2023 ᠣᠨ ᠳᠤ᠂ ᠲᠦᠩᠯᠢᠶᠣᠣ ᠬᠤᠲᠠ ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠢᠶᠠᠷ | ᠠᠬᠢᠭᠤᠯᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠠᠯᠠᠪᠠᠶ ᠶᠢ | ᠲᠣᠭᠲᠠᠪᠤᠷᠢᠵᠢᠭᠤᠯᠵᠤ᠂ ᠭᠠᠷᠤᠯᠲᠠ ᠶᠢ ᠭᠠᠷᠭᠠᠨ ᠠᠪᠴᠤ᠂ ᠶᠡᠷᠦᠩᠬᠡᠢ ᠭᠠᠷᠤᠯᠲᠠ ᠶᠢ ᠨᠡᠮᠡᠭᠳᠡᠭᠦᠯᠦᠭᠰᠡᠨ ᠢᠶᠠᠷ ᠪᠥᠬᠦ | ᠬᠤᠲᠠ ᠶᠢᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 189 ᠳ᠋ᠦᠩᠰᠢᠭᠤᠷ | ᠵᠢᠩ ᠳᠤ ᠬᠦᠷᠴᠦ᠂ ᠲᠦᠷᠦᠭᠦᠸ ᠵᠢᠯ ᠤᠨ ᠬᠢ ᠠᠴᠠ 2.25 ᠳ᠋ᠦᠩᠰᠢᠭᠤᠷ ᠵᠢᠩ ᠨᠡᠮᠡᠭᠳᠡᠪᠡ︔ ᠠᠮᠤ ᠪᠤᠳᠠᠭᠠᠨ ᠤ | ᠲᠠᠷᠢᠮᠠᠯ ᠤᠨ ᠲᠠᠯᠠᠪᠠᠢ 1893 ᠲᠦᠮᠡᠨ ᠮᠦ ᠳᠤ ᠬᠦᠷᠴᠦ᠂ ᠳᠡᠭᠡᠷ᠎ᠡ ᠵᠢᠯ ᠤᠨ ᠬᠢ ᠠᠴᠠ 4.54 ᠲᠦᠮᠡᠨ ᠮᠦ | ᠨᠡᠮᠡᠭᠳᠡᠵᠡᠢ︔ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ 99839 ᠵᠢᠩ ᠳᠤ ᠬᠦᠷᠴᠦ᠂ ᠲᠦᠷᠦᠭᠦᠦ | ᠵᠢᠯ ᠤᠨ ᠬᠢ ᠠᠴᠠ 95 ᠵᠢᠩ ᠨᠡᠮᠡᠭᠳᠡᠵᠦ᠂ ᠲᠠᠯᠠᠪᠠᠢ᠂ ᠲᠠᠯᠠᠪᠠᠢ ᠨᠢᠭᠡᠴᠢ ᠶᠢᠨ ᠤᠨᠠᠯᠲᠠ ᠪᠠ ᠶᠡᠷᠦᠩᠬᠡᠢ ᠤᠨᠠᠯᠲᠠ ᠶᠢᠨ | ︽ᠭᠤᠷᠪᠠᠨ ᠨᠡᠮᠡᠭᠳᠡᠯ︾ ᠢᠶᠠᠷ ᠠᠮᠤ ᠪᠤᠳᠠᠭᠠᠨ ᠤ ᠦᠢᠯᠡᠳᠪᠦᠷᠢᠯᠡᠯ ᠤᠨ ︽20 ᠵᠢᠯ ᠳᠠᠷᠠᠭᠠᠯᠠᠨ ᠡᠯᠪᠡᠭ ᠬᠤᠷᠢᠶᠠᠯᠲᠠ︾ | ᠶᠢ ᠤᠭᠲᠤᠨ ᠠᠪᠴᠢᠷᠠᠪᠠ᠃ | | 2023 ᠣᠨ ᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠭᠠᠵᠠᠷ ᠲᠡᠭᠰᠢᠯᠡᠬᠦ ᠦᠵᠡᠭᠦᠯᠦᠯᠭᠡ ᠶᠢᠨ ᠴᠤᠭᠯᠠᠭᠠᠨ ᠤ ᠲᠤᠬᠠᠢ ᠶᠢᠨ | ᠲᠠᠯᠠᠪᠠᠢ ᠳᠤ᠄ | ᠲᠦᠩᠯᠢᠶᠣᠣ ᠬᠤᠲᠠ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠦᠷᠢ᠂ ᠠᠮᠤ ᠪᠤᠳᠠᠭ᠎ᠠ | ᠳᠠᠷᠢᠬᠤ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ᠂ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠨᠥᠬᠦᠪᠦᠷᠢ᠂ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠦᠢᠯᠡᠳᠪᠦᠷᠢᠯᠡᠭᠴᠢᠳ ᠲᠤ ᠣᠯᠭᠤᠬᠤ | ᠨᠥᠬᠦᠪᠦᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ 25.4975 ᠳ᠋ᠦᠩᠰᠢᠭᠤᠷ ᠲᠥᠭᠦᠷᠢᠭ | ᠲᠠᠷᠬᠠᠭᠠᠵᠤ᠂ ᠰᠢᠷ᠎ᠠ ᠪᠤᠷᠴᠠᠭ ᠤᠨ ᠨᠥᠬᠦᠪᠦᠷᠢ ᠶᠢᠨ ᠪᠠᠷᠢᠮᠵᠢᠶ᠎ᠠ ᠶᠢ 400 ᠲᠥᠭᠦᠷᠢᠭ ᠪᠣᠯᠭᠠᠨ ᠳᠡᠭᠡᠭᠰᠢᠯᠡᠭᠦᠯᠪᠡ᠃ | ᠴᠢᠨᠠᠷ ᠰᠠᠶᠢᠲᠠᠢ ᠥᠨᠳᠥᠷ ᠦᠷ᠎ᠡ ᠠᠰᠢᠭ ᠲᠠᠢ ᠪᠠᠷ ᠠᠮᠤ ᠪᠤᠳᠠᠭ᠎ᠠ ᠶᠢ ᠨᠡᠮᠡᠭᠳᠡᠭᠦᠯᠬᠦ᠂ ᠪᠣᠬᠢᠷᠲᠤᠯ ᠦᠭᠡᠢ ᠥᠨᠳᠥᠷ | ᠤᠨᠠᠯᠲᠠ ᠲᠠᠢ ᠥᠨᠳᠥᠷ ᠦᠷ᠎ᠡ ᠠᠰᠢᠭ ᠲᠠᠢ᠂ ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ | ᠨᠡᠮᠡᠭᠳᠡᠭᠦᠯᠬᠦ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠨᠢᠭᠡ ᠶᠢ | ᠰᠦᠷᠴᠢᠵᠦ ᠤᠯᠠᠨ ᠢ ᠠᠬᠢᠭᠤᠯᠬᠤ ᠵᠡᠷᠭᠡ ᠵᠦᠢᠯᠡᠰ ᠤᠨ ᠪᠡᠯᠡ ᠮᠥᠩᠭᠦ ᠶᠢ 27187 ᠳ᠋ᠦᠩᠰᠢᠭᠤᠷ ᠲᠥᠭᠦᠷᠢᠭ | ᠲᠣᠬᠢᠷᠠᠭᠤᠯᠵᠤ᠂ ᠠᠮᠤ ᠪᠤᠳᠠᠭ᠎ᠠ ᠳᠤᠰᠤᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠥᠪᠯᠡᠷᠡᠭᠦᠯᠦᠨ ᠳᠡᠮᠵᠢᠪᠡ᠃ ᠨᠥᠬᠦᠪᠦᠷᠢ ᠪᠡᠯᠡ | ᠮᠥᠩᠭᠦ ᠪᠠ ᠵᠦᠢᠯᠡᠰ ᠤᠨ ᠪᠡᠯᠡ ᠮᠥᠩᠭᠦ ᠶᠢᠨ ᠬᠦᠴᠦᠲᠡᠢ ᠳᠡᠮᠵᠢᠯᠭᠡ ᠨᠢ ᠲᠠᠷᠢᠶᠠᠴᠢᠳ ᠤᠨ ᠠᠮᠤ ᠪᠤᠳᠠᠭ᠎ᠠ ᠪᠠᠨ | ᠰᠠᠶᠢᠨ ᠲᠠᠷᠢᠬᠤ᠂ ᠠᠮᠤ ᠪᠤᠳᠠᠭ᠎ᠠ ᠪᠠᠨ ᠢᠯᠡᠭᠦᠦ ᠬᠤᠷᠢᠶᠠᠬᠤ ᠢᠳᠡᠪᠬᠢᠵᠢᠯ ᠢ ᠲᠤᠶᠢᠯ ᠤᠨ ᠶᠡᠭᠡ ᠪᠠᠷ ᠳᠠᠶᠢᠴᠢᠯᠠᠭᠰᠠᠨ | ᠪᠠᠶᠢᠨ᠎ᠠ᠃ | ᠬᠤᠷᠢᠶᠠᠭᠰᠠᠨ ᠡᠷᠳᠡᠨᠢ ᠰᠢᠰᠢ ᠪᠠᠨ ᠰᠢᠭᠤᠳ ᠠᠮᠤ ᠪᠤᠳᠠᠭᠠᠨ ᠤ ᠪᠠᠩᠬᠢ ᠳᠤ ᠬᠦᠷᠭᠡᠪᠡ᠃ | 2023 ᠣᠨ ᠳᠤ 56 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ | ᠪᠥᠬᠦ ᠬᠤᠲᠠ ᠳᠤ ᠨᠢᠭᠡᠨᠲᠡ ᠲᠠᠷᠢᠶᠠᠨ ᠭᠠᠵᠠᠷ᠂ ᠰᠢᠷᠣᠢ᠂ ᠤᠰᠤ᠂ ᠵᠠᠮ᠂ ᠣᠶ ᠰᠢᠭᠤᠢ᠂ ᠴᠠᠬᠢᠯᠭᠠᠨ᠂ ᠮᠡᠷᠭᠡᠵᠢᠯ᠂ | ᠬᠤᠭᠤᠯᠠᠢ ᠵᠡᠷᠭᠡ ᠶᠢ ᠬᠠᠮᠤᠷᠤᠭᠰᠠᠨ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠥᠨᠳᠥᠷ ᠪᠦᠲᠦᠮᠵᠢᠲᠡᠶ ᠤᠰᠤ | ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 661 ᠲᠦᠮᠡᠨ ᠮᠦ ᠪᠠᠶᠢᠭᠤᠯᠵᠤ᠂ ᠠᠮᠤ ᠪᠤᠳᠠᠭᠠᠨ ᠤ | ᠲᠣᠭᠲᠠᠭᠤᠨ ᠪᠥᠭᠡᠳ ᠥᠨᠳᠥᠷ ᠤᠨᠠᠯᠲᠠ ᠲᠠᠢ ᠪᠣᠯᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ | ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠢᠯᠵᠢᠷᠡᠵᠦ ᠪᠣᠯᠪᠠᠰᠤᠷᠠᠭᠰᠠᠨ ᠲᠠᠷᠢᠶᠠᠴᠢᠨ ᠠᠶᠢᠯ ᠤᠨ | ᠪᠣᠷᠳᠣᠭᠤᠷ ᠢ 844 ᠲᠦᠮᠡᠨ ᠮᠦ ᠨᠡᠮᠡᠵᠦ᠂ ᠪᠥᠬᠦ ᠬᠤᠲᠠ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠲᠠᠯᠠᠪᠠᠶ | 134.5 ᠲᠦᠮᠡᠨ ᠮᠦ᠂ 67 ᠲᠦᠮᠡᠨ ᠮᠦ ᠡᠭᠡᠯᠵᠢᠯᠡᠨ ᠳᠠᠷᠢᠵᠤ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ | ᠴᠢᠨᠠᠷᠲᠠᠢ ᠲᠠᠷᠢᠶᠠᠯᠠᠬᠤ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠵᠢᠱᠢᠶ᠎ᠡ ᠦᠵᠡᠭᠦᠯᠬᠦ 6 ᠲᠥᠷᠥᠯ ᠵᠦᠢᠯ ᠢ | ᠥᠷᠨᠢᠭᠦᠯᠵᠦ᠂ ᠬᠥᠷᠥᠰᠥ ᠰᠢᠷᠣᠢ ᠶᠢᠨ ᠣᠷᠭᠠᠨᠢᠭ ᠪᠣᠳᠠᠰ ᠤᠨ ᠠᠭᠤᠯᠤᠭᠳᠠᠴᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠰᠢᠷᠣᠢ ᠶᠢᠨ ᠪᠦᠲᠦᠴᠡ ᠶᠢ ᠰᠢᠯᠢᠳᠡᠭᠵᠢᠭᠦᠯᠪᠡ᠃ | ᠳᠥᠷᠪᠡ ᠶᠢ ᠡᠵᠡᠮᠳᠡᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 2023 ᠣᠨ ᠳᠤ ᠪᠥᠬᠦ ᠬᠤᠲᠠ ᠶᠢᠨ | ᠬᠥᠷᠥᠰᠥ ᠰᠢᠷᠣᠢ ᠶᠢ ᠬᠡᠮᠵᠢᠨ ᠨᠠᠶᠢᠷᠠᠯᠭ᠎ᠠ ᠲᠠᠢ ᠪᠣᠷᠳᠣᠭᠤᠷ ᠣᠷᠣᠭᠤᠯᠬᠤ ᠮᠡᠷᠭᠡᠵᠢᠯ ᠤᠨ ᠳᠡᠯᠭᠡᠷᠡᠭᠦᠯᠦᠯᠲᠡ ᠶᠢᠨ | ᠨᠣᠷᠮ᠎ᠠ ᠶᠢ 90% ᠠᠴᠠ ᠳᠡᠭᠡᠭᠰᠢ ᠪᠠᠶᠢᠯᠭᠠᠵᠤ᠂ ᠡᠪᠡᠰᠦ ᠠᠷᠢᠯᠭᠠᠬᠤ ᠲᠠᠯᠠᠪᠠᠶ ᠶᠢ 1800 ᠲᠦᠮᠡᠨ ᠮᠦ ︵ | ᠤᠳᠠᠭ᠎ᠠ︶ ᠨᠠᠷᠢᠯᠢᠭ ᠣᠨᠣᠴᠠᠲᠠᠢ ᠪᠠᠷ ᠠᠷᠢᠯᠭᠠᠵᠤ᠂ ᠥᠨᠳᠥᠷ ᠦᠷ᠎ᠡ ᠠᠰᠢᠭᠲᠤ ᠤᠷᠭᠤᠮᠠᠯ ᠤᠨ ᠬᠠᠮᠠᠭᠠᠯᠠᠯᠲᠠ ᠶᠢᠨ | ᠮᠠᠰᠢᠨ ᠢ 50 ᠲᠦᠮᠡ ︵ᠢᠵᠢ︶ ᠬᠡᠷᠡᠭᠯᠡᠪᠡ᠃ ᠪᠥᠬᠦ ᠬᠤᠲᠠ ᠶᠢᠨ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ | ᠪᠠᠶᠠᠯᠢᠭᠵᠢᠭᠤᠯᠤᠨ ᠠᠰᠢᠭᠯᠠᠬᠤ ᠨᠣᠷᠮ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠰᠦᠯᠢᠶᠥᠦ | ᠪᠦᠷᠬᠦᠭᠦᠯ ᠤᠨ ᠪᠤᠴᠠᠭᠠᠨ ᠬᠤᠷᠢᠶᠠᠬᠤ ᠨᠣᠷᠮ᠎ᠠ ᠲᠣᠰ ᠲᠣᠰ 84%᠂ 91%᠂ 87% ᠳᠤ ᠬᠥᠷᠪᠡ᠃ | | ᠲᠤᠰᠬᠠᠢ ᠮᠡᠷᠭᠡᠵᠢᠯᠲᠡᠨ ᠤ ᠳᠤᠭᠤᠶᠢᠯᠠᠩ ᠲᠠᠷᠢᠶᠠᠨ ᠭᠠᠵᠠᠷ ᠲᠤ ᠤᠨᠠᠯᠲᠠ ᠶᠢ ᠬᠡᠮᠵᠢᠪᠡ᠃ | 2023 ᠣᠨ ᠳᠤ 10 ᠲᠠᠷᠢᠶᠠᠨ ᠦᠷ᠎ᠡ ᠰᠣᠩᠭᠤᠬᠤ ᠲᠠᠪᠴᠠᠩ ᠢ ᠪᠠᠶᠢᠭᠤᠯᠵᠤ᠂ ᠴᠢᠨᠠᠷ ᠰᠠᠶᠢᠲᠠᠢ᠂ ᠥᠨᠳᠥᠷ | ᠤᠨᠠᠯᠲᠠ ᠲᠠᠢ᠂ ᠨᠢᠭᠲᠠ ᠳᠠᠭᠠᠭᠠᠮᠠᠭᠠᠢ᠂ ᠰᠥᠷᠬᠦ ᠶᠢ ᠳᠠᠭᠠᠭᠠᠬᠤ᠂ ᠮᠠᠰᠢᠨ ᠢᠶᠠᠷ ᠬᠤᠷᠢᠶᠠᠬᠤ ᠳᠤ ᠲᠣᠬᠢᠷᠠᠮᠵᠢᠲᠠᠢ | 15 ᠡᠭᠦᠯᠳᠡᠷ ᠢ | ᠰᠢᠯᠭᠠᠨ ᠰᠣᠩᠭᠤᠵᠤ ᠨᠡᠶᠢᠲᠡᠯᠡᠨ᠎ᠡ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠲᠤ ᠲᠦᠰᠢᠭᠯᠡᠨ᠂ ᠰᠢᠨ᠎ᠡ ᠡᠭᠦᠯᠳᠡᠷ ᠢ ᠢᠳᠡᠪᠬᠢᠲᠡᠢ ᠪᠠᠷ ᠰᠣᠩᠭᠤᠨ | ᠪᠣᠶᠢᠵᠢᠭᠤᠯᠵᠤ ᠰᠤᠳᠤᠯᠤᠨ ᠨᠡᠭᠡᠭᠡᠵᠦ᠂ ᠲᠠᠷᠢᠶᠠᠯᠠᠩ ᠳᠤ ᠬᠡᠷᠡᠭᠯᠡᠬᠦ ᠡᠭᠦᠯᠳᠡᠷ ᠤᠨ ᠴᠢᠨᠠᠷ ᠰᠠᠶᠢᠲᠠᠢ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ︽1+8+N︾ ᠵᠠᠭᠪᠤᠷ ᠢ ᠬᠡᠷᠡᠭᠯᠡᠨ᠂ 2023 ᠣᠨ ᠳᠤ ᠡᠷᠳᠡᠨᠢ ᠰᠢᠰᠢ ᠶᠢ | ᠨᠢᠭᠲᠠ ᠳᠠᠷᠢᠬᠤ ᠳᠤ 100 ᠥᠨᠳᠥᠷ ᠤᠨᠠᠯᠲᠠ ᠲᠠᠢ ᠵᠠᠭᠤᠨ ᠮᠦ ᠲᠠᠷᠢᠶᠠᠨ ᠭᠠᠵᠠᠷ ᠢ ᠨᠠᠷᠢᠯᠢᠭ ᠣᠨᠣᠴᠠᠲᠠᠢ ᠪᠠᠷ | ᠲᠣᠬᠢᠷᠠᠭᠤᠯᠤᠨ ᠡᠵᠡᠮᠳᠡᠵᠦ᠂ ᠮᠢᠩᠭᠠᠨ ᠮᠦ ᠳᠥᠷᠪᠡᠯᠵᠢᠨ ᠮᠧᠲᠷ 125᠂ ᠲᠦᠮᠡᠨ ᠮᠦ ᠬᠠᠪᠲᠠᠭᠠᠢ 30 ᠶᠢ | ᠪᠠᠶᠢᠭᠤᠯᠵᠤ᠂ ᠡᠷᠳᠡᠨᠢ ᠰᠢᠰᠢ ᠶᠢ ᠨᠢᠭᠲᠠ ᠳᠠᠷᠢᠬᠤ ᠳᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ | ᠥᠨᠳᠥᠷ ᠤᠨᠠᠯᠲᠠ ᠲᠠᠢ ᠮᠡᠷᠭᠡᠵᠢᠯ ᠤᠨ ᠲᠠᠯᠠᠪᠠᠶ ᠶᠢ 238 ᠲᠦᠮᠡᠨ ᠮᠦ ᠲᠣᠬᠢᠷᠠᠭᠤᠯᠤᠨ ᠡᠵᠡᠮᠳᠡᠵᠦ᠂ ᠪᠥᠬᠦ | ᠬᠤᠲᠠ ᠶᠢᠨ ︽ᠲᠣᠨ ᠠᠮᠤ ᠶᠢᠨ ᠲᠠᠷᠢᠶᠠᠨ ᠭᠠᠵᠠᠷ︾ ᠤᠨ ᠲᠠᠯᠠᠪᠠᠶ ᠶᠢ 260 ᠲᠦᠮᠡᠨ ᠮᠦ ᠠᠴᠠ ᠳᠡᠭᠡᠭᠰᠢ | ᠳᠠᠶᠢᠴᠢᠯᠠᠨ᠎ᠠ᠃ ᠲᠤᠰᠬᠠᠢ ᠮᠡᠷᠭᠡᠵᠢᠯᠲᠡᠨ ᠤ ᠬᠡᠮᠵᠢᠭᠰᠡᠨ ᠢᠶᠠᠷ᠂ ᠡᠷᠳᠡᠨᠢ ᠰᠢᠰᠢ ᠶᠢᠨ ᠪᠠᠭ᠎ᠠ ᠲᠠᠯᠠᠪᠠᠶ ᠶᠢᠨ ᠵᠢᠱᠢᠶ᠎ᠡ | ᠦᠵᠡᠭᠦᠯᠬᠦ ᠲᠠᠷᠢᠶᠠᠨ ᠭᠠᠵᠠᠷ ᠤᠨ ᠬᠠᠮᠤᠭ ᠤᠨ ᠥᠨᠳᠥᠷ ᠤᠨᠠᠯᠲᠠ ᠨᠢ 1439.40 ᠺᠢᠯᠣᠭ᠍ᠷᠠᠮ/ᠮᠦ᠂ ᠮᠢᠩᠭᠠᠨ ᠮᠦ | ᠳᠥᠷᠪᠡᠯᠵᠢᠨ ᠤ ᠬᠠᠮᠤᠭ ᠤᠨ ᠥᠨᠳᠥᠷ ᠤᠨᠠᠯᠲᠠ ᠨᠢ 1246.65 ᠺᠢᠯᠣᠭ᠍ᠷᠠᠮ/ᠮᠦ᠂ ᠲᠦᠮᠡᠨ ᠮᠦ ᠳᠥᠷᠪᠡᠯᠵᠢᠨ ᠤ | ᠬᠠᠮᠤᠭ ᠤᠨ ᠥᠨᠳᠥᠷ ᠤᠨᠠᠯᠲᠠ ᠨᠢ 1183.47 ᠺᠢᠯᠣᠭ᠍ᠷᠠᠮ/ᠮᠦ ᠪᠠᠶᠢᠵᠤ᠂ ᠲᠣᠰ ᠲᠣᠰ ᠵᠡᠭᠦᠨ ᠬᠤᠶᠢᠲᠤ ᠶᠢᠨ | ᠬᠠᠪᠤᠷ ᠤᠨ ᠡᠷᠳᠡᠨᠢ ᠰᠢᠰᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠭ᠎ᠠ ᠲᠠᠯᠠᠪᠠᠶ᠂ ᠮᠢᠩᠭᠠᠨ | ᠮᠦ ᠳᠥᠷᠪᠡᠯᠵᠢᠨ ᠤ ᠪᠠ ᠲᠦᠮᠡᠨ ᠮᠦ ᠳᠥᠷᠪᠡᠯᠵᠢᠨ ᠤ ᠬᠠᠮᠤᠭ ᠤᠨ ᠥᠨᠳᠥᠷ ᠲᠠᠯᠠᠪᠠᠶ ᠨᠢᠭᠡᠴᠢ ᠶᠢᠨ ᠤᠨᠠᠯᠲᠠ ᠶᠢᠨ | ᠲᠡᠮᠳᠡᠭᠯᠡᠯ ᠢ ᠡᠭᠦᠳᠪᠡ᠃ ᠳᠡᠭᠡᠳᠦ ᠴᠢᠳᠠᠪᠬᠢᠲᠤ ᠬᠤᠯᠪᠤᠭᠠᠯᠠᠨ ᠭᠠᠵᠠᠷ ᠲᠡᠭᠰᠢᠯᠡᠬᠦ᠂ ᠠᠶᠠᠯᠠᠯ ᠵᠠᠯᠠᠬᠤ ᠨᠠᠷᠢᠯᠢᠭ | ᠬᠡᠮᠵᠢᠶ᠎ᠡ ᠪᠠᠷ ᠲᠠᠷᠢᠬᠤ᠂ ᠵᠢᠯᠣᠭᠤᠴᠢ ᠦᠭᠡᠢ᠂ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ᠂ ᠨᠢᠰᠬᠡᠯ ᠠᠴᠠ | ᠰᠡᠷᠭᠡᠶᠢᠯᠡᠬᠦ ᠵᠡᠷᠭᠡ ᠲᠡᠷᠢᠭᠦᠨ ᠤ ᠮᠠᠰᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠳᠡᠯᠭᠡᠷᠡᠭᠦᠯᠦᠨ᠂ | ᠲᠠᠷᠢᠶᠠᠯᠠᠩ ᠤᠨ ᠮᠠᠰᠢᠨᠴᠢᠯᠠᠯᠲᠠ ᠶᠢᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2023 ᠣᠨ ᠳᠤ᠂ | 1500 ᠲᠦᠮᠡᠨ ᠮᠦ ᠠᠴᠠ ᠳᠡᠭᠡᠭᠰᠢ ᠨᠠᠷᠢᠯᠢᠭ ᠲᠠᠷᠢᠵᠤ᠂ 25 ᠲᠦᠮᠡᠨ ᠮᠦ ᠶᠢᠨ ᠦᠷ᠎ᠡ ᠶᠢ ᠰᠢᠭᠤᠳ ᠬᠤᠷᠢᠶᠠᠪᠠ᠃ | | ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠢᠶᠠᠷ ᠦᠷ᠎ᠡ ᠶᠢᠨ ᠮᠥᠬᠦᠯᠢᠭ ᠢ ᠰᠢᠭᠤᠳ ᠬᠤᠷᠢᠶᠠᠬᠤ ᠠᠵᠢᠯ ᠢ ᠬᠢᠪᠡ᠃ | | 2024 ᠣᠨ ᠳᠤ᠂ ᠲᠦᠩᠯᠢᠶᠣᠣ ᠬᠤᠲᠠ ᠶᠢᠨ ᠬᠢᠨ ᠮᠢᠩᠭᠠᠨ ᠲᠦᠮᠡᠨ ᠮᠦ ᠣᠲᠣ ᠦᠶ᠎ᠡ ᠶᠢᠨ ᠤᠰᠤ | ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠲᠦᠯᠬᠢᠨ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 400 ᠲᠦᠮᠡᠨ ᠮᠦ | ᠰᠢᠨ᠎ᠡ ᠪᠠᠷ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠶᠢ 800 ᠲᠦᠮᠡᠨ ᠮᠦ ᠪᠣᠯᠭᠠᠵᠤ᠂ ᠲᠠᠯᠠᠪᠠᠶ | ᠨᠢᠭᠡᠴᠢ ᠶᠢᠨ ᠤᠨᠠᠯᠲᠠ ᠶᠢ 600 ᠲᠦᠮᠡᠨ ᠮᠦ ᠳᠡᠭᠡᠭᠰᠢᠯᠡᠭᠦᠯᠬᠦ ᠶᠢ ᠪᠥᠬᠦ ᠣᠷᠣᠨ ᠢᠶᠠᠷ ᠲᠦᠯᠬᠢᠨ ᠠᠬᠢᠭᠤᠯᠵᠤ᠂ | ᠨᠢᠭᠡ ᠪᠦᠯᠦᠭ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠡᠷᠦᠩᠬᠡᠶᠢᠯᠡᠭᠰᠡᠨ ᠴᠢᠨᠠᠷᠲᠠᠢ ᠵᠢᠱᠢᠶ᠎ᠡ ᠦᠵᠡᠭᠦᠯᠬᠦ | ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠬᠢᠨ ᠮᠦ ᠨᠢᠭᠡᠴᠢ ᠶᠢᠨ | ᠤᠨᠠᠯᠲᠠ ᠶᠢ 100 ᠵᠢᠩ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢ 6 ᠳ᠋ᠦᠩᠰᠢᠭᠤᠷ ᠵᠢᠩ ᠨᠡᠮᠡᠭᠳᠡᠭᠦᠯᠬᠦ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠪᠠ᠃ | |