ᠬᠤᠪᠢᠰᠬᠠᠯ ᠤᠨ ᠬᠦᠴᠦᠨ ᠳᠤ ︽ᠠᠩᠬᠠᠷᠤᠯ ᠢᠶᠠᠨ ᠲᠥᠪᠯᠡᠷᠡᠭᠦᠯᠵᠦ︾᠂ ᠦᠨᠳᠦᠰᠦᠨ ᠱᠠᠲᠤᠨ ᠤ ᠵᠠᠰᠠᠯᠲᠠ ᠳᠤ | ᠬᠦᠴᠦᠨ ᠴᠢᠳᠠᠯ ᠣᠯᠭᠤᠵᠤ ᠦᠷ᠎ᠡ ᠠᠰᠢᠭ ᠢ ᠨᠡᠮᠡᠭᠳᠡᠬᠦᠯᠪᠡ | ︽1+5+N+X︾ ᠰᠦᠯᠵᠢᠶᠡᠨ ᠤ ᠬᠠᠮᠢᠶᠠᠷᠤᠯᠲᠠ ᠶᠢᠨ ᠵᠠᠭᠪᠤᠷ ᠢ ᠡᠭᠦᠳᠦᠨ ᠪᠠᠶᠢᠭᠤᠯᠵᠤ᠂ ᠲᠣᠣᠷ ᠤᠨ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠬᠠᠷᠢᠶ᠎ᠠ ᠣᠷᠣᠨ ᠤ 5 ᠨᠡᠶᠢᠭᠡᠮ | ᠲᠣᠭᠤᠷᠢᠭ ᠤᠨ ᠨᠠᠮ ᠤᠨ ᠡᠭᠦᠷ᠂ ᠰᠦᠯᠵᠢᠶᠡᠨ ᠤ ᠨᠠᠮ ᠤᠨ ᠳᠤᠭᠤᠶᠢᠯᠠᠩ ᠢ 49 ᠪᠠᠶᠢᠭᠤᠯᠵᠤ᠂ 155 ᠨᠠᠮ ᠤᠨ | ᠭᠡᠰᠢᠭᠦᠨ ᠤ ᠲᠥᠪ ᠭᠠᠷᠭᠠᠵᠤ᠂ ︽ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠨᠡᠶᠢᠭᠡᠮ | ᠲᠣᠭᠤᠷᠢᠭ ᠤᠨ ᠨᠠᠮ ᠤᠨ ᠡᠭᠦᠷ ᠲᠣᠣᠷᠯᠢᠭ ᠨᠠᠮ ᠤᠨ ᠳᠤᠭᠤᠶᠢᠯᠠᠩ ᠨᠠᠮ ᠤᠨ ᠭᠡᠰᠢᠭᠦᠨ ᠤ ᠭᠤᠣᠯ ᠡᠷᠦᠬᠡ | ︾ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ ︽ᠬᠤᠶᠠᠷ ᠦᠶ᠎ᠡ ᠶᠢᠨ ᠨᠢᠭᠡ ᠭᠡᠰᠢᠭᠦᠨ︾᠂ | ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠵᠡᠷᠭᠡ | ᠬᠤᠪᠢᠰᠬᠠᠯᠲᠤ ᠬᠦᠴᠦᠨ ᠢ ᠥᠷᠭᠡᠨ ᠢᠶᠠᠷ ᠰᠢᠩᠭᠡᠬᠡᠨ ᠠᠪᠴᠤ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ | ᠰᠠᠯᠪᠤᠷᠢ ᠪᠠᠭ᠎ᠠ ᠠᠩᠭᠢ ᠶᠢ 49 ᠬᠤᠪᠢ᠂ ᠨᠠᠮ ᠤᠨ ᠭᠡᠰᠢᠭᠦᠨ ᠤ ᠭᠠᠪᠰᠢᠭᠠᠢ ᠠᠩᠭᠢ ᠶᠢ 12 ᠬᠤᠪᠢ᠂ ᠵᠥᠷᠢᠴᠡᠯ ᠢ | ᠡᠶᠡᠳᠡᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ 4 ᠵᠣᠬᠢᠶᠠᠨ ᠪᠠᠶᠢᠭᠤᠯᠵᠤ᠂ ︽ᠡᠭᠦᠳᠡ ᠲᠣᠭᠰᠢᠬᠤ︾ | ᠠᠵᠢᠯᠯᠠᠭ᠎ᠠ ᠶᠢ ᠥᠷᠨᠢᠭᠦᠯᠦᠨ᠂ ᠠᠰᠠᠷ ᠬᠦᠷᠢᠶᠡᠨ ᠳᠤ ᠣᠷᠣᠬᠤ᠂ ᠠᠶᠢᠯ ᠡᠷᠦᠬᠡ ᠳᠤ ᠣᠷᠣᠬᠤ ᠪᠠᠷ ᠳᠠᠮᠵᠢᠭᠤᠯᠤᠨ᠂ | ᠬᠥᠷᠰᠢ ᠵᠡᠷᠭᠡᠯᠡᠳᠡᠭᠡ᠂ ᠠᠳᠠᠯ ᠠᠬᠤᠢ᠂ ᠭᠡᠷ ᠪᠦᠯᠢ ᠵᠡᠷᠭᠡ ᠤᠯᠠᠨ ᠵᠦᠢᠯ ᠤᠨ ᠵᠢᠭᠤᠷᠠᠯᠳᠤᠭᠠᠨ ᠤ ᠲᠣᠭᠤᠷᠢᠨ ᠳᠤ | ᠠᠷᠠᠳ ᠤᠨ ᠰᠡᠳᠬᠢᠯ ᠢ ᠠᠷᠢᠯᠭᠠᠵᠤ᠂ ᠰᠡᠳᠬᠢᠯ ᠤᠨ ᠵᠠᠩᠭᠢᠷᠠᠭ᠎ᠠ ᠶᠢ ᠠᠷᠢᠯᠭᠠᠪᠠ᠃ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠨᠡᠶᠢᠳᠡ 63 ᠪᠦᠯᠦᠭ ᠤᠳᠠᠭ᠎ᠠ ᠥᠷᠨᠢᠭᠦᠯᠵᠦ᠂ ᠰᠠᠭᠤᠭᠠᠯᠢ ᠠᠷᠠᠳ ᠤᠨ | ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠤᠵᠠᠷ ᠮᠠᠭᠤ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ᠂ ᠴᠠᠬᠢᠯᠭᠠᠨ ᠬᠡᠮᠵᠢᠭᠦᠷ ᠤᠨ ᠬᠠᠶᠢᠷᠴᠠᠭ ᠢ ᠢᠯᠡ ᠭᠠᠷᠭᠠᠬᠤ᠂ ᠭᠠᠵᠠᠷ ᠳᠣᠣᠷᠠᠬᠢ | ᠬᠤᠳᠳᠤᠭ ᠲᠤ ᠤᠰᠤ ᠨᠡᠪᠴᠢᠬᠦ ᠵᠡᠷᠭᠡ 220 ᠠᠰᠠᠭᠤᠳᠠᠯ ᠢ ᠰᠢᠢᠳᠪᠦᠷᠢᠯᠡᠪᠡ᠃ | ᠣᠨᠴᠠᠯᠢᠭᠲᠤ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠪᠠᠬᠢᠵᠢᠭᠦᠯᠪᠡ᠃ | ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠨᠴᠠᠯᠢᠭᠲᠤ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠭᠡᠷ ᠪᠦᠯᠢ ᠶᠢᠨ ᠨᠠᠰᠤᠵᠢᠯᠲᠠ ᠳᠤ ᠲᠣᠬᠢᠷᠠᠬᠤ | ᠦᠢᠯᠡᠴᠢᠯᠡᠭᠡ ᠶᠢ ᠶᠡᠭᠡ ᠪᠠᠷ ᠠᠬᠢᠭᠤᠯᠵᠤ᠂ ᠬᠠᠷᠢᠶᠠᠲᠤ ᠣᠷᠣᠨ ᠤ ᠪᠠᠨ ᠶᠠᠳᠠᠭᠤ ᠬᠦᠴᠢᠷᠳᠡᠯᠲᠡᠢ ᠥᠨᠳᠥᠷ ᠨᠠᠰᠤᠲᠠᠢ | ᠂ ᠭᠡᠷ ᠲᠡᠭᠡᠨ ᠬᠤᠴᠣᠷᠤᠭᠰᠠᠨ᠂ ᠵᠡᠮᠳᠡᠭ᠂ ᠴᠢᠳᠠᠪᠤᠷᠢ ᠪᠠᠨ ᠠᠯᠳᠠᠭᠰᠠᠨ ᠵᠢᠴᠢ ᠴᠢᠳᠠᠪᠤᠷᠢ ᠪᠠᠨ ᠬᠠᠭᠠᠰ ᠠᠯᠳᠠᠭᠰᠠᠨ | ᠨᠠᠰᠤᠲᠠᠶᠢᠴᠤᠳ ᠲᠤ ᠠᠩᠬᠠᠷᠤᠯ ᠢᠶᠠᠨ ᠲᠥᠪᠯᠡᠷᠡᠭᠦᠯᠵᠦ᠂ ᠡᠷᠦᠬᠡ ᠳᠤ ᠬᠦᠷᠴᠦ ᠦᠨᠡᠯᠡᠨ ᠵᠢᠱᠢᠬᠦ᠂ ᠲᠥᠰᠥᠯ | ᠲᠥᠰᠥᠪᠯᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠢᠯᠡᠴᠢᠯᠡᠭᠡᠨ ᠤ ᠮᠥᠷᠳᠡᠯᠲᠡ ᠵᠡᠷᠭᠡ ᠵᠠᠩᠭᠢᠯᠠᠭ᠎ᠠ ᠶᠢᠨ | ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ᠨᠠᠰᠤᠵᠢᠯᠲᠠ ᠳᠤ ᠲᠣᠬᠢᠷᠠᠬᠤ ᠦᠢᠯᠡᠴᠢᠯᠡᠭᠡ ᠶᠢ ᠯᠠᠪᠳᠠᠭᠤᠨ ᠪᠠᠲᠤᠲᠠᠢ | ᠡᠮᠬᠢ ᠵᠢᠷᠤᠮ ᠲᠠᠢ ᠠᠬᠢᠭᠤᠯᠵᠤ᠂ ᠵᠦᠰᠬᠤᠸᠠ ᠡᠮᠦᠨ᠎ᠡ ᠤᠮᠠᠷ᠎ᠠ ᠶᠢᠨ ᠬᠦᠷᠢᠶᠡᠯᠡᠩ ᠤᠨ 12 ᠠᠰᠠᠷ ᠲᠤ 120 | ᠭᠠᠷᠤᠢ ᠡᠷᠦᠬᠡ ᠨᠠᠰᠤᠲᠠᠶᠢᠴᠤᠳ ᠲᠠᠢ ᠬᠤᠯᠪᠣᠭᠳᠠᠪᠠᠯ᠂ ᠠᠰᠠᠷ ᠤᠨ ᠱᠠᠲᠤᠨ ᠤ ᠰᠠᠭᠠᠳ ᠦᠭᠡᠢ ᠠᠮᠤᠷ ᠲᠦᠪᠰᠢᠨ ᠤ | ᠲᠦᠰᠢᠭᠦᠷ ᠢ ᠲᠥᠪᠯᠡᠷᠡᠭᠦᠯᠦᠨ ᠤᠭᠰᠠᠷᠠᠬᠤ ᠶᠢᠨ ᠬᠠᠮᠲᠤ᠂ ᠬᠤᠪᠢ ᠬᠥᠮᠥᠨ ᠤ ᠬᠡᠷᠡᠭᠴᠡᠭᠡ ᠪᠠᠨ ᠦᠨᠳᠦᠰᠦᠯᠡᠨ | ᠨᠡᠶᠢᠲᠡ 6.3 ᠲᠦᠮᠡᠨ ᠲᠥᠭᠦᠷᠢᠭ ᠣᠷᠣᠭᠤᠯᠵᠤ᠂ 55 ᠣᠨᠴᠠᠭᠠᠶ ᠨᠠᠰᠤᠲᠠᠨ ᠳᠤ ᠡᠮᠨᠡᠯᠭᠡ ᠶᠢᠨ ᠣᠷᠣ᠂ ᠴᠠᠬᠢᠯᠭᠠᠨ | ᠬᠥᠳᠡᠯᠭᠡᠭᠦᠷᠲᠦ ᠬᠦᠷᠳᠦᠲᠦ ᠰᠠᠨᠳᠠᠯᠢ᠂ ᠠᠶᠠᠯᠠᠯ ᠤᠨ ᠪᠠᠭᠠᠵᠢ᠂ ᠲᠠᠶᠠᠭ᠂ ᠴᠢᠰᠤᠨ ᠳᠠᠷᠤᠯᠲᠠ ᠶᠢᠨ ᠬᠡᠮᠵᠢᠭᠦᠷ᠂ | ᠴᠢᠰᠤᠨ ᠰᠢᠬᠢᠷ ᠤᠨ ᠬᠡᠮᠵᠢᠭᠦᠷ ᠵᠡᠷᠭᠡ ᠶᠢ ᠨᠡᠶᠢᠲᠡ 60 ᠬᠦᠷᠭᠡᠵᠦ ᠥᠭᠬᠦ ᠶᠢᠨ ᠬᠠᠮᠲᠤ᠂ ᠭᠠᠭᠴᠠᠭᠠᠷ ᠰᠠᠭᠤᠭ᠎ᠠ | ᠨᠠᠰᠤᠲᠠᠨ ᠳᠤ 18 ᠬᠠᠮᠠᠭᠠᠯᠠᠯᠲᠠ ᠶᠢᠨ ᠬᠡᠷᠡᠰᠬᠡ ᠵᠡᠷᠭᠡ ᠶᠢ ᠤᠭᠰᠠᠷᠠᠵᠤ ᠥᠭᠪᠡ︔ ︽ᠮᠥᠩᠭᠦᠨ ᠦᠰᠦᠲᠦ | ᠲᠣᠩᠰᠢᠭᠤᠯ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ︽ᠤᠯᠠᠭᠠᠨ ᠠᠨᠠᠷ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ᠂ ︽ᠬᠤᠩ ᠶᠦᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ 3 ᠵᠣᠬᠢᠶᠠᠨ | ᠪᠠᠶᠢᠭᠤᠯᠵᠤ᠂ ︽ᠲᠣᠭᠤᠷᠢᠭ ᠰᠢᠷᠡᠭᠡᠨ ᠤ ᠴᠤᠭᠯᠠᠷᠠᠯ︾ ᠤᠨ ᠬᠡᠷᠡᠭ ᠵᠥᠪᠯᠡᠬᠦ ᠲᠠᠪᠴᠠᠩ ᠢ ᠪᠠᠶᠢᠭᠤᠯᠵᠤ᠂ ︽ | ᠵᠢᠷᠭᠤᠭᠠᠨ ᠶᠠᠪᠤᠳᠠᠯ︾ ᠤᠨ ᠬᠡᠷᠡᠭ ᠵᠥᠪᠯᠡᠬᠦ ᠵᠠᠭᠪᠤᠷ ᠨᠢ ᠬᠡᠷᠡᠭ ᠶᠠᠷᠢᠬᠤ᠂ ᠬᠡᠷᠡᠭ ᠵᠥᠪᠯᠡᠬᠦ᠂ ᠬᠡᠷᠡᠭ ᠰᠢᠢᠳᠪᠦᠷᠢᠯᠡᠬᠦ | ᠂ ᠬᠡᠷᠡᠭ ᠢᠯᠡᠷᠡᠭᠦᠯᠬᠦ᠂ ᠬᠡᠷᠡᠭ ᠬᠢᠨᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ᠂ ᠵᠥᠷᠢᠴᠡᠯ ᠢ | ᠨᠠᠮᠳᠠᠭᠤᠯᠬᠤ᠂ ᠠᠳᠠᠯ ᠠᠬᠤᠢ ᠶᠢᠨ ᠦᠢᠯᠡᠴᠢᠯᠡᠭᠡ᠂ ᠠᠮᠤᠷ ᠠᠮᠤᠭᠤᠯᠠᠩ ᠤᠨ ᠪᠠᠶᠢᠭᠤᠯᠤᠯᠲᠠ ᠵᠡᠷᠭᠡ ᠲᠠᠯ᠎ᠠ ᠪᠠᠷ ︽ | ᠭᠡᠷ ᠪᠦᠯᠢ ᠶᠢᠨ ᠮᠠᠶ᠋ᠢᠭ︾ ᠤᠨ ᠶᠠᠷᠢᠯᠴᠠᠨ ᠰᠣᠯᠢᠯᠴᠠᠬᠤ᠂ ᠰᠠᠨᠠᠯ ᠬᠤᠷᠢᠶᠠᠬᠤ ᠰᠢᠨ᠎ᠡ ᠵᠠᠭᠪᠤᠷ ᠢ ᠪᠣᠶ ᠪᠣᠯᠭᠠᠨ᠎ᠠ᠃ | 2023 ᠣᠨ ᠳᠤ᠂ | ᠬᠡᠷᠡᠭ ᠵᠥᠪᠯᠡᠬᠦ ᠳᠤ ᠣᠷᠣᠯᠴᠠᠭᠰᠠᠨ ᠨᠢᠭᠡᠴᠡ ᠨᠡᠶᠢᠲᠡ 37 ᠪᠠᠶᠢᠵᠤ᠂ ᠬᠡᠷᠡᠭ ᠵᠥᠪᠯᠡᠬᠦ ᠳᠤ ᠣᠷᠣᠯᠴᠠᠭᠰᠠᠨ | ᠰᠠᠭᠤᠭᠠᠯᠢ ᠠᠷᠠᠳ 256 ᠬᠥᠮᠥᠨ ᠤᠳᠠᠭ᠎ᠠ᠂ ᠵᠥᠪᠯᠡᠬᠦ ᠰᠡᠳᠦᠪ ᠢ ᠵᠥᠪᠳᠡᠯᠴᠡᠨ ᠶᠠᠷᠢᠯᠴᠠᠭᠰᠠᠨ ᠨᠢ 169 | ᠪᠠᠶᠢᠵᠤ᠂ ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠡᠢ᠃ ︽ᠤᠷᠠᠨ ᠡᠵᠢ ᠶᠢᠨ ᠭᠠᠷ ᠤᠷᠠᠯᠠᠯ ᠤᠨ | ᠨᠡᠬᠡᠮᠡᠯ︾ ᠢ ᠪᠠᠶᠢᠭᠤᠯᠤᠨ ᠬᠤᠷᠤᠭᠤᠨ ᠤ ᠦᠵᠦᠭᠦᠷ ᠤᠨ ᠠᠵᠤ ᠠᠬᠤᠢ ᠶᠢ ᠡᠭᠦᠳᠦᠨ ᠪᠦᠲᠦᠭᠡᠵᠦ᠂ ᠲᠤᠬᠠᠢ ᠶᠢᠨ | ᠭᠠᠵᠠᠷ ᠤᠨ ᠡᠮᠡᠭᠲᠡᠶᠢᠴᠦᠳ ᠤᠨ ᠠᠵᠢᠯ ᠣᠯᠵᠤ ᠦᠢᠯᠡᠰ ᠴᠣᠭᠴᠠᠯᠠᠬᠤ ᠳᠤ ᠲᠠᠪᠴᠠᠩ ᠪᠠᠶᠢᠭᠤᠯᠤᠨ ᠥᠭᠴᠦ᠂ | ᠨᠡᠶᠢᠲᠡ 240 ᠭᠠᠷᠤᠢ ᠡᠮᠡᠭᠲᠡᠶᠢᠴᠦᠳ ᠢ ᠳᠠᠶᠢᠴᠢᠯᠠᠨ ᠠᠵᠢᠯ ᠣᠯᠭᠤᠵᠤ᠂ ᠪᠦᠲᠦᠭᠡᠭᠳᠡᠬᠦᠨ ᠤ ᠠᠷᠠᠯᠵᠢᠶ᠎ᠠ | ᠪᠦᠲᠦᠭᠰᠡᠨ ᠵᠠᠬᠢᠶᠠᠯᠠᠭ᠎ᠠ ᠶᠢᠨ ᠬᠠᠭᠤᠳᠠᠰᠤ ᠶᠢᠨ ᠲᠤᠭ᠎ᠠ 1500 ᠭᠠᠷᠤᠢ ᠬᠠᠭᠤᠳᠠᠰᠤ ᠳᠤ ᠬᠦᠷᠴᠦ᠂ | ᠦᠢᠯᠡᠳᠬᠦᠨ ᠤ ᠥᠷᠲᠡᠭ ᠨᠢ 65 ᠲᠦᠮᠡ ᠭᠠᠷᠤᠢ ᠲᠥᠭᠦᠷᠢᠭ ᠲᠤ ᠬᠦᠷᠴᠡᠢ᠃ | | |