ | ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠠᠴᠠ ᠭᠠᠳᠠᠨᠠᠬᠢ ᠪᠤᠰᠤᠳ ᠶᠠᠯᠠᠲᠤ ᠬᠡᠷᠡᠭ ᠤᠨ ᠰᠦᠪᠡᠭᠴᠢ ᠶᠢ ᠪᠠᠶᠢᠴᠠᠭᠠᠬᠤ | ᠳᠤᠭᠤᠶᠢᠯᠠᠩ ᠴᠠᠭ ᠲᠤᠬᠠᠢ ᠳᠤᠨᠢ ᠬᠤᠯᠪᠣᠭᠳᠠᠯ ᠪᠦᠬᠦᠢ ᠮᠠᠲ᠋ᠧᠷᠢᠶᠠᠯ ᠪᠤᠶᠤ ᠬᠠᠭᠤᠯᠪᠤᠷᠢ ᠶᠢ ᠬᠠᠤᠯᠢ ᠪᠠᠷᠢᠯᠲᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠭᠠᠯ ᠤᠨ ᠠᠳᠡᠯ ᠤᠨ | ᠬᠠᠷᠢᠭᠤᠴᠠᠯᠭ᠎ᠠ ᠶᠢ ᠪᠠᠶᠢᠴᠠᠭᠠᠬᠤ ᠠᠵᠢᠯ ᠤᠨ ᠳᠤᠮᠳᠠ ᠦᠨᠡᠨᠴᠢ ᠢᠲᠡᠭᠡᠮᠵᠢ ᠲᠠᠢ ᠲᠥᠪ ᠭᠤᠣᠯᠴᠢ ᠪᠠᠶᠢᠵᠤ᠂ | ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠨ᠂ ᠪᠠᠶᠢᠴᠠᠭᠠᠬᠤ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠨ | ᠰᠠᠬᠢᠵᠤ᠂ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠨᠢᠭᠤᠴᠠ ᠶᠢ ᠬᠠᠮᠠᠭᠠᠯᠠᠬᠤ ᠬᠡᠷᠡᠭᠲᠡᠢ᠃ | ᠪᠠᠶᠢᠴᠠᠭᠠᠯᠲᠠ ᠶᠢᠨ ᠰᠠᠬᠢᠯᠭ᠎ᠠ ᠪᠠᠲᠤ ᠶᠢ ᠵᠢᠷᠤᠮᠯᠠᠬᠤ ᠦᠭᠡᠢ᠂ ᠬᠠᠮᠢᠶ᠎ᠠ ᠪᠦᠬᠦᠢ ᠴᠢᠮᠡᠭᠡ ᠵᠠᠩᠭᠢ ᠶᠢ ᠳᠤᠷ᠎ᠠ ᠪᠠᠷ ᠢᠶᠠᠨ | ᠨᠡᠶᠢᠲᠡᠯᠡᠭᠰᠡᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠵᠢᠴᠢ ᠪᠠᠶᠢᠴᠠᠭᠠᠯᠲᠠ ᠳᠤ ᠬᠠᠮᠵᠢᠯᠴᠠᠬᠤ ᠦᠭᠡᠢ᠂ ᠪᠣᠳᠠᠲᠤ | ᠪᠠᠶᠢᠳᠠᠯ ᠳᠤ ᠨᠡᠶᠢᠴᠡᠬᠦ ᠦᠭᠡᠢ ᠭᠡᠷᠡᠴᠢ ᠪᠠᠷᠢᠮᠲᠠ ᠬᠠᠩᠭᠠᠭᠰᠠᠨ ᠬᠥᠮᠥᠰ ᠢ ᠬᠠᠤᠯᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ ᠭᠤᠷᠪᠠᠳᠤᠭᠠᠷ ᠪᠦᠯᠦᠭ ᠭᠠᠯ ᠤᠨ ᠠᠳᠡᠯ ᠢ ᠪᠠᠶᠢᠴᠠᠭᠠᠭᠰᠠᠨ ᠮᠡᠳᠡᠭᠦᠯᠦᠯᠲᠡ ᠪᠠ ᠬᠡᠷᠡᠭ ᠢ | ᠳᠠᠭᠤᠰᠬᠠᠬᠤ | ᠠᠷᠪᠠᠨ ᠲᠠᠪᠤᠳᠤᠭᠠᠷ ᠵᠦᠢᠯ ᠪᠠᠶᠢᠴᠠᠭᠠᠬᠤ ᠳᠤᠭᠤᠶᠢᠯᠠᠩ ᠭᠠᠯ ᠤᠨ ᠠᠳᠡᠯ ᠭᠠᠷᠤᠭᠰᠠᠨ ᠡᠳᠦᠷ ᠠᠴᠠ ᠡᠬᠢᠯᠡᠨ | 60 ᠡᠳᠦᠷ ᠤᠨ ᠳᠣᠲᠣᠷ᠎ᠠ ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠠᠵᠢᠯ ᠢ ᠪᠡᠶᠡᠯᠡᠭᠦᠯᠬᠦ ᠬᠡᠷᠡᠭᠲᠡᠢ᠂ | ᠪᠠᠶᠢᠳᠠᠯ ᠨᠢ ᠪᠤᠳᠤᠯᠢᠶᠠᠨᠲᠠᠢ ᠪᠥᠭᠡᠳ ᠮᠠᠳᠠᠭ ᠲᠠᠢ ᠪᠣᠯ ᠭᠠᠯ ᠤᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ 60 ᠡᠳᠦᠷ ᠤᠷᠲᠤᠳᠬᠠᠵᠤ | ᠪᠣᠯᠣᠨ᠎ᠠ᠃ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠳᠤ ᠮᠡᠷᠭᠡᠵᠢᠯ ᠤᠨ ᠬᠢᠨᠠᠨ ᠲᠣᠭᠲᠠᠭᠠᠯᠲᠠ | ᠬᠢᠬᠦ ᠴᠢᠬᠤᠯᠠᠲᠠᠢ ᠪᠠᠶᠢᠪᠠᠯ᠂ ᠪᠠᠶᠢᠴᠠᠭᠠᠬᠤ ᠳᠤᠭᠤᠶᠢᠯᠠᠩ ᠤᠯᠤᠰ ᠠᠴᠠ ᠲᠣᠭᠲᠠᠭᠠᠭᠰᠠᠨ ᠬᠢᠷᠢ ᠬᠡᠮ ᠲᠠᠢ | ᠨᠢᠭᠡᠴᠡ ᠳᠤ ᠨᠠᠶᠢᠳᠠᠵᠤ ᠮᠡᠷᠭᠡᠵᠢᠯ ᠤᠨ ᠬᠢᠨᠠᠨ ᠲᠣᠭᠲᠠᠭᠠᠯᠲᠠ ᠬᠢᠯᠭᠡᠬᠦ ᠬᠡᠷᠡᠭᠲᠡᠢ᠃ ᠳᠠᠷᠠᠭᠠᠬᠢ ᠵᠢᠭᠰᠠᠭᠠᠭᠰᠠᠨ | ᠴᠠᠭ ᠬᠤᠭᠤᠴᠠᠭ᠎ᠠ ᠶᠢ ᠠᠳᠡᠯ ᠢ ᠪᠠᠶᠢᠴᠠᠭᠠᠬᠤ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ ᠪᠥᠭᠡᠳ ᠠᠳᠡᠯ ᠢ | ᠪᠠᠶᠢᠴᠠᠭᠠᠭᠰᠠᠨ ᠮᠡᠳᠡᠭᠦᠯᠦᠯᠲᠡ ᠶᠢ ᠮᠡᠳᠡᠭᠦᠯᠦᠨ ᠬᠦᠷᠭᠡᠬᠦ ᠳᠡᠭᠡᠨ ᠠᠳᠡᠯ ᠢ ᠪᠠᠶᠢᠴᠠᠭᠠᠨ ᠰᠢᠢᠳᠪᠦᠷᠢᠯᠡᠬᠦ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠳᠤ ᠲᠣᠳᠣᠷᠬᠠᠶᠢᠯᠠᠬᠤ ᠬᠡᠷᠡᠭᠲᠡᠢ᠄ | ︵ᠨᠢᠭᠡ︶ ᠭᠠᠯ ᠤᠨ ᠠᠳᠡᠯ ᠢ ᠮᠡᠳᠡᠭᠦᠯᠬᠦ ᠦᠭᠡᠢ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ | ᠤᠳᠠᠭᠠᠰᠢᠷᠠᠭᠤᠯᠤᠨ ᠮᠡᠳᠡᠭᠦᠯᠦᠭᠰᠡᠨ ᠠᠴᠠ ᠪᠣᠯᠣᠭᠠᠳ ᠪᠠᠶᠢᠴᠠᠭᠠᠵᠤ ᠬᠢᠨᠠᠨ ᠬᠠᠷᠭᠤᠭᠤᠯᠬᠤ ᠳᠤ ᠬᠡᠷᠡᠭᠰᠡᠭᠰᠡᠨ ᠴᠠᠭ | ᠬᠤᠭᠤᠴᠠᠭ᠎ᠠ︔ | ︵ᠬᠤᠶᠠᠷ︶ ᠭᠠᠯ ᠤᠨᠲᠠᠷᠠᠭᠠᠵᠤ ᠠᠪᠤᠷᠠᠨ ᠲᠤᠰᠠᠯᠠᠭᠰᠠᠨ ᠠᠴᠠ ᠪᠣᠯᠵᠤ ᠲᠤᠬᠠᠢ ᠶᠢᠨ ᠲᠠᠯᠠᠪᠤᠷ ᠢ ᠬᠠᠶᠢᠨ | ᠰᠢᠯᠭᠠᠬᠤ ᠶᠢᠨ ᠠᠷᠭ᠎ᠠ ᠦᠭᠡᠢ ᠪᠣᠯᠤᠭᠰᠠᠨ ᠴᠠᠭ ᠬᠤᠭᠤᠴᠠᠭ᠎ᠠ︔ | ︵ᠭᠤᠷᠪᠠ︶ ᠰᠢᠯᠭᠠᠨ ᠪᠠᠶᠢᠴᠠᠭᠠᠬᠤ᠂ ᠰᠢᠯᠭᠠᠨ ᠲᠣᠭᠲᠠᠭᠠᠬᠤ᠂ ᠲᠠᠬᠢᠨ ᠬᠢᠨᠠᠬᠤ ᠳᠤ ᠬᠡᠷᠡᠭᠰᠡᠭᠰᠡᠨ ᠴᠠᠭ | ᠬᠤᠷᠭᠤᠴᠠᠭ᠎ᠠ︔ | ︵ᠳᠥᠷᠪᠡ︶ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠣᠬᠤᠯᠠᠪᠤᠷᠢᠯᠠᠨ ᠬᠠᠷᠢᠭᠤᠯᠤᠭᠰᠠᠨ ᠴᠠᠭ ᠬᠤᠭᠤᠴᠠᠭ᠎ᠠ ︔ | | ︵ᠲᠠᠪᠤ︶ ᠡᠰᠡᠷᠭᠦᠴᠡᠭᠳᠡᠰᠢ ᠦᠭᠡᠢ ᠬᠦᠴᠦᠨ ᠤ ᠰᠢᠯᠲᠠᠭᠠᠨ ᠠᠴᠠ ᠪᠣᠯᠵᠤ ᠭᠠᠯ ᠤᠨ ᠠᠳᠡᠯ ᠢ ᠪᠠᠶᠢᠴᠠᠭᠠᠨ | ᠰᠢᠢᠳᠪᠦᠷᠢᠯᠡᠬᠦ ᠶᠢᠨ ᠠᠷᠭ᠎ᠠ ᠦᠭᠡᠢ ᠪᠣᠯᠤᠭᠰᠠᠨ ᠴᠠᠭ ᠬᠤᠭᠤᠴᠠᠭ᠎ᠠ᠃ | ᠠᠷᠪᠠᠨ ᠵᠢᠷᠭᠤᠳᠤᠭᠠᠷ ᠵᠦᠢᠯ ᠪᠠᠶᠢᠴᠠᠭᠠᠯᠲᠠ ᠶᠢᠨ ᠮᠡᠳᠡᠭᠦᠯᠦᠯᠲᠡ ᠳᠤ ᠳᠠᠷᠠᠭᠠᠬᠢ ᠠᠭᠤᠯᠭ᠎ᠠ ᠨᠤᠭᠤᠳ ᠢ | ᠪᠠᠭᠲᠠᠭᠠᠭᠰᠠᠨ ᠪᠠᠶᠢᠬᠤ ᠬᠡᠷᠡᠭᠲᠡᠢ᠄ | ︵ᠨᠢᠭᠡ︶ ᠭᠠᠯ ᠤᠨ ᠠᠳᠡᠯ ᠭᠠᠷᠤᠭᠰᠠᠨ ᠨᠢᠭᠡᠴᠡ ᠶᠢᠨ ᠲᠣᠶᠢᠮᠣ ᠪᠠᠶᠢᠳᠠᠯ︔ | ︵ᠬᠤᠶᠠᠷ︶ ᠭᠠᠯ ᠤᠨ ᠠᠳᠡᠯ ᠭᠠᠷᠤᠭᠰᠠᠨ ᠥᠩᠭᠡᠷᠡᠯᠲᠡ ᠪᠣᠯᠣᠨ ᠠᠪᠤᠷᠠᠨ ᠲᠤᠰᠠᠯᠠᠭᠰᠠᠨ ᠪᠠᠶᠢᠳᠠᠯ︔ | ︵ᠭᠤᠷᠪᠠ︶ ᠭᠠᠯ ᠤᠨ ᠠᠳᠡᠯ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠠᠵᠤ | ᠠᠬᠤᠢ ᠶᠢᠨ ᠰᠢᠭᠤᠳ ᠬᠤᠬᠢᠷᠠᠯ︔ | ︵ᠳᠥᠷᠪᠡ︶ ᠭᠠᠯ ᠤᠨ ᠠᠳᠡᠯ ᠭᠠᠷᠤᠭᠰᠠᠨ ᠰᠢᠯᠲᠠᠭᠠᠨ ᠪᠠ ᠰᠢᠨᠵᠢ ᠴᠢᠨᠠᠷ︔ | ︵ᠲᠠᠪᠤ︶ ᠭᠠᠯ ᠤᠨ ᠠᠳᠡᠯ ᠤᠨ ᠬᠠᠷᠢᠭᠤᠴᠠᠯᠭ᠎ᠠ ᠶᠢ ᠲᠣᠭᠲᠠᠭᠠᠬᠤ ᠪᠠ ᠠᠳᠡᠯ ᠤᠨ ᠬᠠᠷᠢᠭᠤᠴᠠᠯᠭᠠᠲᠤ | ᠬᠥᠮᠥᠨ ᠢ ᠰᠢᠢᠳᠪᠦᠷᠢᠯᠡᠬᠦ ᠰᠠᠨᠠᠯ︔ | ︵ᠵᠢᠷᠭᠤᠭ᠎ᠠ︶ ᠭᠠᠯ ᠤᠨ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠃ | ᠪᠠᠶᠢᠴᠠᠭᠠᠯᠲᠠ ᠶᠢᠨ ᠮᠡᠳᠡᠭᠦᠯᠦᠯᠲᠡ ᠳᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ | ᠳᠠᠭᠠᠯᠳᠤᠭᠤᠯᠤᠭᠰᠠᠨ ᠪᠠᠶᠢᠬᠤ ᠬᠡᠷᠡᠭᠲᠡᠢ᠃ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠪᠠᠶᠢᠴᠠᠭᠠᠯᠲᠠ ᠶᠢᠨ | ᠮᠡᠳᠡᠭᠦᠯᠦᠯᠲᠡ ᠳᠤ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠪᠠᠶᠢᠴᠠᠭᠠᠬᠤ ᠳᠤᠭᠤᠶᠢᠯᠠᠩ ᠤᠨ | ᠪᠦᠷᠢᠯᠳᠦᠭᠦᠨ ᠪᠠᠶᠢᠴᠠᠭᠠᠯᠲᠠ ᠶᠢᠨ ᠮᠡᠳᠡᠭᠦᠯᠦᠯᠲᠡ ᠳᠤ ᠠᠳᠠᠯᠢ ᠪᠤᠰᠤ ᠰᠠᠨᠠᠯ ᠲᠠᠢ ᠪᠠᠶᠢᠪᠠᠯ᠂ ᠭᠠᠷ ᠤᠨ ᠦᠰᠦᠭ | ᠵᠢᠷᠤᠭᠰᠠᠨ ᠤ ᠳᠠᠷᠠᠭ᠎ᠠ ᠲᠤᠰᠬᠠᠢ ᠬᠠᠭᠤᠳᠠᠰᠤ ᠳᠠᠭᠠᠯᠳᠤᠭᠤᠯᠤᠨ ᠠᠳᠠᠯᠢ ᠪᠤᠰᠤ ᠰᠠᠨᠠᠯ ᠤᠨ ᠤᠴᠢᠷ ᠰᠢᠯᠲᠠᠭᠠᠨ ᠪᠠ | ᠦᠨᠳᠦᠰᠦ ᠪᠠᠷᠢᠮᠲᠠ ᠶᠢ ᠲᠣᠳᠣᠷᠬᠠᠶᠢᠯᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠪᠠᠶᠢᠴᠠᠭᠠᠯᠲᠠ ᠶᠢᠨ ᠮᠡᠳᠡᠭᠦᠯᠦᠯᠲᠡ ᠶᠢ ᠪᠠᠶᠢᠴᠠᠭᠠᠬᠤ ᠳᠤᠭᠤᠶᠢᠯᠠᠩ ᠠᠴᠠ | ᠭᠠᠯ ᠤᠨ ᠠᠳᠡᠯ ᠤᠨ ᠬᠠᠷᠢᠭᠤᠴᠠᠯᠭ᠎ᠠ ᠶᠢ ᠪᠠᠶᠢᠴᠠᠭᠠᠬᠤ ᠠᠵᠢᠯ ᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ | ᠣᠷᠳᠣᠨ ᠳᠤ ᠳᠡᠪᠰᠢᠭᠦᠯᠵᠦ ᠬᠢᠨᠠᠨ ᠪᠠᠶᠢᠴᠠᠭᠠᠯᠭᠠᠨ᠎ᠠ᠃ ᠭᠠᠯ ᠤᠨ ᠠᠳᠡᠯ ᠤᠨ ᠬᠠᠷᠢᠭᠤᠴᠠᠯᠭ᠎ᠠ ᠶᠢᠨ | ᠪᠠᠶᠢᠴᠠᠭᠠᠯᠲᠠ ᠶᠢ ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠪᠠᠶᠢᠴᠠᠭᠠᠯᠲᠠ ᠶᠢᠨ ᠮᠡᠳᠡᠭᠦᠯᠦᠯᠲᠡ ᠶᠢ | ᠣᠯᠣᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠴᠣᠬᠤᠯᠠᠪᠤᠷᠢ ᠬᠢᠬᠦ ᠶᠢᠨ ᠬᠠᠮᠲᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠳᠤ ᠬᠠᠭᠤᠯᠤᠨ ᠬᠦᠷᠭᠡᠬᠦ ᠬᠡᠷᠡᠭᠲᠡᠢ᠂ ᠬᠡᠷᠪᠡ ᠲᠤᠰ | ᠱᠠᠲᠤᠨ ᠤ ᠵᠠᠰᠠᠭ ᠤᠨ ᠣᠷᠳᠣᠨ ᠨᠢ ᠳᠣᠣᠷᠠᠳᠤ ᠱᠠᠲᠤᠨ ᠤ ᠵᠠᠰᠠᠭ ᠤᠨ ᠣᠷᠳᠣᠨ ᠳᠤ ᠨᠠᠶᠢᠳᠠᠵᠤ ᠵᠣᠬᠢᠶᠠᠨ | ᠪᠠᠶᠢᠭᠤᠯᠤᠨ ᠪᠠᠶᠢᠴᠠᠭᠠᠯᠭᠠᠭᠰᠠᠨ ᠪᠠᠶᠢᠪᠠᠯ᠂ ᠳᠣᠣᠷᠠᠳᠤ ᠱᠠᠲᠤᠨ ᠤ ᠵᠠᠰᠠᠭ ᠤᠨ ᠣᠷᠳᠣᠨ ᠨᠢ ᠪᠠᠶᠢᠴᠠᠭᠠᠯᠲᠠ ᠶᠢᠨ | ᠮᠡᠳᠡᠭᠦᠯᠦᠯᠲᠡ ᠪᠠᠨ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠪᠠᠨ ᠲᠤᠰᠢᠶᠠᠵᠤ ᠬᠢᠨᠠᠨ ᠪᠠᠶᠢᠴᠠᠭᠠᠯᠭᠠᠵᠤ | ᠳᠠᠩᠰᠠᠯᠠᠭᠤᠯᠬᠤ ᠬᠡᠷᠡᠭᠲᠡᠢ᠃ | ᠬᠤᠯᠪᠣᠭᠳᠠᠯ ᠪᠦᠬᠦᠢ ᠪᠠᠶᠢᠭᠤᠯᠭ᠎ᠠ ᠨᠤᠭᠤᠳ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠣᠰᠣᠭᠠᠷ᠂ ᠬᠠᠤᠯᠢ ᠴᠠᠭᠠᠵᠠ᠂ ᠬᠠᠤᠯᠢ | ᠲᠣᠭᠲᠠᠭᠠᠯ ᠪᠣᠯᠣᠨ ᠳᠦᠷᠢᠮ ᠲᠣᠭᠲᠠᠭᠠᠯ ᠳᠤ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠪᠣᠯᠣᠨ ᠲᠡᠰ | ᠳᠠᠷᠠᠭᠠᠯᠠᠯ ᠤᠨ ᠶᠣᠰᠣᠭᠠᠷ᠂ ᠭᠠᠯ ᠤᠨ ᠠᠳᠡᠯ ᠭᠠᠷᠤᠭᠰᠠᠨ ᠨᠢᠭᠡᠴᠡ ᠪᠣᠯᠣᠨ ᠬᠤᠯᠪᠣᠭᠳᠠᠯ ᠪᠦᠬᠦᠢ ᠬᠥᠮᠥᠰ ᠲᠤ | ᠵᠠᠰᠠᠭ ᠵᠠᠬᠢᠷᠭᠠᠨ ᠤ ᠰᠢᠢᠳᠬᠡᠯ ᠥᠭᠴᠦ᠂ ᠭᠠᠯ ᠤᠨ ᠠᠳᠡᠯ ᠤᠨ ᠬᠠᠷᠢᠭᠤᠴᠠᠯᠭ᠎ᠠ ᠲᠠᠢ ᠠᠯᠪᠠᠨ ᠲᠤᠰᠢᠶᠠᠯᠲᠠᠨ ᠳᠤ | ᠰᠢᠢᠳᠬᠡᠯ ᠥᠭᠬᠦ ᠬᠡᠷᠡᠭᠲᠡᠢ᠃ | ᠭᠠᠯ ᠤᠨ ᠠᠳᠡᠯ ᠭᠠᠷᠤᠭᠰᠠᠨ ᠨᠢᠭᠡᠴᠡ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠣᠰᠣᠭᠠᠷ᠂ ᠲᠤᠰ ᠨᠢᠭᠡᠴᠡ ᠶᠢᠨ ᠢᠶᠠᠨ | ᠭᠠᠯ ᠤᠨ ᠠᠳᠡᠯ ᠤᠨ ᠬᠠᠷᠢᠭᠤᠴᠠᠯᠭ᠎ᠠ ᠲᠠᠢ ᠬᠥᠮᠥᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠬᠡᠷᠡᠭᠲᠡᠢ ᠠᠴᠠ ᠭᠠᠳᠠᠨ᠎ᠠ᠂ | ᠭᠠᠯ ᠤᠨ ᠠᠳᠡᠯ ᠢ ᠰᠢᠢᠳᠪᠦᠷᠢᠯᠡᠭᠰᠡᠨ ᠪᠠᠶᠢᠳᠠᠯ ᠢ ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢ | ᠬᠠᠷᠢᠭᠤᠴᠠᠵᠤ ᠪᠠᠶᠢᠭ᠎ᠠ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠠᠴᠠ ᠴᠠᠭ ᠲᠤᠬᠠᠢ | ᠳᠤᠨᠢ ᠨᠡᠶᠢᠭᠡᠮ ᠳᠤ ᠨᠡᠶᠢᠲᠡᠯᠡᠨ᠎ᠡ᠃ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠭᠠᠯ ᠤᠨ ᠠᠳᠡᠯ ᠤᠨ | ᠬᠤᠯᠪᠣᠭᠳᠠᠯ ᠪᠦᠬᠦᠢ ᠴᠢᠮᠡᠭᠡ ᠵᠠᠩᠭᠢ ᠶᠢ ᠳᠤᠷ᠎ᠠ ᠪᠠᠷ ᠢᠶᠠᠨ ᠨᠡᠶᠢᠲᠡᠯᠡᠵᠦ ᠪᠣᠯᠬᠤ ᠤᠶᠢᠭᠡᠢ᠃ | ᠭᠠᠯ ᠤᠨ ᠠᠳᠡᠯ ᠤᠨ ᠬᠠᠷᠢᠭᠤᠴᠠᠯᠭ᠎ᠠ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠲᠠᠩᠰᠠ | ᠡᠪᠬᠡᠮᠡᠯ ᠳᠤ ᠣᠷᠣᠭᠤᠯᠬᠤ ᠶᠢᠨ ᠬᠠᠮᠲᠤ ᠤᠷᠳᠤ ᠬᠤᠭᠤᠴᠠᠭ᠎ᠠ ᠪᠠᠷ ᠬᠠᠳᠠᠭᠠᠯᠠᠬᠤ ᠬᠡᠷᠡᠭᠲᠡᠢ᠃ ᠳᠥᠷᠪᠡᠳᠦᠭᠡᠷ | ᠪᠦᠯᠦᠭ ᠭᠠᠯ ᠤᠨ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠶᠢ ᠦᠨᠡᠯᠡᠨ ᠵᠢᠱᠢᠬᠦ | ᠠᠷᠪᠠ ᠶᠢᠰᠦᠳᠦᠭᠡᠷ ᠵᠦᠢᠯ ᠭᠠᠯ ᠤᠨ ᠠᠳᠡᠯ ᠭᠠᠷᠤᠭᠰᠠᠨ ᠭᠠᠵᠠᠷ ᠤᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯᠣᠨ ᠭᠠᠯ ᠰᠡᠷᠭᠡᠶᠢᠯᠡᠯᠲᠡ ᠶᠢᠨ ᠠᠮᠤᠷ | ᠲᠦᠪᠰᠢᠨ ᠤ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠠᠳᠡᠯ ᠭᠠᠷᠤᠭᠰᠠᠨ ᠨᠢᠭᠡᠴᠡ ᠶᠢᠨ ᠰᠡᠷᠭᠡᠶᠢᠯᠡᠬᠦ ᠪᠠ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ | ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠢ᠃ | ᠬᠤᠷᠢᠳᠤᠭᠠᠷ ᠵᠦᠢᠯ ᠭᠠᠯ ᠤᠨ ᠠᠳᠡᠯ ᠭᠠᠷᠤᠭᠰᠠᠨ ᠨᠢᠭᠡᠴᠡ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ | ᠠᠳᠡᠯ ᠠᠴᠠ ᠰᠤᠷᠭᠠᠮᠵᠢ ᠠᠪᠴᠤ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠱᠠᠭᠠᠷᠳᠠᠨ | ᠨᠠᠶᠢᠳᠠᠪᠤᠷᠢᠵᠢᠭᠤᠯᠵᠤ᠂ ᠠᠳᠡᠯ ᠲᠡᠬᠢᠨ ᠭᠠᠷᠬᠤ ᠶᠢ ᠰᠡᠷᠭᠡᠶᠢᠯᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠨᠡᠯᠢᠶᠡᠳ ᠶᠡᠭᠡ ᠠᠴᠠ ᠳᠡᠭᠡᠭᠰᠢᠬᠢ ᠭᠠᠯ ᠤᠨ ᠠᠳᠡᠯ ᠤᠨ ᠪᠠᠶᠢᠴᠠᠭᠠᠯᠲᠠ ᠶᠢᠨ | ᠮᠡᠳᠡᠭᠦᠯᠦᠯᠲᠡ ᠶᠢ ᠴᠣᠬᠤᠯᠠᠪᠤᠷᠢᠯᠠᠨ ᠬᠠᠷᠢᠭᠤᠯᠵᠤ ᠬᠡᠷᠡᠭ ᠳᠠᠭᠤᠰᠬᠠᠭᠰᠠᠨ ᠤ ᠲᠠᠷᠠᠭ᠎ᠠ ᠨᠢᠭᠡ ᠵᠢᠯ ᠤᠨ ᠳᠣᠲᠣᠷ᠎ᠠ᠂ | ᠵᠣᠬᠢᠶᠠᠨ ᠪᠠᠶᠢᠭᠤᠯᠵᠤ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠭᠰᠠᠨ ᠠᠷᠠᠳ ᠤᠨ ᠵᠠᠰᠠᠭ ᠤᠨ ᠣᠷᠳᠣᠨ ᠪᠤᠶᠤ | ᠲᠤᠰ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠡᠷᠬᠡ ᠣᠯᠭᠤᠵᠤ ᠦᠨᠡᠯᠡᠨ ᠵᠢᠱᠢᠬᠦ | ᠠᠵᠢᠯ ᠤᠨ ᠳᠤᠭᠤᠶᠢᠯᠠᠩ ᠪᠠᠶᠢᠭᠤᠯᠵᠤ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠬᠡᠷᠡᠭᠲᠡᠢ ᠠᠴᠠ ᠭᠠᠳᠠᠨ᠎ᠠ᠂ ᠦᠨᠡᠯᠡᠨ ᠵᠢᠱᠢᠭᠰᠡᠨ ᠦᠷ᠎ᠡ ᠳ᠋ᠦᠩ ᠢ | ᠴᠠᠭ ᠲᠤᠬᠠᠢ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠢ᠃ | ᠦᠨᠡᠯᠡᠨ ᠵᠢᠱᠢᠬᠦ ᠠᠵᠢᠯ ᠤᠨ ᠳᠤᠭᠤᠶᠢᠯᠠᠩ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢ ᠤᠷᠢᠵᠤ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠠᠵᠢᠯ ᠢ | ᠵᠡᠷᠭᠡ ᠳᠤᠨᠢ ᠥᠷᠨᠢᠭᠦᠯᠵᠦ ᠪᠣᠯᠣᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠢ ᠮᠡᠷᠭᠡᠵᠢᠯ ᠤᠨ | ᠦᠨᠡᠯᠡᠨ ᠵᠢᠱᠢᠬᠦ ᠪᠠᠶᠢᠭᠤᠯᠤᠮᠵᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠦᠨᠡᠯᠡᠨ | ᠵᠢᠱᠢᠯᠲᠡ ᠳᠤ ᠣᠷᠣᠯᠴᠠᠭᠤᠯᠵᠤ ᠪᠣᠯᠣᠨ᠎ᠠ᠃ | ᠬᠤᠷᠢᠨ ᠬᠤᠶᠠᠳᠤᠭᠠᠷ ᠵᠦᠢᠯ ᠦᠨᠡᠯᠡᠨ ᠵᠢᠱᠢᠬᠦ ᠠᠵᠢᠯ ᠤᠨ ᠳᠤᠭᠤᠶᠢᠯᠠᠩ ᠨᠢ ᠮᠠᠲ᠋ᠧᠷᠢᠶᠠᠯ ᠢ ᠬᠢᠨᠠᠨ | ᠪᠠᠶᠢᠴᠠᠭᠠᠬᠤ᠂ ᠶᠠᠷᠢᠯᠴᠠᠨ ᠯᠠᠪᠯᠠᠬᠤ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠰᠤᠷᠪᠤᠯᠵᠢᠯᠠᠵᠤ ᠬᠢᠨᠠᠨ | ᠪᠠᠶᠢᠴᠠᠭᠠᠬᠤ ᠠᠷᠭ᠎ᠠ ᠮᠠᠶ᠋ᠢᠭ ᠢᠶᠠᠷ ᠦᠨᠡᠯᠡᠨ ᠵᠢᠱᠢᠯᠲᠡ ᠬᠢᠵᠦ ᠪᠣᠯᠣᠨ᠎ᠠ᠂ ᠭᠠᠯ ᠤᠨ ᠠᠳᠡᠯ ᠢ ᠪᠠᠶᠢᠴᠠᠭᠠᠭᠰᠠᠨ | ᠮᠡᠳᠡᠭᠦᠯᠦᠯᠲᠡ ᠶᠢ ᠦᠨᠳᠦᠰᠦᠯᠡᠨ᠂ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ | ᠰᠠᠨᠠᠭᠤᠯᠭ᠎ᠠ ᠶᠢ ᠵᠦᠢᠯ ᠳᠠᠷᠠᠭᠠᠯᠠᠨ ᠬᠠᠷᠢᠴᠠᠭᠤᠯᠤᠨ ᠬᠠᠷᠭᠤᠭᠤᠯᠵᠤ᠂ ᠦᠨᠡᠯᠡᠨ ᠵᠢᠱᠢᠭᠰᠡᠨ ᠮᠡᠳᠡᠭᠦᠯᠦᠯᠲᠡ ᠳᠤ | ᠳᠠᠷᠠᠭᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠢ᠄ | ︵ᠨᠢᠭᠡ︶ ᠭᠠᠯ ᠤᠨ ᠠᠳᠡᠯ ᠤᠨ ᠬᠠᠮᠢᠶ᠎ᠠ ᠪᠦᠬᠦᠢ ᠨᠢᠭᠡᠴᠡ ᠬᠢᠭᠡᠳ ᠠᠳᠡᠯ ᠡᠭᠦᠰᠦᠭᠰᠡᠨ ᠭᠠᠵᠠᠷ ᠤᠨ ᠠᠳᠠᠯᠢ | ᠲᠥᠷᠥᠯ ᠤᠨ ᠨᠢᠭᠡᠴᠡ ᠲᠠᠯᠠᠪᠤᠷ ᠭᠠᠵᠠᠷ ᠤᠨ ᠠᠪᠤᠭᠰᠠᠨ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠪᠣᠳᠠᠲᠠᠢ | ᠠᠷᠭ᠎ᠠ ᠬᠡᠮᠵᠢᠶ᠎ᠡ ᠵᠢᠴᠢ ᠣᠯᠣᠭᠰᠠᠨ ᠦᠷ᠎ᠡ ᠪᠦᠲᠦᠮᠵᠢ︔ | ︵ᠬᠤᠶᠠᠷ︶ ᠭᠠᠯ ᠤᠨ ᠠᠳᠡᠯ ᠤᠨ ᠬᠠᠷᠢᠭᠤᠴᠠᠯᠭᠠᠲᠤ ᠨᠢᠭᠡᠴᠡ ᠪᠣᠯᠣᠨ ᠬᠠᠷᠢᠭᠤᠴᠠᠯᠭᠠᠲᠤ ᠬᠥᠮᠥᠰ ᠲᠤ ᠵᠠᠰᠠᠭ | ᠵᠠᠬᠢᠷᠭᠠᠨ ᠤ ᠰᠢᠢᠳᠬᠡᠯ ᠣᠯᠭᠤᠭᠰᠠᠨ᠂ ᠰᠢᠢᠳᠪᠦᠷᠢᠯᠡᠭᠰᠡᠨ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠷᠡᠭᠦᠦ ᠶᠢᠨ | ᠬᠠᠷᠢᠭᠤᠴᠠᠯᠭ᠎ᠠ ᠪᠠᠷ ᠶᠠᠯ᠎ᠠ ᠲᠣᠭᠲᠠᠭᠠᠵᠤ ᠡᠷᠡᠭᠦᠦ ᠰᠢᠢᠳᠬᠡᠯ ᠥᠭᠭᠦᠭᠰᠡᠨ ᠪᠠᠶᠢᠳᠠᠯ᠂ ᠵᠢᠴᠢ ᠬᠤᠯᠪᠣᠭᠳᠠᠯ ᠪᠦᠬᠦᠢ | ᠠᠯᠪᠠᠨ ᠲᠤᠰᠢᠶᠠᠯᠲᠠᠨ ᠤ ᠰᠢᠢᠳᠬᠡᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ | ︵ᠭᠤᠷᠪᠠ︶ ᠠᠳᠡᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠬᠢᠭᠡᠳ ᠬᠠᠮᠢᠶ᠎ᠠ ᠪᠦᠬᠦᠢ | ᠰᠠᠯᠠᠭ᠎ᠠ ᠮᠥᠴᠢᠷ ᠠᠳᠡᠯ ᠠᠴᠠ ᠰᠤᠷᠭᠠᠮᠵᠢ ᠠᠪᠴᠤ᠂ ᠠᠶᠤᠯᠭᠦᠢ ᠶᠢᠨ ᠬᠥᠭᠵᠢᠯᠲᠡ ᠶᠢᠨ ᠣᠨᠣᠯᠵᠢᠬᠤᠨ ᠢ ᠪᠠᠲᠤ | ᠪᠠᠬᠢ ᠪᠤᠢ ᠪᠣᠯᠭᠠᠵᠤ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ | ᠪᠦᠷᠢᠨᠰᠢᠭᠦᠯᠦᠨ᠂ ᠨᠡᠶᠢᠭᠡᠮ ᠤᠨ ᠲᠠᠯ᠎ᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠦᠭᠰᠡᠨ ᠵᠢᠴᠢ ᠨᠢᠭᠡ ᠠᠴᠠ | ᠵᠦᠢᠴᠢᠯᠡᠵᠦ ᠨᠥᠭᠦᠭᠡ ᠶᠢ ᠮᠡᠳᠡᠬᠦ ᠭᠠᠯ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠭᠰᠠᠨ ᠪᠠᠶᠢᠳᠠᠯ᠃ ᠲᠠᠪᠤᠳᠤᠭᠠᠷ | ᠪᠦᠯᠦᠭ ᠳᠠᠭᠠᠯᠳᠤᠭᠤᠯᠤᠭᠰᠠᠨ ᠳᠦᠷᠢᠮ | ᠬᠤᠷᠢᠨ ᠭᠤᠷᠪᠠᠳᠤᠭᠠᠷ ᠵᠦᠢᠯ ᠲᠤᠰ ᠳᠦᠷᠢᠮ ᠳᠠᠬᠢ ᠳᠠᠷᠠᠭᠠᠬᠢ ᠵᠢᠭᠰᠠᠭᠠᠭᠰᠠᠨ ᠦᠭᠡᠰ ᠤᠨ ᠤᠳᠬ᠎ᠠ᠄ | ︵ᠨᠢᠭᠡ︶ ᠡᠩ ᠤᠨ ᠭᠠᠯ ᠤᠨ ᠠᠳᠡᠯ ᠭᠡᠳᠡᠭ ᠨᠢ 3 ᠠᠴᠠ ᠳᠣᠭᠤᠭᠰᠢ ᠬᠥᠮᠥᠨ ᠦᠬᠦᠭᠰᠡᠨ᠂ ᠡᠰᠡᠬᠦᠯ᠎ᠡ | 10 ᠠᠴᠠ ᠳᠣᠭᠤᠭᠰᠢ ᠬᠥᠮᠥᠨ ᠬᠦᠨᠳᠦ ᠰᠢᠷᠬᠠᠲᠤᠭᠰᠠᠨ᠂ ᠡᠰᠡᠬᠦᠯ᠎ᠡ 1000ᠲᠦᠮᠡᠨ ᠲᠥᠭᠦᠷᠢᠭ ᠠᠴᠠ ᠪᠠᠭ᠎ᠠ | ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠰᠠᠨ ᠭᠠᠯ ᠤᠨ ᠠᠳᠡᠯ ᠢ ᠵᠢᠭᠠᠵᠤ ᠪᠠᠶᠢᠨ᠎ᠠ︔ ᠨᠡᠯᠢᠶᠡᠳ ᠶᠡᠭᠡ | ᠭᠠᠯ ᠤᠨ ᠠᠳᠡᠯ ᠭᠡᠳᠡᠭ ᠨᠢ 3 ᠠᠴᠠ ᠳᠡᠭᠡᠭᠰᠢ 10 ᠠᠴᠠ ᠳᠣᠭᠤᠭᠰᠢ ᠬᠥᠮᠥᠨ ᠦᠬᠦᠭᠰᠡᠨ᠂ ᠡᠰᠡᠬᠦᠯ᠎ᠡ 10 ᠠᠴᠠ | ᠳᠡᠭᠡᠭᠰᠢ 50 ᠠᠴᠠ ᠳᠣᠭᠤᠭᠰᠢ ᠬᠥᠮᠥᠨ ᠬᠦᠨᠳᠦ ᠰᠢᠷᠬᠠᠲᠤᠭᠰᠠᠨ᠂ ᠡᠰᠡᠬᠦᠯ᠎ᠡ 1000 ᠲᠦᠮᠡᠨ ᠲᠥᠭᠦᠷᠢᠭ ᠠᠴᠠ | ᠳᠡᠭᠡᠭᠰᠢ 5000 ᠲᠦᠮᠡᠨ ᠲᠥᠭᠦᠷᠢᠭ ᠠᠴᠠ ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠰᠠᠨ | ᠭᠠᠯ ᠤᠨ ᠠᠳᠡᠯ ᠢ ᠵᠢᠭᠠᠵᠤ ᠪᠠᠶᠢᠨ᠎ᠠ︔ ᠬᠦᠨᠳᠦ ᠶᠡᠭᠡ ᠭᠠᠯ ᠤᠨ ᠠᠳᠡᠯ ᠭᠡᠳᠡᠭ ᠨᠢ 10 ᠠᠴᠠ ᠳᠡᠭᠡᠭᠰᠢ 30 ᠠᠴᠠ | ᠳᠣᠭᠤᠭᠰᠢ ᠬᠥᠮᠥᠨ ᠦᠬᠦᠭᠰᠡᠨ᠂ ᠡᠰᠡᠬᠦᠯ᠎ᠡ 50 ᠠᠴᠠ ᠳᠡᠭᠡᠭᠰᠢ 100 ᠠᠴᠠ ᠳᠣᠭᠤᠭᠰᠢ ᠬᠥᠮᠥᠨ ᠬᠦᠨᠳᠦ | ᠰᠢᠷᠬᠠᠲᠤᠭᠰᠠᠨ᠂ ᠡᠰᠡᠬᠦᠯ᠎ᠡ 5000 ᠲᠦᠮᠡᠨ ᠲᠥᠭᠦᠷᠢᠭ ᠠᠴᠠ ᠳᠡᠭᠡᠭᠰᠢ 1 ᠳ᠋ᠦᠩᠰᠢᠭᠤᠷ ᠲᠥᠭᠦᠷᠢᠭ ᠠᠴᠠ | ᠳᠣᠭᠤᠭᠰᠢ ᠠᠵᠤ ᠠᠬᠤᠢ ᠶᠢᠨ ᠰᠢᠭᠤᠳ ᠬᠤᠬᠢᠷᠠᠯ ᠤᠴᠠᠷᠠᠭᠰᠠᠨ ᠭᠠᠯ ᠤᠨ ᠠᠳᠡᠯ ᠢ ᠵᠢᠭᠠᠵᠤ ᠪᠠᠶᠢᠨ᠎ᠠ᠃ | ︵ᠬᠤᠶᠠᠷ︶ ᠲᠤᠰ ᠳᠦᠷᠢᠮ ᠳᠤ ᠬᠡᠯᠡᠵᠦ ᠪᠠᠶᠢᠭ᠎ᠠ ︽ᠳᠡᠭᠡᠭᠰᠢ︾ ᠨᠢ ᠲᠣᠰ ᠲᠤᠭ᠎ᠠ ᠶᠢ ᠪᠠᠭᠲᠠᠭᠠᠨ᠎ᠠ᠂ ︽ | ᠳᠣᠭᠤᠭᠰᠢ︾ ᠨᠢ ᠲᠣᠰ ᠲᠤᠭ᠎ᠠ ᠶᠢ ᠪᠠᠭᠲᠠᠭᠠᠬᠤ ᠦᠭᠡᠢ᠃ | ᠬᠤᠷᠢᠨ ᠳᠥᠷᠪᠡᠳᠦᠭᠡᠷ ᠵᠦᠢᠯ ᠲᠤᠰ ᠳᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠂ ᠬᠦᠴᠦᠨ ᠪᠦᠬᠦᠢ ᠬᠤᠭᠤᠴᠠᠭ᠎ᠠ 2 ᠵᠢᠯ᠃ | | ᠢᠷᠡᠯᠲᠡ᠄ ᠲᠦᠩᠯᠢᠶᠣᠣ ᠬᠤᠲᠠ ᠶᠢᠨ ᠵᠠᠰᠠᠭ ᠤᠨ ᠣᠷᠳᠣᠨ ᠤ ᠡᠭᠦᠳᠡᠴᠢ ᠰᠦᠯᠵᠢᠶ᠎ᠡ | |