ᠮᠦᠰᠦᠳᠠᠢ ᠵᠡᠭᠡᠯᠢ ᠭᠤᠳᠤᠮᠵᠢ ︽ᠠᠨᠠᠷ ᠤᠨ ᠤᠯᠠᠭᠠᠨ· ᠳᠤᠮᠳᠠᠳᠤ ᠪᠠᠨ ᠬᠠᠶᠢᠷᠠᠯᠠᠬᠤ︾ ᠦᠨᠳᠦᠰᠦᠲᠡᠨ ᠤ ᠠᠵᠢᠯ ᠤᠨ ᠲᠦᠷᠦᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠠᠩᠰᠤᠭ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠪᠠ
ᠨᠡᠶᠢᠲᠡᠯᠡᠭᠰᠡᠨ ᠴᠠᠭ᠄
2023/12/19
 ᠨᠢᠭᠡᠨ ᠵᠣᠯ ᠵᠢᠷᠭᠠᠯᠲᠤ ᠬᠤᠳᠠ ᠳᠤ ᠠᠷᠠᠳ ᠤᠨ ᠠᠮᠢᠳᠤᠷᠠᠯ ᠤᠨ ᠢᠯᠡ ᠲᠣᠳᠣ ᠰᠠᠭᠤᠷᠢ ᠥᠩᠭᠡ ᠪᠠᠶᠢᠬᠤ ᠨᠢ ᠯᠠᠪᠲᠠᠢ᠃ 2023 ᠣᠨ ᠳᠤ᠂  ᠬᠤᠤᠯᠢᠩᠭᠤᠤᠯ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ︽ᠠᠷᠠᠳ ᠤᠨ ᠠᠮᠢᠳᠤᠷᠠᠯ ᠤᠨ ᠲᠠᠩᠰᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ ᠬᠠᠷᠠᠯᠲᠠ ᠶᠢᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠡᠨᠡ ᠡᠳᠦᠷ ᠠᠴᠠ ᠡᠬᠢᠯᠡᠨ᠂  ᠬᠤᠤᠯᠢᠩᠭᠤᠤᠯ ᠬᠤᠳᠠ ᠶᠢᠨ ᠬᠠᠮ ᠵᠠᠭᠤᠴᠢᠯᠠᠭᠤᠷ ᠤᠨ ᠲᠥᠪ︽ᠠᠷᠠᠳ ᠤᠨ ᠠᠮᠢᠳᠤᠷᠠᠯ ᠤᠨ ᠵᠢᠷᠤᠭ ᠰᠢᠨ᠎ᠡ ᠦᠵᠡᠮᠵᠢ ᠶᠢ ᠵᠢᠷᠤᠭᠯᠠᠶ᠎ᠠ︾ᠭᠡᠬᠦ ᠲᠤᠰᠬᠠᠢ ᠪᠤᠯᠤᠩ ᠭᠠᠷᠭᠠᠵᠤ᠂ ᠲᠠᠨ ᠳᠤ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠵᠢᠷᠤᠭ ᠤᠳ ᠢ ᠳᠡᠯᠭᠡᠨ ᠦᠵᠡᠭᠦᠯᠬᠦ ᠪᠣᠯᠣᠨ᠎ᠠ᠃

   ᠣᠶᠢᠷ᠎ᠠ ᠶᠢᠨ ᠵᠢᠯ ᠠᠴᠠ᠂  ᠮᠦᠰᠦᠳᠠᠢ ᠵᠡᠭᠡᠯᠢ ᠭᠤᠳᠤᠮᠵᠢ ᠶᠢᠨ ᠬᠢᠨ ᠢᠮᠠᠭᠲᠠ ᠰᠢ ᠶᠢᠨ ᠫᠢᠩ  ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠮᠦᠰᠦᠳᠠᠢ ᠵᠡᠭᠡᠯᠢ ᠭᠤᠳᠤᠮᠵᠢ ᠶᠢᠨ ᠠᠨᠠᠷ ᠤᠨ ᠤᠯᠠᠭᠠᠨ· ᠳᠤᠮᠳᠠᠳᠤ

 ᠪᠠᠨ ᠬᠠᠶᠢᠷᠠᠯᠠᠬᠤ︾ ᠦᠨᠳᠦᠰᠦᠲᠡᠨ ᠤ ᠠᠵᠢᠯ ᠤᠨ ᠲᠦᠷᠦᠯ ᠲᠡᠮᠳᠡᠭ ᠢ ᠡᠭᠦᠳᠴᠦ᠂ ᠰᠢᠨ᠎ᠡ ᠴᠠᠭ ᠦᠶ᠎ᠡ ᠶᠢᠨ

ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠲᠠᠩᠰᠤᠭ ᠬᠠᠭᠤᠳᠠᠰᠤ ᠶᠢ ᠪᠢᠴᠢᠭᠯᠡᠬᠦ ᠪᠠᠷ ᠬᠦᠴᠦᠯᠡᠨ ᠴᠢᠷᠮᠠᠶᠢᠪᠠ᠃

   ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ

ᠰᠠᠭᠤᠷᠢ ᠶᠢ ᠲᠤᠰ ᠵᠡᠭᠡᠯᠢ ᠭᠤᠳᠤᠮᠵᠢ ᠳᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠠᠷ

ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠵᠡᠭᠡᠯᠢ

ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ᠂ ᠨᠢᠭᠡᠳᠦᠮᠡᠯ ᠹᠷᠣᠨᠲ ᠤᠨ ᠭᠡᠰᠢᠭᠦᠨ ᠢᠶᠠᠷ ᠳᠤᠭᠤᠶᠢᠯᠠᠩ ᠤᠨ

ᠳᠡᠳ᠋ ᠳᠠᠷᠤᠭ᠎ᠠ ᠪᠣᠯᠭᠠᠭᠰᠠᠨ᠂ ᠨᠡᠶᠢᠭᠡᠮ ᠲᠣᠭᠤᠷᠢᠭ ᠤᠨ 6 ᠱᠦᠵᠢ ᠵᠢᠴᠢ ᠨᠢᠭᠡᠳᠦᠮᠡᠯ ᠹᠷᠣᠨᠲ ᠤᠨ ᠠᠵᠢᠯ ᠤᠨ 7

ᠬᠤᠯᠪᠣᠭᠠᠴᠢᠨ ᠢᠶᠠᠷ ᠳᠤᠭᠤᠶᠢᠯᠠᠩ ᠤᠨ ᠭᠡᠰᠢᠭᠦᠨ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ

ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠬᠤᠷᠠᠯ ᠬᠤᠷᠠᠯᠳᠤᠭᠤᠯᠵᠤ᠂ ᠬᠠᠷᠢᠭᠤᠴᠠᠯᠭ᠎ᠠ ᠶᠢ ᠱᠠᠲᠤ

ᠱᠠᠲᠤ ᠪᠠᠷ ᠨᠠᠶᠢᠳᠠᠪᠤᠷᠢᠵᠢᠭᠤᠯᠵᠤ᠂ ᠡᠭᠦᠷᠭᠡ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠪᠠᠲᠤᠯᠠᠪᠠ︔ ᠴᠥᠭᠡᠨ

ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ᠂ ᠦᠨᠳᠦᠰᠦᠲᠡᠨ ᠤ

ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠵᠡᠷᠭᠡ 6 ᠳᠦᠷᠢᠮ ᠢ

ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮ ᠢ ᠴᠢᠩᠭ᠎ᠠ ᠬᠡᠷᠡᠭᠵᠢᠭᠦᠯᠦᠨ᠂ ᠤᠷᠲᠤ ᠬᠤᠭᠤᠴᠠᠭᠠᠨ ᠤ ᠪᠦᠲᠦᠮᠵᠢᠲᠡᠶ

ᠲᠣᠭᠲᠠᠴᠠ ᠶᠢ ᠪᠦᠷᠢᠯᠳᠦᠭᠦᠯᠵᠦ᠂ ᠦᠨᠳᠦᠰᠦᠲᠡᠨ᠂ ᠱᠠᠰᠢᠨ ᠰᠤᠷᠲᠠᠬᠤᠨ᠂ ᠨᠠᠮ ᠤᠨ ᠭᠠᠳᠠᠨᠠᠬᠢ ᠰᠡᠬᠡᠭᠡᠲᠡᠨ᠂

ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠵᠡᠷᠭᠡ ᠠᠵᠢᠯ ᠢ ᠬᠢᠨᠠᠮᠠᠭᠠᠢ ᠰᠠᠶᠢᠲᠤᠷ ᠬᠢᠵᠦ᠂ ᠦᠨᠳᠦᠰᠦᠲᠡᠨ ᠤ

ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠠᠭᠤᠷᠢ ᠶᠢ ᠨᠡᠩ ᠪᠠᠲᠤ ᠪᠠᠬᠢ ᠪᠣᠯᠭᠠᠪᠠ᠃

   ᠦᠵᠡᠯ ᠰᠠᠨᠠᠭᠠᠨ ᠤ ᠰᠣᠯᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ

ᠪᠠᠶᠢᠭᠤᠯᠤᠨ᠎ᠠ᠃ ᠲᠤᠰ ᠵᠡᠭᠡᠯᠢ ᠭᠤᠳᠤᠮᠵᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ

ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ

ᠭᠠᠳᠠᠨᠠᠬᠢ ᠣᠨᠣᠯ ᠤᠨ ᠰᠤᠷᠤᠯᠴᠠᠯᠭ᠎ᠠ᠂ ︽ᠦᠨᠳᠦᠰᠦᠲᠡᠨ ᠨᠦᠭᠦᠳ ᠪᠦᠯᠬᠦᠮᠳᠡᠨ ᠰᠠᠶᠢᠨ ᠰᠠᠶᠢᠬᠠᠨ ᠰᠢᠨ᠎ᠡ

ᠠᠮᠢᠳᠤᠷᠠᠯ   ᠢ ᠬᠠᠮᠲᠤ ᠪᠠᠷ ᠡᠳ᠋ᠯᠡᠬᠦ︾ ᠤᠬᠠᠭᠤᠯᠤᠨ ᠲᠠᠶᠢᠯᠪᠤᠷᠢᠯᠠᠬᠤ ᠪᠠ ︽ᠤᠯᠠᠭᠠᠨ ᠠᠨᠠᠷ ᠤᠨ ᠦᠯᠢᠭᠡᠷ ᠤᠨ

ᠬᠤᠷᠠᠯ︾ ᠵᠡᠷᠭᠡ ᠠᠵᠢᠯᠯᠠᠭ᠎ᠠ   ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠳᠡᠷᠭᠡᠳᠡᠬᠢ ᠦᠯᠢᠭᠡᠷ ᠳᠠᠭᠤᠷᠢᠶᠠᠯ︾

 ᠤᠨ ᠰᠢᠯᠭᠠᠷᠠᠭᠤᠯᠤᠯᠲᠠ᠂︽ᠦᠨᠳᠦᠰᠦᠲᠡᠨ ᠨᠦᠭᠦᠳ ᠭᠡᠷ ᠪᠦᠯᠢ ᠳᠡᠭᠡᠨ ᠪᠦᠯᠬᠦᠮᠳᠡᠵᠦ · ᠬᠥᠷᠰᠢ ᠵᠡᠷᠭᠡᠯᠡᠳᠡᠭᠡ ᠶᠢᠨ

ᠵᠤᠨ ᠤ ᠤᠯᠠᠷᠢᠯ ᠤᠨ ᠪᠠᠶᠠᠷ︾᠂︽ᠦᠨᠳᠦᠰᠦᠲᠡᠨ ᠤ ᠪᠦᠯᠬᠦᠮᠳᠡᠯ ᠤᠨ ᠬᠦᠴᠦᠨ ᠢ ᠨᠢᠭᠲᠠᠷᠠᠭᠤᠯᠵᠤ · ᠰᠡᠳᠬᠢᠯ

ᠨᠢᠭᠡᠳᠦᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ︾᠂︽ᠥᠪᠥᠷ ᠮᠣᠩᠭᠤᠯ ᠤᠨ ᠠᠮᠵᠢᠯᠲᠠ

ᠪᠦᠲᠦᠮᠵᠢ ᠶᠢᠨ ᠲᠡᠦᠬᠡ ᠶᠢᠨ ᠰᠣᠨᠢᠨ ᠬᠠᠶᠢᠴᠢᠯᠠᠮᠠᠯ ᠤᠨ ᠦᠵᠡᠰᠬᠦᠯᠡᠩ︾ᠵᠡᠷᠭᠡ ᠤᠯᠠᠨ ᠲᠦᠮᠡᠨᠴᠢ ᠴᠢᠨᠠᠷᠲᠠᠢ

ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ︽ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠨᠡᠨᠬᠦ

ᠴᠢᠬᠢᠨ ᠳᠤ ᠬᠠᠳᠠᠩᠰᠢᠭᠤᠯᠵᠤ᠂ ᠲᠠᠷᠢᠬᠢᠨ ᠳᠤ ᠬᠠᠳᠠᠩᠰᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠤᠨ᠎ᠠ᠃ ᠣᠲᠣ ᠪᠣᠯᠲᠠᠯ᠎ᠠ᠂

70 ᠭᠠᠷᠤᠢ ᠤᠳᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠬᠠᠭᠤᠯᠭ᠎ᠠ ᠶᠢᠨ ᠮᠡᠳᠡᠯᠭᠡ ᠶᠢᠨ

ᠭᠠᠷ ᠳᠡᠪᠲᠡᠷ ᠢ 2000 ᠭᠠᠷᠤᠢ ᠬᠤᠪᠢ ᠲᠠᠷᠬᠠᠭᠠᠵᠠᠢ᠃

  ᠰᠣᠶᠣᠯ ᠤᠨ ᠠᠭᠤᠰᠤᠯᠴᠠᠯ ᠢ ᠴᠢᠩᠭᠠᠳᠬᠠᠵᠤ᠂ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠨ᠎ᠠ᠃

ᠲᠣᠰ ᠵᠡᠭᠡᠯᠢ ᠭᠤᠳᠤᠮᠵᠢ ᠬᠤᠤᠯᠢᠩᠭᠤᠤᠯ ᠬᠤᠲᠠ ᠶᠢᠨ ᠭᠠᠷ ᠤᠷᠠᠯᠠᠯ ᠤᠨ ᠬᠠᠳᠬᠤᠮᠠᠯ ᠤᠨ ᠪᠣᠳᠠᠲᠠᠢ

ᠪᠣᠯᠪᠠᠰᠤᠷᠠᠭᠤᠯᠤᠯ ᠤᠨ ᠰᠠᠭᠤᠷᠢᠨ ᠭᠠᠵᠠᠷ ᠲᠠᠢ ᠬᠠᠮᠲᠤᠷᠠᠨ ︽ᠤᠷᠠᠨ ᠭᠠᠷ ᠤᠨ ᠴᠡᠴᠡᠭ · ᠪᠣᠳᠠᠰ ᠤᠨ ᠪᠤᠰᠤ

ᠰᠣᠶᠣᠯ ᠤᠨ ᠥᠪ ᠤᠨ ᠦᠨᠡᠲᠦ ᠡᠷᠳᠡᠨᠢ ᠶᠢ ᠬᠠᠶᠢᠬᠤ︾ ︱ ᠬᠤᠤᠯᠢᠩᠭᠤᠤᠤᠯ ᠬᠤᠲᠠ ᠶᠢᠨ ᠠᠩᠬᠠᠳᠤᠭᠠᠷ

ᠬᠤᠭᠤᠴᠠᠭᠠᠨ ᠤ ᠮᠣᠩᠭᠤᠯ ᠦᠨᠳᠦᠰᠦᠲᠡᠨ ᠤ ᠭᠠᠷ ᠤᠷᠠᠯᠠᠯ ᠤᠨ ᠬᠠᠳᠬᠤᠮᠠᠯ ᠤᠨ ᠪᠣᠯᠪᠠᠰᠤᠷᠠᠭᠤᠯᠤᠯ ᠤᠨ ᠠᠩᠭᠢ ᠶᠢ

ᠡᠷᠭᠢᠯᠡᠵᠦ᠂ ᠳᠤᠮᠳᠠᠳᠤ ᠤᠯᠤᠰ ᠤᠨ ᠨᠡᠬᠡᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠷᠡᠭᠦᠯᠦᠭᠴᠢ ᠶᠢᠨ

ᠡᠯᠴᠢᠨ ᠰᠠᠶᠢᠳ᠂ ᠬᠠᠳᠬᠤᠮᠠᠯ ᠤᠨ ᠲᠤᠰᠬᠠᠢ ᠮᠡᠷᠭᠡᠵᠢᠯᠲᠡᠨ ᠪᠠᠢ ᠵᠢᠩ ᠶᠢᠩ ᠢ ᠤᠷᠢᠵᠤ ᠵᠢᠭᠠᠨ ᠵᠢᠯᠣᠭᠤᠳᠤᠭᠤᠯᠪᠠ᠃

ᠨᠢᠭᠡᠳᠦᠯᠲᠡᠢ ᠪᠣᠯᠪᠠᠰᠤᠷᠠᠭᠤᠯᠬᠤ᠂ ᠨᠢᠭᠡᠳᠦᠯᠲᠡᠢ ᠵᠠᠬᠢᠶᠠᠯᠠᠭ᠎ᠠ ᠶᠢᠨ ᠬᠠᠭᠤᠳᠠᠰᠤ ᠲᠠᠷᠬᠠᠭᠠᠬᠤ᠂ ᠨᠢᠭᠡᠳᠦᠯᠲᠡᠢ

ᠵᠠᠬᠢᠶᠠᠯᠠᠭ᠎ᠠ ᠶᠢᠨ ᠬᠠᠭᠤᠳᠠᠰᠤ ᠶᠢ ᠬᠤᠷᠢᠶᠠᠨ ᠠᠪᠬᠤ᠂ ᠨᠢᠭᠡᠳᠦᠯᠲᠡᠢ ᠳ᠋ᠦᠩᠨᠡᠨ ᠪᠤᠳᠤᠬᠤ᠂ ᠨᠢᠭᠡᠳᠦᠯᠲᠡᠢ ᠬᠠᠮᠢᠶᠠᠷᠬᠤ

ᠵᠠᠭᠪᠤᠷ ᠢᠶᠠᠷ ᠳᠠᠮᠵᠢᠭᠤᠯᠤᠨ᠂ ᠦᠨᠳᠦᠰᠦᠲᠡᠨ ᠤ ᠰᠣᠶᠣᠯ᠂ ᠠᠷᠠᠳ ᠤᠨ ᠰᠣᠶᠣᠯ᠂ ᠠᠷᠠᠳ ᠤᠨ ᠵᠠᠩ ᠦᠢᠯᠡ ᠶᠢᠨ

ᠰᠣᠶᠣᠯ ᠢ ᠤᠳᠤ ᠦᠶ᠎ᠡ ᠶᠢᠨ ᠪᠦᠲᠦᠭᠡᠯᠴᠢ ᠰᠡᠳᠬᠢᠮᠵᠢ ᠲᠠᠢ ᠤᠶᠠᠯᠳᠤᠭᠤᠯᠵᠤ᠂ ︽ᠭᠡᠷ ᠤᠨ ᠡᠭᠦᠳᠡᠨ︾ ᠳᠠᠬᠢ ᠨᠡᠩ

ᠤᠯᠠᠨ ᠰᠠᠭᠤᠭᠠᠯᠢ ᠠᠷᠠᠳ ᠲᠤ ᠨᠢᠭᠡ ᠵᠦᠢᠯ ᠤᠨ ᠮᠡᠷᠭᠡᠵᠢᠯ ᠡᠵᠡᠮᠰᠢᠭᠦᠯᠵᠦ᠂ ︽ᠭᠡᠷ ᠤᠨ ᠡᠭᠦᠳᠡᠨ ᠳᠤ ᠠᠵᠢᠯ ᠣᠯᠬᠤ︾

ᠪᠠ ︽ᠭᠡᠷ ᠤᠨ ᠡᠭᠦᠳᠡᠨ ᠳᠤ ᠵᠣᠭᠤᠰ ᠣᠯᠬᠤ︾ ᠶᠢ ᠪᠡᠶᠡᠯᠡᠭᠦᠯᠦᠨ᠎ᠡ᠃ ᠣᠳᠣᠬᠠᠨ ᠳᠤ᠂ ᠮᠣᠩᠭᠤᠯ ᠦᠨᠳᠦᠰᠦᠲᠡᠨ ᠤ

ᠬᠠᠳᠬᠤᠮᠠᠯ ᠤᠨ ᠠᠵᠢᠯ ᠬᠢᠵᠦ ᠪᠠᠶᠢᠭ᠎ᠠ ᠬᠠᠳᠬᠤᠮᠠᠯ ᠤᠨ ᠠᠵᠢᠯᠴᠢᠨ 100 ᠭᠠᠷᠤᠢ ᠬᠥᠮᠥᠨ ᠪᠠᠶᠢᠵᠤ᠂ ᠳᠠᠮ ᠢᠶᠠᠷ

ᠬᠥᠳᠡᠯᠮᠦᠷᠢ ᠬᠦᠴᠦᠨ   ᠢ ᠳᠠᠶᠢᠴᠢᠯᠠᠨ ᠲᠤᠬᠠᠢ   ᠶᠢᠨ ᠭᠠᠵᠠᠷ ᠲᠠᠭᠠᠨ ᠪᠤᠶᠤ ᠣᠶᠢᠷ᠎ᠠ ᠬᠠᠪᠢ ᠳᠠᠭᠠᠨ 500 ᠭᠠᠷᠤᠢ

ᠬᠥᠮᠥᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ 20 ᠭᠠᠷᠤᠢ ᠲᠦᠮᠡᠨ ᠲᠥᠭᠦᠷᠢᠭ ᠤᠨ ᠠᠵᠤ ᠠᠬᠤᠢ   ᠶᠢᠨ

ᠣᠷᠣᠯᠭ᠎ᠠ   ᠶᠢ ᠪᠡᠶᠡᠯᠡᠭᠦᠯᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号