ᠨᠢᠭᠡᠨ ᠵᠣᠯ ᠵᠢᠷᠭᠠᠯᠲᠤ ᠬᠤᠳᠠ ᠳᠤ ᠠᠷᠠᠳ ᠤᠨ ᠠᠮᠢᠳᠤᠷᠠᠯ ᠤᠨ ᠢᠯᠡ ᠲᠣᠳᠣ ᠰᠠᠭᠤᠷᠢ ᠥᠩᠭᠡ ᠪᠠᠶᠢᠬᠤ ᠨᠢ | ᠯᠠᠪᠲᠠᠢ᠃ 2023 ᠣᠨ ᠳᠤ᠂ ᠬᠤᠤᠯᠢᠩᠭᠤᠤᠯ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠣᠷᠣᠰᠢᠨ ᠰᠠᠭᠤᠬᠤ ᠳᠤ | ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ︽ᠠᠷᠠᠳ ᠤᠨ ᠠᠮᠢᠳᠤᠷᠠᠯ ᠤᠨ ᠲᠠᠩᠰᠠ︾ | ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ | ᠬᠠᠷᠠᠯᠲᠠ ᠶᠢᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠠᠷᠠᠳ ᠣᠯᠠᠨ ᠤ | ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠡᠨᠡ ᠡᠳᠦᠷ ᠠᠴᠠ ᠡᠬᠢᠯᠡᠨ᠂ ᠬᠤᠤᠯᠢᠩᠭᠤᠤᠯ | ᠬᠤᠳᠠ ᠶᠢᠨ ᠬᠠᠮ ᠵᠠᠭᠤᠴᠢᠯᠠᠭᠤᠷ ᠤᠨ ᠲᠥᠪ ︽ᠠᠷᠠᠳ ᠤᠨ ᠠᠮᠢᠳᠤᠷᠠᠯ ᠤᠨ ᠵᠢᠷᠤᠭ ᠰᠢᠨ᠎ᠡ ᠦᠵᠡᠮᠵᠢ ᠶᠢ | ᠵᠢᠷᠤᠭᠯᠠᠶ᠎ᠠ︾ ᠭᠡᠬᠦ ᠲᠤᠰᠬᠠᠢ ᠪᠤᠯᠤᠩ ᠭᠠᠷᠭᠠᠵᠤ᠂ ᠲᠠᠨ ᠳᠤ ᠰᠢᠨ᠎ᠡ ᠴᠠᠭ ᠦᠶ᠎ᠡ ᠶᠢᠨ ᠵᠣᠯ ᠵᠢᠷᠭᠠᠯᠲᠤ | ᠵᠢᠷᠤᠭ ᠤᠳ ᠢ ᠳᠡᠯᠭᠡᠨ ᠦᠵᠡᠭᠦᠯᠬᠦ ᠪᠣᠯᠣᠨ᠎ᠠ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ | ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠰᠠᠶᠢᠨ ᠰᠠᠶᠢᠬᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠠᠷᠠᠳ ᠲᠤ ᠲᠥᠬᠦᠮ ᠦᠵᠡᠭᠦᠯᠬᠦ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠷ᠎ᠠ ᠬᠥᠬᠡ ᠶᠢ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ | ᠮᠠᠶ᠋ᠢᠭ︾ ᠤᠨ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢᠨ ᠵᠠᠭᠤᠨ ᠡᠳᠦᠷ ᠤᠨ ᠰᠢᠪᠲᠤᠯᠤᠯᠲᠠ ᠶᠢᠨ ᠠᠵᠢᠯᠯᠠᠭ᠎ᠠ ᠳᠤ ᠲᠦᠰᠢᠭᠯᠡᠨ᠂ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ︽ᠠᠵᠢᠯ ᠶᠠᠪᠤᠳᠠᠯ ᠭᠦᠢᠴᠡᠳᠬᠡᠬᠦ ᠳᠤ ᠨᠠᠩ | ᠲᠥᠬᠦᠮ᠂ ᠣᠯᠠᠨ ᠲᠦᠮᠡᠨ ᠨᠠᠩ ᠬᠠᠨᠤᠮᠵᠢᠲᠠᠶ︾ ᠠᠵᠢᠯ ᠤᠨ ᠬᠠᠷᠠᠯᠲᠠ ᠶᠢᠨ ᠲᠣᠭᠤᠷᠢᠨ ᠳᠤ ᠴᠣᠩᠬᠤᠨ ᠤ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠲᠦᠯᠬᠢᠨ ᠠᠬᠢᠭᠤᠯᠵᠤ᠂ ᠣᠯᠠᠨ | ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠨ᠎ᠡ᠃ | ᠨᠢᠭᠡ ᠴᠣᠩᠬᠤ ᠪᠠᠷ ᠨᠡᠶᠢᠳᠡᠮ ᠡᠷᠭᠢᠯᠡᠵᠦ᠂ ᠨᠢᠭᠡ ᠬᠡᠯᠬᠢᠶ᠎ᠡ ᠪᠠᠷ ᠦᠢᠯᠡᠴᠢᠯᠡᠨ᠂ ᠦᠢᠯᠡᠴᠢᠯᠡᠭᠡᠨ ᠤ ᠴᠢᠨᠠᠷ | ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ︾ ᠶᠢ | ᠬᠡᠷᠡᠭᠵᠢᠭᠦᠯᠵᠦ᠂ ᠡᠬᠢ ᠪᠠᠶᠠᠯᠢᠭ ᠢ ᠬᠠᠷᠢᠯᠴᠠᠨ ᠨᠥᠬᠦᠪᠦᠷᠢᠯᠡᠬᠦ᠂ ᠴᠤᠪᠤᠷᠠᠯ ᠢ ᠳᠥᠭᠦᠮᠴᠢᠯᠡᠬᠦ ᠰᠠᠭᠤᠷᠢᠨ ᠳᠡᠭᠡᠷ᠎ᠡ | ᠣᠯᠠᠨ ᠲᠦᠮᠡᠨ ᠳᠤ ᠲᠥᠬᠦᠮ ᠦᠵᠡᠭᠦᠯᠵᠦ᠂ ︽ᠰᠦᠯᠵᠢᠶ᠎ᠡ ᠪᠠᠷ ᠰᠢᠢᠳᠪᠦᠷᠢᠯᠡᠬᠦ︾ ᠵᠡᠷᠭᠡ ᠲᠤᠬᠠᠶᠢᠯᠠᠭᠰᠠᠨ | ᠠᠵᠢᠯ ᠤᠨ ᠳᠡᠭᠡᠭᠰᠢᠯᠡᠯᠲᠡ ᠳᠤ ᠲᠦᠰᠢᠭᠯᠡᠨ᠂ ᠬᠥᠮᠥᠨ ᠤ ᠬᠦᠴᠦᠨ᠂ ᠴᠠᠭ ᠤᠨ ᠥᠪᠡᠷ ᠤᠨ ᠥᠷᠲᠡᠭ ᠢ ᠪᠠᠭᠠᠰᠬᠠᠵᠤ | ᠂ ᠣᠯᠠᠨ ᠲᠦᠮᠡᠨ ᠤ ᠠᠵᠢᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ ᠡᠭᠦᠨ ᠤ ᠬᠠᠮᠲᠤ ︽ᠨᠢᠭᠡ | ᠥᠷᠲᠡᠭᠡᠨ ᠤ ᠮᠠᠶ᠋ᠢᠭ︾ ᠤᠨ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠢᠩᠬᠢᠮ ᠨᠢ ᠤᠤᠯ ᠤᠨ ᠬᠠᠲᠠᠭᠤ | ᠬᠡᠷᠡᠭᠰᠡᠯ ᠤᠨ ᠰᠠᠭᠤᠷᠢᠨ ᠳᠡᠭᠡᠷ᠎ᠡ ᠣᠯᠠᠨ ᠲᠦᠮᠡᠨ ᠯᠦᠭᠡ ᠶᠢᠨ ᠬᠤᠯᠪᠣᠭᠠᠰᠤ ᠶᠢᠨ ᠬᠠᠷᠢᠴᠠᠭ᠎ᠠ ᠶᠢ ᠴᠢᠩᠭ᠎ᠠ | ᠠᠩᠬᠠᠷᠴᠤ᠂ ᠳᠣᠲᠣᠭᠠᠳᠤ ᠶᠠᠪᠤᠳᠠᠯ ᠤᠨ ᠴᠡᠪᠡᠷ ᠲᠡᠭᠰᠢ᠂ ᠣᠷᠴᠢᠨ ᠲᠣᠭᠤᠷᠢᠨ ᠤ ᠴᠡᠪᠡᠷ ᠠᠷᠢᠭᠤᠨ ᠪᠠᠶᠢᠬᠤ ᠶᠢ | ᠪᠠᠲᠤᠯᠠᠨ᠂ ᠨᠠᠷᠢᠨ ᠬᠢᠨᠠᠮᠠᠭᠠᠢ ᠬᠠᠷᠢᠭᠤᠯᠵᠤ᠂ ᠬᠦᠯᠢᠴᠡᠩᠭᠦᠢ ᠪᠠᠷ ᠭᠦᠢᠴᠡᠳᠬᠡᠵᠦ᠂ ᠣᠯᠠᠨ ᠲᠦᠮᠡᠨ ᠳᠤ ᠬᠠᠭᠤᠴᠢᠨ | ᠰᠢᠯ᠂ ᠬᠦᠷᠳᠦᠲᠦ ᠰᠠᠨᠳᠠᠯᠢ᠂ ᠠᠷᠠᠳ ᠲᠤ ᠲᠥᠬᠦᠮ ᠦᠵᠡᠭᠦᠯᠬᠦ ᠡᠮ ᠤᠨ ᠬᠠᠶᠢᠷᠴᠠᠭ ᠵᠡᠷᠭᠡ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠢ ᠴᠠᠭ ᠲᠤᠬᠠᠢ ᠳᠤᠨᠢ ᠬᠠᠩᠭᠠᠵᠤ᠂ ᠬᠠᠲᠠᠭᠤ ᠬᠡᠷᠡᠭᠰᠡᠯ ᠤᠨ ᠵᠥᠭᠡᠯᠡᠨ ᠲᠣᠨᠤᠭ ᠤᠨ | ᠬᠤᠣᠰ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠰᠠᠨᠠᠯ ᠤᠨ ᠬᠠᠶᠢᠷᠴᠠᠭ ᠲᠠᠭᠠᠷᠠᠭᠤᠯᠵᠤ᠂ ᠣᠯᠠᠨ ᠲᠦᠮᠡᠨ ᠤ | ᠰᠠᠨᠠᠯ ᠰᠠᠨᠠᠭᠤᠯᠭ᠎ᠠ ᠶᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠠᠷᠠᠳ ᠤᠨ ᠪᠠᠶᠢᠳᠠᠯ ᠢ ᠪᠠᠶᠢᠴᠠᠭᠠᠨ᠂ | ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠯ ᠳᠤ ᠨᠡᠶᠢᠴᠡᠭᠦᠯᠬᠦ ᠶᠢ ᠪᠡᠶᠡᠯᠡᠭᠦᠯᠦᠨ᠂ ᠴᠠᠭᠳᠠᠭ᠎ᠠ ᠠᠷᠠᠳ ᠤᠨ | ᠡᠶ᠎ᠡ ᠵᠣᠬᠢᠴᠠᠯ ᠲᠠᠢ ᠬᠠᠷᠢᠴᠠᠭ᠎ᠠ ᠶᠢ ᠢᠳᠡᠪᠬᠢᠲᠡᠢ ᠪᠠᠶᠢᠭᠤᠯᠬᠤ ᠬᠡᠷᠡᠭᠲᠡᠢ᠃ | ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠨᠢᠭᠡᠳᠬᠡᠵᠦ᠂ ᠦᠢᠯᠡᠴᠢᠯᠡᠭᠡᠨ ᠤ ᠤᠬᠠᠮᠰᠠᠷ ᠢᠶᠠᠨ ᠳᠡᠭᠡᠭᠰᠢᠯᠡᠭᠦᠯᠦᠨ᠎ᠡ᠃ | ᠥᠭᠡᠷᠡᠴᠢᠯᠡᠯᠲᠡ ᠶᠢᠨ ᠰᠢᠨ᠎ᠡ ᠪᠠᠶᠢᠳᠠᠯ ᠳᠤ ᠰᠠᠭᠤᠷᠢᠯᠠᠨ᠂ ᠰᠢᠷ᠎ᠠ ᠬᠦᠥᠷ ᠤᠨ ᠲᠣᠮᠢᠯᠠᠭᠰᠠᠨ ᠰᠠᠯᠪᠤᠷᠢ ᠠᠷᠠᠳ ᠤᠨ | ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠶᠢᠨ ᠦᠵᠡᠯ ᠰᠠᠨᠠᠭᠠᠨ ᠤ ᠬᠥᠮᠦᠵᠢᠯ ᠪᠣᠯᠣᠨ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠢ ᠴᠢᠩᠭᠠᠳᠬᠠᠵᠤ᠂ ᠴᠣᠩᠬᠤᠪᠴᠢ ᠠᠷᠠᠳ ᠤᠨ ᠴᠠᠭᠳᠠᠭ᠎ᠠ ᠶᠢ ᠰᠢᠮᠳᠠᠭᠤᠯᠵᠤ ᠪᠠᠶᠢᠭᠠᠳ ᠲᠤᠬᠠᠶᠢᠯᠠᠭᠰᠠᠨ | ᠠᠵᠢᠯ ᠤᠨ ᠮᠡᠳᠡᠯᠭᠡ ᠳᠤ ᠨᠡᠪᠲᠡᠷᠡᠭᠰᠡᠨ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠴᠠᠭᠠᠷᠠᠭᠰᠠᠨ᠂ ᠡᠯ᠎ᠡ ᠵᠦᠢᠯ ᠤᠨ | ᠲᠤᠬᠠᠶᠢᠯᠠᠭᠰᠠᠨ ᠠᠵᠢᠯ ᠳᠠᠭᠠᠨ ᠳᠠᠳᠮᠠᠭᠠᠢ᠂ ᠣᠯᠠᠨ ᠲᠦᠮᠡᠨ ᠤ ᠰᠠᠨᠠᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ | ᠲᠤᠬᠠᠢ ᠳᠤᠨᠢ ᠳᠠᠭᠠᠵᠤ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠶᠢ | ᠪᠡᠶᠡᠯᠡᠭᠦᠯᠵᠦ᠂ ᠴᠣᠩᠬᠤᠪᠴᠢ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠯᠠᠨ | ᠲᠦᠮᠡᠨ ᠳᠤ ᠦᠢᠯᠡᠴᠢᠯᠡᠬᠦ᠂ ᠨᠡᠶᠢᠭᠡᠮ ᠳᠤ ᠦᠢᠯᠡᠴᠢᠯᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ | ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠳᠥᠭᠦᠮᠴᠢᠯᠡᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠶᠢ | ᠰᠢᠯᠢᠳᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠨᠠᠪᠲᠠᠷᠡᠭᠦᠯᠵᠦ᠂ | ︽ᠲᠦᠩᠯᠢᠶᠣᠣ ᠶᠢᠨ ᠳᠣᠲᠣᠭᠠᠳᠤ ᠶᠢ ᠬᠠᠮᠠᠭᠠᠯᠠᠬᠤ ᠪᠢᠴᠢᠯ ᠴᠠᠭᠳᠠᠭᠠᠨ ᠤ ᠶᠠᠪᠤᠳᠠᠯ︾ ᠵᠡᠷᠭᠡ ᠵᠢᠵᠢᠭ ᠲᠠᠰ | ᠳᠠᠷᠠᠭᠠᠯᠠᠯ ᠳᠤ ᠲᠦᠰᠢᠭᠯᠡᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠷᠦᠬᠡ ᠠᠮᠠ ᠶᠢᠨ ᠲᠠᠩᠰᠠ᠂ | ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠵᠡᠷᠭᠡ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ | ᠠᠰᠠᠭᠤᠨ ᠯᠠᠪᠯᠠᠬᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠠᠬᠢᠴᠠ ᠶᠢ ᠪᠠᠶᠢᠴᠠᠭᠠᠨ ᠯᠠᠪᠯᠠᠬᠤ᠂ ᠬᠠᠷᠢᠭᠤ | ᠲᠤᠰᠬᠠᠵᠤ ᠵᠠᠭᠠᠯᠳᠤᠬᠤ ᠵᠡᠷᠭᠡ ᠦᠢᠯᠡᠴᠢᠯᠡᠭᠡ ᠬᠠᠩᠭᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ | ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠦᠨ᠎ᠡ︔ | ᠴᠠᠭ ᠲᠤᠬᠠᠢ ᠳᠤᠨᠢ ᠦᠢᠯᠡᠴᠢᠯᠡᠬᠦ᠂ ᠴᠠᠭ ᠬᠢᠵᠠᠭᠠᠷᠯᠠᠨ ᠦᠢᠯᠡᠴᠢᠯᠡᠬᠦ᠂ ᠴᠠᠭ ᠢ ᠤᠷᠲᠤᠳᠬᠠᠨ ᠦᠢᠯᠡᠴᠢᠯᠡᠬᠦ᠂ | ᠰᠠᠭᠠᠳ ᠦᠭᠡᠢ ᠨᠡᠪᠲᠡᠷᠡᠬᠦ ᠵᠠᠮ᠂ ᠤᠷᠢᠳᠴᠢᠯᠠᠨ ᠪᠣᠯᠵᠣᠬᠤ ᠦᠢᠯᠡᠴᠢᠯᠡᠭᠡ᠂ ᠭᠡᠷ ᠲᠤᠨᠢ ᠬᠦᠷᠴᠦ ᠦᠨᠡᠮᠯᠡᠯ | ᠭᠦᠢᠴᠡᠳᠬᠡᠬᠦ ︵ᠬᠦᠷᠭᠡᠬᠦ︶ ᠵᠡᠷᠭᠡ ᠣᠯᠠᠨ ᠵᠦᠢᠯ ᠤᠨ ᠦᠢᠯᠡᠴᠢᠯᠡᠭᠡ ᠶᠢ ᠬᠡᠷᠡᠭᠵᠢᠭᠦᠯᠵᠦ᠂ ᠣᠯᠠᠨ ᠲᠦᠮᠡᠨ ᠢ | ᠢᠯᠡᠭᠦᠬᠡᠨ ᠵᠠᠮ ᠭᠦᠶᠦᠯᠭᠡᠬᠦ᠂ ᠲᠠᠯᠠᠭᠠᠷ ᠵᠠᠮ ᠭᠦᠶᠦᠯᠭᠡᠬᠦ ᠦᠭᠡᠢ ᠪᠠᠶᠢᠬᠤ ᠬᠡᠷᠡᠭᠲᠡᠢ︔ ᠣᠯᠠᠨ ᠲᠦᠮᠡᠨ ᠤ ᠪᠠᠴᠢᠮ | ᠱᠠᠭᠠᠷᠳᠠᠯᠭ᠎ᠠ ᠶᠢ ᠦᠨᠳᠦᠰᠦᠯᠡᠨ᠂ ᠠᠵᠢᠯ ᠳᠤ ᠭᠠᠷᠬᠤ ᠪᠠ ᠠᠵᠢᠯ ᠠᠴᠠ ᠪᠠᠭᠤᠬᠤ ᠴᠠᠭ ᠪᠤᠶᠤ ᠪᠠᠶᠠᠷ | ᠳᠤᠷᠠᠰᠬᠠᠯ ᠤᠨ ᠡᠳᠦᠷ ᠢ ᠤᠷᠲᠤᠳᠬᠠᠵᠤ ᠣᠯᠠᠨ ᠲᠦᠮᠡᠨ ᠳᠤ ᠦᠢᠯᠡᠴᠢᠯᠡᠭᠡ ᠬᠠᠩᠭᠠᠨ᠎ᠠ︔ ᠳᠤᠮᠳᠠᠳᠤ ᠰᠤᠷᠭᠠᠭᠤᠯᠢ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ ᠣᠷᠣᠯᠴᠠᠭᠰᠠᠨ ᠰᠤᠷᠤᠭᠴᠢᠳ ᠤᠨ ᠬᠠᠮᠲᠤᠯᠢᠭ ᠵᠢᠴᠢ | ᠣᠯᠠᠨ ᠲᠦᠮᠡᠨ ᠤ ᠪᠤᠰᠤᠳ ᠪᠠᠴᠢᠮ ᠬᠡᠷᠡᠭ ᠶᠠᠪᠤᠳᠠᠯ ᠳᠤ᠂ ᠣᠨᠴᠠᠭᠠᠶ ᠬᠡᠷᠡᠭ ᠶᠠᠪᠤᠳᠠᠯ ᠢ ᠣᠨᠴᠠᠭᠠᠶ ᠡᠷᠭᠢᠯᠡᠬᠦ ︽ | ᠰᠠᠭᠠᠳ ᠦᠭᠡᠢ ᠨᠡᠪᠲᠡᠷᠡᠬᠦ ᠵᠠᠮ︾ ᠤᠨ ᠦᠢᠯᠡᠴᠢᠯᠡᠭᠡ ᠶᠢ ᠬᠡᠷᠡᠭᠵᠢᠭᠦᠯᠵᠦ᠂ ᠣᠨᠴᠠᠭᠠᠶ ᠬᠡᠷᠡᠭᠴᠡᠭᠡ ᠲᠠᠢ ᠣᠯᠠᠨ | ᠲᠦᠮᠡᠨ ᠳᠤ ᠳ᠋ᠢᠶᠠᠩᠬᠤᠸᠠ᠂ ᠣᠬᠤᠷ ᠮᠡᠳᠡᠭᠡ ᠵᠡᠷᠭᠡ ᠪᠠᠷ ᠳᠠᠮᠵᠢᠭᠤᠯᠤᠨ ᠪᠣᠯᠵᠣᠬᠤ ᠦᠢᠯᠡᠴᠢᠯᠡᠭᠡ ᠬᠠᠩᠭᠠᠵᠤ᠂ | ᠥᠨᠥᠴᠢᠨ ᠪᠡᠯᠪᠡᠰᠦᠨ᠂ ᠵᠡᠮᠳᠡᠭ᠂ ᠨᠢᠯᠬ᠎ᠠ ᠬᠡᠦᠬᠡᠳ ᠵᠡᠷᠭᠡ ᠭᠠᠳᠠᠭᠰᠢ ᠭᠠᠷᠬᠤ ᠳᠤ ᠳᠥᠭᠦᠮ ᠦᠭᠡᠢ ᠪᠤᠶᠤ ᠬᠤᠯᠠ | ᠵᠠᠢ ᠶᠢᠨ ᠬᠠᠮᠲᠤᠯᠢᠭ ᠲᠤ ᠭᠡᠷ ᠲᠤᠨᠢ ᠬᠦᠷᠴᠦ ᠦᠨᠡᠮᠯᠡᠯ ᠬᠦᠷᠭᠡᠵᠦ ᠦᠢᠯᠡᠴᠢᠯᠡᠬᠦ ᠶᠢ ᠬᠡᠷᠡᠭᠵᠢᠭᠦᠯᠦᠨ᠎ᠡ᠃ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠤᠷᠤᠭᠴᠢᠳ ᠵᠢᠴᠢ ᠣᠯᠠᠨ ᠲᠦᠮᠡᠨ ᠤ ᠪᠤᠰᠤᠳ ᠪᠠᠴᠢᠮ | ᠬᠡᠷᠡᠭ ᠶᠠᠪᠤᠳᠠᠯ ᠳᠤ ᠣᠨᠴᠠᠭᠠᠶ ᠬᠡᠷᠡᠭ ᠶᠠᠪᠤᠳᠠᠯ ᠢ ᠣᠨᠴᠠᠭᠠᠶ ᠡᠷᠭᠢᠯᠡᠬᠦ ︽ᠰᠠᠭᠠᠳ ᠦᠭᠡᠢ ᠨᠡᠪᠲᠡᠷᠡᠬᠦ ᠵᠠᠮ︾ ᠤᠨ | ᠦᠢᠯᠡᠴᠢᠯᠡᠭᠡ ᠶᠢ ᠬᠡᠷᠡᠭᠵᠢᠭᠦᠯᠦᠨ᠎ᠡ᠃ | ᠤᠬᠠᠭᠤᠯᠤᠨ ᠰᠡᠷᠭᠡᠶᠢᠯᠡᠬᠦ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ︽ | ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ | ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠨ ᠴᠠᠭᠳᠠᠭ᠎ᠠ ᠶᠢᠨ | ᠲᠤᠰᠠᠯᠠᠬᠤ ᠴᠠᠭᠳᠠᠭ᠎ᠠ ᠨᠢᠭᠤᠷᠲᠠᠨ ᠲᠠᠶᠢᠯᠪᠤᠷᠢᠯᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠬᠡᠯᠪᠡᠷᠢ ᠪᠠᠷ | ᠳᠠᠮᠵᠢᠭᠤᠯᠤᠨ᠂ ᠡᠯ᠎ᠡ ᠲᠥᠷᠥᠯ ᠤᠨ ᠭᠡᠷᠡᠴᠢ ᠮᠠᠲ᠋ᠧᠷᠢᠶᠠᠯ᠂ ︽ᠨᠢᠭᠡ ᠴᠣᠩᠬᠤ ᠪᠠᠷ ᠪᠦᠬᠦᠨ ᠢ ᠰᠢᠢᠳᠪᠦᠷᠢᠯᠡᠬᠦ︾ | ᠵᠡᠷᠭᠡ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ ᠢ ᠬᠠᠰᠤᠵᠤ | ᠬᠡᠯᠲᠦᠷᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠨ ᠲᠦᠭᠡᠮᠡᠯᠵᠢᠭᠦᠯᠦᠨ ᠤᠬᠠᠭᠤᠯᠵᠤ᠂ ᠬᠠᠷᠢᠶᠠᠲᠤ ᠣᠷᠣᠨ ᠤ | ᠬᠤᠳᠠᠯᠳᠤᠭᠠᠨ ᠤ ᠫᠦᠰᠡ ᠵᠡᠷᠭᠡ ᠬᠥᠮᠥᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠲᠤ ᠦᠢᠯᠡᠴᠢᠯᠡᠭᠡᠨ ᠤ ᠵᠠᠮᠴᠢᠯᠠᠬᠤ | ᠲᠠᠪᠴᠠᠩ ᠭᠠᠷᠭᠠᠵᠤ᠂ ᠭᠤᠣᠯᠳᠠᠭᠤ ᠡᠷᠦᠬᠡ ᠠᠮᠠ ᠶᠢᠨ ᠲᠠᠩᠰᠠ ᠪᠠᠨ ᠨᠡᠭᠦᠯᠭᠡᠨ ᠣᠷᠣᠭᠤᠯᠬᠤ᠂ ᠲᠥᠷᠥᠭᠦᠯᠦᠨ | ᠡᠷᠦᠬᠡ ᠠᠮᠠ ᠣᠷᠣᠭᠤᠯᠬᠤ᠂ ᠮᠠᠰᠢᠨᠲᠤ ᠲᠡᠷᠭᠡ ᠵᠢᠯᠤᠭᠤᠳᠬᠤ ᠦᠨᠡᠮᠯᠡᠯ ᠢᠶᠠᠨ ᠨᠥᠬᠦᠵᠦ ᠰᠣᠯᠢᠬᠤ ᠵᠡᠷᠭᠡ ᠥᠨᠳᠥᠷ | ᠳᠠᠪᠲᠠᠮᠵᠢᠲᠤ ᠲᠤᠬᠠᠶᠢᠯᠠᠭᠰᠠᠨ ᠠᠵᠢᠯ ᠤᠨ ᠲᠤᠬᠠᠢ ᠣᠯᠠᠨ ᠲᠦᠮᠡᠨ ᠳᠤ ᠲᠠᠶᠢᠯᠤᠮᠵᠢ ᠬᠢᠵᠦ᠂ ᠣᠯᠠᠨ ᠲᠦᠮᠡᠨ ᠤ | ᠬᠡᠷᠡᠭᠴᠡᠭᠡ ᠶᠢ ᠬᠠᠩᠭᠠᠵᠤ᠂ ︽ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ ᠪᠡᠶᠡᠯᠡᠭᠦᠯᠦᠨ᠎ᠡ᠃ | ᠡᠨᠡ ᠵᠢᠯ ᠠᠴᠠ ᠨᠠᠰᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠷ᠎ᠠ ᠬᠦᠤᠷ ᠤᠨ | ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡᠨ ᠤ ᠮᠠᠶ᠋ᠢᠭ︾ ᠤᠨ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ | ᠶᠡᠭᠡ ᠲᠢᠩᠬᠢᠮ ᠳᠤ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠢ ᠨᠡᠶᠢᠲᠡ 2000 ᠭᠠᠷᠤᠢ ᠤᠳᠠᠭ᠎ᠠ | ᠭᠦᠢᠴᠡᠳᠬᠡᠵᠦ᠂ 63 ᠤᠳᠠᠭ᠎ᠠ ᠤᠷᠢᠳᠴᠢᠯᠠᠨ ᠪᠣᠯᠵᠣᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠣᠨᠴᠠᠭᠠᠶ | ᠬᠠᠮᠲᠤᠯᠢᠭ ᠲᠤ 35 ᠤᠳᠠᠭ᠎ᠠ ᠦᠨᠡᠮᠯᠡᠯ ᠬᠦᠷᠭᠡᠵᠦ ᠥᠭᠴᠡᠢ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠢᠷ᠎ᠠ ᠬᠦᠤᠷ ᠤᠨ ᠲᠣᠮᠢᠯᠠᠭᠰᠠᠨ ᠰᠠᠯᠪᠤᠷᠢ ᠶᠢᠨ ︽ᠨᠢᠭᠡ ᠥᠷᠲᠡᠭᠡ | ᠮᠠᠶ᠋ᠢᠭ︾ ᠤᠨ ᠴᠠᠭᠳᠠᠭᠠᠨ ᠤ ᠶᠠᠪᠤᠳᠠᠯ ᠤᠨ ᠦᠢᠯᠡᠴᠢᠯᠡᠭᠡᠨ ᠤ ᠲᠢᠩᠬᠢᠮ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠢᠯ ᠶᠠᠪᠤᠳᠠᠯ ᠰᠢᠢᠳᠪᠦᠷᠢᠯᠡᠬᠦ ᠳᠡᠭᠡᠨ ︽ᠠᠯᠳᠠᠭ᠎ᠠ ᠦᠭᠡᠢ︾᠂ | ᠦᠢᠯᠡᠴᠢᠯᠡᠭᠡᠨ ᠤ ︽ᠵᠠᠢ ᠦᠭᠡᠢ︾᠂ ᠠᠵᠢᠯ ᠤᠨ ︽ᠵᠠᠭᠠᠯᠳᠤᠯᠭ᠎ᠠ ᠦᠭᠡᠢ︾ ᠪᠠᠶᠢᠬᠤ ᠪᠠᠷ ᠬᠠᠷᠠᠯᠲᠠ ᠪᠣᠯᠭᠠᠵᠤ᠂ | ︽ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ︾ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠣᠯᠠᠨ | ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ | ᠲᠦᠮᠡᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ᠃ |