ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠱᠠᠯᠢᠭ ᠵᠠᠪᠬᠠᠢ ᠵᠣᠭᠤᠰ ᠮᠥᠷᠥᠶᠢᠴᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/12/19
    ᠱᠠᠯᠢᠭ ᠵᠠᠪᠬᠠᠢ ᠵᠣᠭᠤᠰ ᠨᠠᠭᠠᠳᠤᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠵᠢᠯ ᠤᠨ ᠡᠴᠦᠰ ᠪᠣᠯᠬᠤ ᠳᠤ ︽ᠱᠠᠯᠢᠭ ᠵᠠᠪᠬᠠᠢ ᠵᠣᠭᠤᠰ ᠨᠠᠭᠠᠳᠤᠭᠰᠠᠨ ᠵᠦᠢᠯᠡᠰ︾ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠤᠯᠠᠨ ᠭᠠᠷᠴᠤ ᠪᠠᠶᠢᠭ᠎ᠠ ᠲᠣᠪᠣᠶᠢᠮ᠎ᠠ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠷᠢᠭᠯᠠᠵᠤ᠂ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠴᠡᠪᠡᠷᠰᠢᠭᠦᠯᠦᠨ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠵᠤ᠂ ᠡᠶ᠎ᠡ ᠵᠣᠬᠢᠴᠠᠯ ᠲᠠᠢ᠂ ᠪᠣᠯᠪᠠᠰᠤᠨ ᠨᠡᠶᠢᠭᠡᠮ ᠤᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠵᠡᠷᠭᠡ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠣᠨᠴᠠᠭᠠᠶᠢᠯᠠᠨ ᠳᠣᠣᠷᠠᠬᠢ ᠮᠡᠲᠦ ᠵᠠᠷᠯᠠᠪᠠ᠄    ᠨᠢᠭᠡ᠂ ᠶᠠᠮᠠᠷᠪᠠ ᠨᠢᠭᠡᠴᠢ ᠪᠠ ᠬᠤᠪᠢ ᠬᠥᠮᠥᠨ ᠤ ᠶᠠᠮᠠᠷᠪᠠ ᠬᠡᠯᠪᠡᠷᠢ ᠪᠠᠷ ︽ᠱᠠᠯᠢᠭ ᠵᠠᠪᠬᠠᠢ ᠵᠦᠢᠯ ᠪᠠ ᠵᠣᠭᠤᠰ ᠨᠠᠭᠠᠳᠬᠤ︾ ᠶᠢᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠬᠢᠬᠦ ᠪᠠ ᠲᠡᠭᠦᠨ ᠳᠤ ᠣᠷᠣᠯᠴᠠᠬᠤ ᠶᠢ ᠴᠢᠩᠭ᠎ᠠ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠱᠠᠯᠢᠭ ᠵᠠᠪᠬᠠᠢ ᠵᠦᠢᠯ ᠪᠠ ᠵᠣᠭᠤᠰ ᠨᠠᠭᠠᠳᠬᠤ ᠳᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠡᠲᠡᠭᠡᠳ ᠲᠤ ᠴᠢᠩᠭ᠎ᠠ ᠴᠣᠬᠢᠯᠲᠠ ᠥᠭᠴᠦ᠂ ᠱᠠᠯᠢᠭ ᠵᠠᠪᠬᠠᠢ ᠵᠦᠢᠯ ᠪᠠ ᠵᠣᠭᠤᠰ ᠨᠠᠭᠠᠳᠬᠤ ᠳᠤ ᠬᠤᠯᠪᠣᠭᠳᠠᠭᠰᠠᠨ ᠡᠵᠡᠩᠨᠡᠯᠲᠡ ᠶᠢᠨ ᠦᠢᠯᠡᠴᠢᠯᠡᠭᠡᠨ ᠤ ᠲᠠᠯᠠᠪᠤᠷ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃    ᠬᠤᠶᠠᠷ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠄ (ᠨᠢᠭᠡ) ᠪᠤᠰᠤᠳ ᠢ ᠵᠣᠬᠢᠶᠠᠨ ᠪᠠᠶᠢᠭᠤᠯᠵᠤ᠂ ᠠᠯᠪᠠᠳᠠᠵᠤ᠂ ᠥᠳᠥᠭᠡᠵᠦ᠂ ᠦᠯᠡᠳᠡᠭᠡᠵᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠤᠭᠰᠠᠨ; ︵ᠬᠤᠶᠠᠷ︶ ᠶᠠᠩᠬᠠᠯᠠᠬᠤ᠂ ᠶᠠᠩᠬᠠᠨ ᠳᠤ ᠣᠷᠣᠬᠤ᠂ ᠤᠯᠠᠨ ᠨᠡᠶᠢᠲᠡ ᠶᠢᠨ ᠲᠠᠯᠠᠪᠤᠷ ᠲᠤ ᠶᠠᠩᠬᠠᠯᠠᠬᠤ ᠪᠠ ᠶᠠᠩᠬᠠᠨ ᠳᠤ ᠣᠷᠣᠬᠤ᠂ ᠵᠡᠭᠡᠯᠢ ᠭᠤᠳᠤᠮᠵᠢ ᠪᠠᠷ ᠶᠠᠩᠬᠠᠨ ᠳᠤ ᠣᠷᠣᠬᠤ᠂ ᠶᠠᠩᠬᠠᠨ ᠳᠤ ᠣᠷᠣᠬᠤ ᠺᠠᠷᠲ ᠲᠠᠷᠬᠠᠭᠠᠬᠤ᠂ ᠲᠣᠣᠷ ᠰᠦᠯᠵᠢᠶ᠎ᠡ᠂ ᠮᠡᠳᠡᠭᠡ ᠬᠤᠯᠪᠣᠭᠠᠨ ᠤ ᠪᠠᠭᠠᠵᠢ ᠪᠠᠷ ᠳᠠᠮᠵᠢᠭᠤᠯᠤᠨ ᠶᠠᠩᠬᠠᠨ ᠳᠤ ᠣᠷᠣᠬᠤ ᠮᠡᠳᠡᠭᠡ ᠵᠠᠩᠭᠢ ᠨᠡᠶᠢᠲᠡᠯᠡᠭᠰᠡᠨ; ︵ᠭᠤᠷᠪᠠ︶ ᠱᠠᠯᠢᠭ ᠵᠠᠪᠬᠠᠢ ᠶᠠᠭᠤᠮᠠᠰ᠂ ᠵᠢᠷᠤᠭ᠂ ᠸᠢᠳᠢᠤ᠋ ᠶᠢ ᠦᠢᠯᠡᠳᠦᠭᠰᠡᠨ᠂ ᠫᠠᠨᠽᠠᠯᠠᠭᠰᠠᠨ᠂ ᠲᠠᠷᠬᠠᠭᠠᠭᠰᠠᠨ᠂ ᠱᠠᠯᠢᠭ ᠵᠠᠪᠬᠠᠢ ᠲᠣᠭᠯᠠᠯᠲᠠ ᠶᠢ ᠵᠣᠬᠢᠶᠠᠨ ᠪᠠᠶᠢᠭᠤᠯᠤᠭᠰᠠᠨ; (ᠳᠦᠷᠪᠡ) ᠵᠣᠭᠤᠰ ᠨᠠᠭᠠᠳᠬᠤ᠂ ᠵᠣᠭᠤᠰ ᠨᠠᠭᠠᠳᠬᠤ ᠳᠤ ᠨᠥᠬᠦᠴᠡᠯ ᠬᠠᠩᠭᠠᠬᠤ᠂ ᠵᠣᠭᠤᠰ ᠨᠠᠭᠠᠳᠬᠤ ᠭᠠᠵᠠᠷ ᠭᠠᠷᠭᠠᠬᠤ᠂ ᠣᠯᠠᠭᠤᠯᠠ ᠨᠡᠶᠢᠯᠡᠵᠦ ᠵᠣᠭᠤᠰ ᠨᠠᠭᠠᠳᠬᠤ; ︵ᠲᠠᠪᠤ︶ ᠰᠢᠭᠤᠳ ᠨᠡᠪᠲᠡᠷᠡᠭᠦᠯᠬᠦ ᠲᠠᠪᠴᠠᠩ᠂ ᠰᠢᠨ᠎ᠡ ᠬᠡᠯᠪᠡᠷᠢ ᠶᠢᠨ APP ᠵᠥᠭᠡᠯᠡᠨ ᠲᠣᠨᠤᠭ᠂ ᠸᠢᠴᠠᠲ ᠤᠨ ᠤᠯᠠᠭᠠᠨ ᠪᠠᠭᠯᠠᠭ᠎ᠠ ᠵᠡᠷᠭᠡ ᠪᠠᠷ ᠳᠠᠮᠵᠢᠭᠤᠯᠤᠨ ᠰᠦᠯᠵᠢᠶ᠎ᠡ ᠪᠠᠷ ᠵᠣᠭᠤᠰ ᠨᠠᠭᠠᠳᠬᠤ᠂ ᠬᠢᠯᠢ ᠠᠯᠤᠰᠯᠠᠨ ᠵᠣᠭᠤᠰ ᠨᠠᠭᠠᠳᠬᠤ᠂ ᠣᠯᠠᠭᠤᠯᠠ ᠨᠡᠶᠢᠯᠡᠵᠦ ᠵᠣᠭᠤᠰ ᠨᠠᠭᠠᠳᠬᠤ᠂ ᠵᠣᠭᠤᠰ ᠨᠠᠭᠠᠳᠬᠤ ᠭᠠᠵᠠᠷ ᠭᠠᠷᠭᠠᠬᠤ ᠳᠤ ᠣᠷᠣᠯᠴᠠᠭᠰᠠᠨ ᠭᠤᠷᠪᠠ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠴᠡᠭᠴᠡᠯᠡᠨ ᠵᠠᠰᠠᠬᠤ ᠶᠢᠨ ᠬᠠᠮᠲᠤ ᠲᠠᠯᠠᠪᠤᠷ ᠭᠠᠵᠠᠷ ᠤᠨ ᠪᠣᠳᠠᠲᠠᠢ ᠡᠵᠡᠮᠳᠡᠭᠴᠢ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠠᠷᠢᠭᠤᠴᠠᠯᠭᠠᠲᠠᠨ ᠤ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠄ ︵ᠨᠢᠭᠡ︶ KTV᠂ ᠠᠷᠢᠬᠢᠨ ᠮᠤᠬᠤᠯᠠᠭ᠂ ᠳᠠᠭᠤᠤ ᠪᠥᠵᠢᠭ ᠤᠨ ᠲᠢᠩᠬᠢᠮ ᠵᠡᠷᠭᠡ ᠵᠤᠭ᠎ᠠ ᠴᠡᠩᠭᠡᠯ ᠤᠨ ᠲᠠᠯᠠᠪᠤᠷ ᠲᠤ ᠱᠠᠯᠢᠭ ᠵᠠᠪᠬᠠᠢ ᠲᠣᠭᠯᠠᠯᠲᠠ ᠭᠠᠷᠭᠠᠭᠰᠠᠨ᠂ ᠡᠰᠡᠬᠦᠯ᠎ᠡ ᠱᠠᠯᠢᠭ ᠵᠠᠪᠬᠠᠢ ᠵᠦᠢᠯᠡᠰ ᠲᠤ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠤᠰᠤᠳ ᠠᠷᠭ᠎ᠠ ᠮᠠᠶ᠋ᠢᠭ ᠢᠶᠠᠷ ᠥᠷᠨᠢᠭᠦᠯᠦᠭᠰᠡᠨ; (ᠬᠤᠶᠠᠷ) ᠪᠡᠶ᠎ᠡ ᠤᠬᠢᠶᠠᠬᠤ᠂ ᠬᠥᠯ ᠤᠬᠢᠶᠠᠬᠤ᠂ ᠢᠯᠢᠵᠦ ᠨᠤᠬᠤᠯᠠᠬᠤ᠂ ᠬᠤᠪᠢ ᠬᠥᠮᠥᠨ ᠤ ᠺᠢᠨᠣ᠋ ᠶᠢᠨ ᠣᠷᠳᠣᠨ᠂ ᠵᠣᠴᠢᠳ ᠤᠨ ᠪᠠᠭᠤᠳᠠᠯ᠂ ᠵᠦᠴᠦᠭᠡ ᠶᠢᠨ ᠳᠡᠪᠲᠡᠷ ᠢᠶᠠᠷ ᠠᠯᠠᠬᠤ᠂ ᠲᠦᠷᠢᠶᠡᠰᠦᠨ ᠭᠡᠷ ᠵᠡᠷᠭᠡ ᠭᠠᠵᠠᠷ ᠲᠤ ᠶᠠᠩᠬᠠᠯᠠᠭᠤᠯᠬᠤ ᠶᠢ ᠵᠣᠬᠢᠶᠠᠨ ᠪᠠᠶᠢᠭᠤᠯᠤᠭᠰᠠᠨ᠂ ᠠᠯᠪᠠᠳᠠᠭᠰᠠᠨ᠂ ᠥᠳᠥᠭᠡᠵᠦ᠂ ᠦᠯᠡᠳᠡᠭᠡᠵᠦ᠂ ᠲᠠᠨᠢᠯᠴᠠᠭᠤᠯᠵᠤ ᠪᠠᠶᠢᠭᠠᠳ ᠶᠠᠩᠬᠠᠯᠠᠭᠤᠯᠤᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠦᠨ ᠱᠠᠯᠢᠭ ᠵᠠᠪᠬᠠᠢ ᠦᠢᠯᠡᠴᠢᠯᠡᠭᠡ ᠬᠠᠩᠭᠠᠭᠰᠠᠨ; ︵ᠭᠤᠷᠪᠠ︶ ᠵᠣᠴᠢᠳ ᠤᠨ ᠪᠠᠭᠤᠳᠠᠯ᠂ ᠴᠤᠭᠯᠠᠭᠠᠨ ᠤ ᠭᠠᠵᠠᠷ᠂ ᠰᠢᠲᠠᠷ᠎ᠠ ᠶᠢᠨ ᠦᠷᠦᠭᠡ᠂ ᠴᠠᠢ ᠶᠢᠨ ᠮᠤᠬᠤᠯᠠᠭ᠂ ᠰᠦᠯᠵᠢᠶᠡᠨ ᠤ ᠪᠠᠭᠠᠷ᠂ ᠴᠢᠴᠢᠭᠦᠷ ᠪᠥᠮᠪᠦᠭᠡ ᠶᠢᠨ ᠲᠢᠩᠬᠢᠮ᠂ ᠡᠯᠧᠺᠲᠷᠣᠨ ᠲᠣᠭᠯᠠᠭᠠᠮ ᠤᠨ ᠲᠢᠩᠬᠢᠮ ᠵᠡᠷᠭᠡ ᠲᠠᠯᠠᠪᠤᠷ ᠢ ᠠᠰᠢᠭᠯᠠᠨ ᠵᠣᠭᠤᠰ ᠨᠠᠭᠠᠳᠬᠤ ᠭᠠᠵᠠᠷ ᠭᠠᠷᠭᠠᠭᠰᠠᠨ ᠪᠤᠶᠤ ᠣᠯᠠᠭᠤᠯᠠ ᠨᠡᠶᠢᠯᠡᠵᠦ ᠵᠣᠭᠤᠰ ᠨᠠᠭᠠᠳᠤᠭᠰᠠᠨ᠃ ᠳᠥᠷᠪᠡ᠂ ᠬᠠᠤᠯᠢ ᠶᠢ ᠵᠥᠷᠢᠴᠡᠵᠦ ᠶᠠᠯ᠎ᠠ ᠬᠢᠭᠰᠡᠳ ᠲᠤ ᠰᠤᠷᠠᠭ ᠴᠢᠮᠡᠭᠡ ᠬᠦᠷᠭᠡᠭᠰᠡᠨ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠠᠵᠢᠯᠯᠠᠭ᠎ᠠ ᠶᠢ ᠥᠮᠥᠭᠯᠡᠭᠰᠡᠨ᠂ ᠳᠤᠷ᠎ᠠ ᠪᠠᠷ ᠨᠢ ᠲᠠᠯᠪᠢᠭᠰᠠᠳ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠠᠴᠠ ᠬᠠᠤᠯᠢ ᠶᠣᠰᠣᠭᠠᠷ ᠬᠦᠨᠳᠦ ᠪᠠᠷ ᠰᠢᠳᠬᠡᠨ᠎ᠡ᠃ ᠲᠠᠪᠤ᠂ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠣᠭᠤᠰ ᠨᠠᠭᠠᠳᠬᠤ ᠠᠵᠢᠯᠯᠠᠭ᠎ᠠ ᠳᠤ ᠣᠷᠣᠯᠴᠠᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠠᠴᠠ ᠭᠠᠳᠠᠨ᠎ᠠ᠂ ᠴᠥᠮ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠮᠡᠳᠡᠭᠳᠡᠵᠦ᠂ ᠰᠠᠬᠢᠯᠭ᠎ᠠ ᠪᠠᠲᠤ ᠳᠦᠷᠢᠮ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ ᠵᠢᠷᠭᠤᠭ᠎ᠠ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠬᠥᠮᠥᠨ ᠰᠠᠨᠠᠭᠠᠴᠢᠯᠠᠭ᠎ᠠ ᠠᠴᠠ ᠪᠠᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠣᠴᠢᠵᠤ ᠶᠠᠯ᠎ᠠ ᠪᠠᠨ ᠴᠠᠭᠠᠪᠤᠷᠯᠠᠨ ᠪᠡᠶ᠎ᠡ ᠪᠠᠨ ᠲᠤᠰᠢᠶᠠᠵᠤ᠂ ᠪᠤᠰᠤᠳ ᠤᠨ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭ᠎ᠠ ᠶᠢ ᠢᠯᠡᠴᠢᠯᠡᠭᠰᠡᠨ ᠪᠥᠭᠡᠳ ᠦᠨᠡᠨ ᠮᠠᠭᠠᠳ ᠪᠣᠯᠬᠤ ᠶᠢ ᠨᠢ ᠪᠠᠶᠢᠴᠠᠭᠠᠨ ᠲᠣᠳᠣᠯᠠᠭᠰᠠᠨ ᠪᠠᠶᠢᠪᠠᠯ᠂ ᠬᠠᠤᠯᠢ ᠶᠣᠰᠣᠭᠠᠷ ᠬᠥᠩᠭᠡᠨ ᠢᠶᠠᠷ ᠰᠢᠳᠬᠡᠬᠦ᠂ ᠬᠥᠩᠭᠡᠷᠡᠭᠦᠯᠦᠨ ᠰᠢᠳᠬᠡᠬᠦ ᠪᠤᠶᠤ ᠰᠢᠳᠬᠡᠯ ᠠᠴᠠ ᠬᠡᠯᠲᠦᠷᠢᠭᠦᠯᠦᠨ᠎ᠡ᠃ ᠲᠤᠯᠤᠭ᠎ᠠ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠥᠷᠭᠡᠨ ᠤᠯᠠᠨ ᠠᠷᠠᠳ ᠲᠦᠮᠡᠨ ᠤ ᠳ᠋ᠢᠶᠠᠩᠬᠤᠸᠠ ᠶᠢᠨ ᠬᠡᠯᠪᠡᠷᠢ ᠪᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ︽ᠱᠠᠯᠢᠭ ᠵᠠᠪᠬᠠᠢ ᠵᠦᠢᠯ ᠪᠠ ᠵᠣᠭᠤᠰ ᠨᠠᠭᠠᠳᠤᠭᠰᠠᠨ︾ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ᠂ ᠱᠠᠯᠢᠭ ᠵᠠᠪᠬᠠᠢ ᠵᠦᠢᠯ ᠪᠠ ᠵᠣᠭᠤᠰ ᠨᠠᠭᠠᠳᠤᠭᠰᠠᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠬᠤᠣᠷ ᠬᠥᠨᠥᠭᠡᠯᠳᠦ ᠴᠢᠨᠠᠷ ᠢ ᠭᠦᠢᠴᠡᠳ ᠲᠠᠨᠢᠵᠤ᠂ ᠥᠳᠥᠭᠡᠯᠭᠡ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠢᠯᠡᠴᠢᠯᠡᠨ ᠮᠡᠳᠡᠭᠦᠯᠦᠭᠴᠢ ᠶᠢᠨ ᠪᠡᠶ᠎ᠡ ᠬᠡᠮ ᠤᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠢᠯᠡᠴᠢᠯᠡᠨ ᠮᠡᠳᠡᠭᠦᠯᠦᠭᠰᠡᠨ ᠱᠠᠯᠢᠭ ᠵᠠᠪᠬᠠᠢ ᠵᠦᠢᠯ ᠵᠣᠭᠤᠰ ᠮᠥᠷᠥᠶᠢᠴᠡᠭᠰᠡᠨ ᠬᠠᠤᠯᠢ ᠶᠢ ᠵᠥᠷᠢᠴᠡᠭᠰᠡᠨ ᠬᠦᠨᠳᠦ ᠶᠡᠭᠡ ᠶᠠᠯᠠᠲᠤ ᠬᠡᠷᠡᠭ ᠤᠨ ᠰᠦᠪᠡᠭᠴᠢ ᠶᠢ ᠪᠠᠶᠢᠴᠠᠭᠠᠨ ᠲᠣᠳᠣᠯᠠᠭᠠᠳ ᠦᠨᠡᠨ ᠮᠠᠭᠠᠳ ᠪᠠᠶᠢᠪᠠᠯ ᠱᠠᠩᠨᠠᠨ ᠬᠥᠬᠢᠭᠦᠯᠦᠨ᠎ᠡ; ᠢᠯᠡᠴᠢᠯᠡᠨ ᠮᠡᠳᠡᠭᠦᠯᠦᠭᠴᠢ ᠶᠢ ᠰᠦᠷᠳᠡᠭᠦᠯᠦᠭᠰᠡᠨ᠂ ᠲᠡᠭᠦᠨ ᠳᠤ ᠴᠣᠬᠢᠯᠲᠠ ᠥᠭᠭᠦᠭᠰᠡᠨ᠂ ᠥᠰᠢᠶ᠎ᠡ ᠠᠪᠤᠭᠰᠠᠳ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠰᠢᠢᠳᠬᠡᠨ᠎ᠡ᠃ ᠢᠯᠡᠴᠢᠯᠡᠨ ᠮᠡᠳᠡᠭᠦᠯᠬᠦ ᠤᠲᠠᠰᠤ᠄ 0475 ︱ 110 047 5 ︱ 6163110 ᠬᠤᠩ ᠴᠠᠭᠳᠠᠭᠠᠨ ᠳᠠᠷᠤᠭ᠎ᠠ᠄ 18604756155 ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠬᠤᠤᠯᠢᠩᠭᠤᠤᠯ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ           2023 ᠣᠨ ᠤ 12 ᠰᠠᠷ᠎ᠠ ᠶᠢᠨ 17
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号