ᠬᠤᠤᠯᠢᠩᠭᠤᠤᠯ ᠬᠤᠲᠠ ᠶᠢᠨ 2024 ᠣᠨ ᠤ ᠴᠡᠷᠢᠭ ᠡᠯᠰᠡᠬᠦ ᠠᠯᠪᠠᠨ ᠵᠠᠷ
ᠨᠡᠶᠢᠲᠡᠯᠡᠭᠰᠡᠨ ᠴᠠᠭ᠄
2023/12/4
   ᠥᠷᠭᠡᠨ ᠤᠯᠠᠨ ᠰᠤᠷᠭᠠᠭᠤᠯᠢ ᠳᠤ ᠣᠷᠣᠬᠤ ᠨᠠᠰᠤᠨ ᠤ ᠵᠠᠯᠠᠭᠤᠴᠤᠳ ᠵᠢᠴᠢ ᠭᠡᠷ ᠤᠨ ᠠᠬᠠᠮᠠᠳ ᠨᠠᠶᠢᠵᠠ ᠨᠠᠷ  ᠡ᠄ 2024 ᠣᠨ ᠤ ᠪᠥᠬᠦ ᠤᠯᠤᠰ ᠤᠨ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ᠠᠵᠢᠯ 2023 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠵᠡᠢ᠂ ᠣᠯᠠᠨ ᠢᠶᠠᠷ ᠢᠶᠠᠨ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠤᠯᠤᠰ ᠤᠨ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠴᠡᠷᠢᠭ ᠲᠤ ᠡᠯᠰᠡᠭᠳᠡᠬᠦ ᠪᠠᠷ ᠢᠳᠡᠪᠬᠢᠲᠡᠢ ᠨᠡᠷ᠎ᠡ ᠮᠡᠳᠡᠭᠦᠯᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠮᠠᠨ ᠤ ᠬᠤᠲᠠ ᠶᠢᠨ 2024 ᠣᠨ ᠤ ᠴᠡᠷᠢᠭ ᠲᠤ ᠡᠯᠰᠡᠭᠳᠡᠬᠦ ᠪᠠᠷ ᠨᠡᠷ᠎ᠡ ᠮᠡᠳᠡᠭᠦᠯᠬᠦ ᠬᠤᠯᠪᠣᠭᠳᠠᠯ ᠪᠦᠬᠦᠢ ᠵᠦᠢᠯᠡᠰ ᠢ ᠣᠲᠣ ᠳᠣᠣᠷᠠᠬᠢ ᠮᠡᠲᠦ ᠵᠠᠷᠯᠠᠶ᠎ᠠ᠄ ᠨᠢᠭᠡ᠂ ᠨᠡᠷ᠎ᠡ ᠮᠡᠳᠡᠭᠦᠯᠬᠦ ᠴᠠᠭ 2024 ᠣᠨ ᠳᠤ ᠡᠷᠡᠭᠲᠡᠢ ᠶᠢᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ ᠳᠡᠭᠡᠷ᠎ᠡ ᠬᠠᠭᠠᠰ ᠵᠢᠯ᠄ 2023 ᠣᠨ ᠤ 12 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 18 ᠤ ᠡᠳᠦᠷ ᠤᠨ 18 ᠴᠠᠭ ᠪᠣᠯᠲᠠᠯ᠎ᠠ᠃ ᠳᠣᠣᠷ᠎ᠠ ᠬᠠᠭᠠᠰ ᠵᠢᠯ᠄ 2023 ᠣᠨ ᠤ 12 ᠰᠠᠷ᠎ᠠ ᠶᠢᠨ 1 ᠤ ᠡᠳᠦᠷ ᠠᠴᠠ 2024 ᠣᠨ ᠤ 8 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ᠃ ᠡᠮᠡᠭᠲᠡᠢ ᠴᠡᠷᠢᠭ ᠤᠨ 2024 ᠣᠨ ᠤ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠴᠠᠭ᠄ ᠳᠡᠭᠡᠷ᠎ᠡ ᠬᠠᠭᠠᠰ ᠵᠢᠯ᠄ 2024 ᠣᠨ ᠤ 1 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 18 ᠤ ᠡᠳᠦᠷ ᠤᠨ 18 ᠴᠠᠭ‌‍ᠪᠣᠯᠲᠠᠯ᠎ᠠ᠃  ᠳᠣᠣᠷ᠎ᠠ ᠬᠠᠭᠠᠰ ᠵᠢᠯ᠄ 2024 ᠣᠨ ᠤ 7 ᠰᠠᠷ᠎ᠠ ᠶᠢᠨ 1 ᠤ ᠡᠳᠦᠷ ᠠᠴᠠ 2024 ᠣᠨ ᠤ 8 ᠰᠠᠷ᠎ᠠ ᠶᠢᠨ 10 ᠤ ᠡᠳᠦᠷ ᠤᠨ 18 ᠴᠠᠭ ᠪᠣᠯᠲᠠᠯ᠎ᠠ᠃ ᠬᠤᠶᠠᠷ᠂ ᠦᠨᠳᠦᠰᠦᠨ ᠨᠥᠬᠦᠴᠡᠯ ︵ᠨᠢᠭᠡ︶ ᠤᠯᠤᠰ ᠲᠦᠷᠦ ᠶᠢᠨ ᠨᠥᠬᠦᠴᠡᠯ   ᠴᠡᠷᠢᠭ ᠠᠩᠭᠢ ᠶᠢᠨ ᠠᠵᠢᠯᠲᠠᠨ ᠡᠯᠰᠡᠬᠦ ᠪᠠ ᠡᠯᠰᠡᠬᠦ ᠳᠤ ᠡᠷᠬᠡᠪᠰᠢ ᠤᠯᠤᠰ ᠲᠥᠷᠥ ᠶᠢᠨ ᠬᠢᠨᠠᠨ ᠰᠢᠯᠭᠠᠯᠲᠠ ᠬᠢᠬᠦ ᠬᠡᠷᠡᠭᠲᠡᠢ᠂ ᠲᠤᠰ ᠬᠥᠮᠥᠨ ᠤ ᠤᠯᠤᠰ ᠲᠥᠷᠥ ᠦᠵᠡᠯ ᠰᠠᠨᠠᠭᠠᠨ ᠤ ᠢᠯᠡᠷᠡᠯ ᠢ ᠰᠢᠯᠭᠠᠨ ᠬᠢᠨᠠᠬᠤ ᠪᠠᠷ ᠭᠤᠣᠯ ᠪᠣᠯᠭᠠᠵᠤ᠂ ᠨᠠᠮ ᠤᠨ ᠣᠨᠣᠯ ᠪᠣᠯᠣᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠦᠷᠢᠶᠡᠯᠡᠨ ᠬᠡᠷᠡᠭᠵᠢᠭᠦᠯᠬᠦ ᠶᠢ ᠭᠤᠣᠯᠳᠠᠯᠭ᠎ᠠ ᠲᠠᠢ ᠬᠢᠨᠠᠨ ᠰᠢᠯᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠴᠢᠬᠤᠯᠠ ᠶᠡᠭᠡ ᠵᠠᠷᠴᠢᠮ ᠤᠨ ᠠᠰᠠᠭᠤᠳᠠᠯ᠂ ᠴᠢᠬᠤᠯᠠ ᠶᠡᠭᠡ ᠤᠯᠤᠰ ᠲᠥᠷᠥ ᠶᠢᠨ ᠲᠡᠮᠡᠴᠡᠯ ᠤᠨ ᠳᠤᠮᠳᠠᠬᠢ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠣᠪᠣᠷ ᠪᠠ ᠪᠣᠳᠠᠲᠤ ᠢᠯᠡᠷᠡᠯ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ᠂ ᠶᠣᠰᠣ ᠮᠣᠷᠠᠯ ᠵᠠᠩ ᠴᠢᠨᠠᠷ᠂ ᠱᠠᠰᠢᠨ ᠰᠢᠲᠦᠯᠭᠡ᠂ ᠨᠡᠶᠢᠭᠡᠮ ᠤᠨ ᠬᠠᠷᠢᠯᠴᠠᠭ᠎ᠠ᠂ ᠦᠨᠡᠨᠴᠢ ᠢᠲᠡᠭᠡᠮᠵᠢᠲᠡᠢ ᠪᠠᠶᠢᠬᠤ ᠪᠠ ᠭᠠᠳᠠᠭᠠᠳᠤ ᠳᠤ ︵ᠬᠢᠯᠢ︶ ᠭᠠᠷᠤᠭᠰᠠᠨ ᠵᠡᠷᠭᠡ ᠪᠠᠶᠢᠳᠠᠯ ᠵᠢᠴᠢ ᠭᠡᠷ ᠪᠦᠯᠢ ᠶᠢᠨ ᠪᠦᠷᠢᠯᠳᠦᠭᠦᠨ᠂ ᠬᠤᠯᠪᠣᠰᠤ ᠶᠢᠨ ᠡᠴᠢᠭᠡ ᠡᠬᠡ᠂ ᠬᠠᠮᠲᠤ ᠠᠮᠢᠳᠤᠷᠠᠭ᠎ᠠ ᠦᠭᠡᠢ ᠠᠬ᠎ᠠ ᠳᠡᠭᠦᠦ ᠡᠭᠡᠴᠢ ᠥᠬᠢᠨ ᠳᠡᠭᠦᠦ ᠶᠢᠨ ᠤᠯᠤᠰ ᠲᠥᠷᠥ ᠶᠢᠨ ᠠᠬᠤᠢ ᠪᠠᠶᠢᠳᠠᠯ ᠪᠠ ᠬᠠᠤᠯᠢ ᠶᠢ ᠵᠥᠷᠢᠴᠡᠵᠦ ᠶᠠᠯ᠎ᠠ ᠬᠢᠭᠰᠡᠨ ᠵᠡᠷᠭᠡ ᠪᠠᠶᠢᠳᠠᠯ᠃ (ᠬᠤᠶᠠᠷ) ᠨᠠᠰᠤᠨ ᠤ ᠨᠥᠬᠦᠴᠡᠯ ᠡᠷᠡᠭᠲᠡᠢ ᠴᠡᠷᠢᠭ ᠤᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠡᠲᠡᠭᠡᠳ᠄  ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ︵ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ ᠰᠤᠷᠭᠠᠭᠤᠯᠢ ᠪᠠᠭᠲᠠᠨ᠎ᠠ︶   ᠠᠴᠠ ᠲᠡᠭᠦᠰᠦᠭᠰᠡᠳ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠵᠠᠯᠠᠭᠤᠴᠤᠳ ︵ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶ ᠪᠦᠬᠦᠯᠢ 18 ︱ ᠪᠦᠬᠦᠯᠢ 22 ᠨᠠᠰᠤ ︵2002 ᠣᠨ ᠤ 1 ᠰᠠᠷ᠎ᠠ ᠶᠢᠨ 1 ᠤ ᠡᠳᠦᠷ ᠠᠴᠠ 2006 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠳᠦᠷᠦᠵᠡᠶ︶︔ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠰᠣᠷᠣᠭᠴᠢ᠂ ᠳᠡᠭᠡᠷ᠎ᠡ ᠬᠠᠭᠠᠰ ᠵᠢᠯ ᠳᠤ ᠲᠡᠭᠦᠰᠬᠦ ᠨᠥᠬᠦᠴᠡᠯ ᠳᠤ ᠨᠡᠶᠢᠴᠡᠭᠰᠡᠨ ᠲᠡᠭᠦᠰᠬᠦ ᠠᠩᠭᠢ ᠶᠢᠨ ᠰᠣᠷᠣᠭᠴᠢ ᠪᠦᠬᠦᠯᠢ 18 ︱ 24 ᠨᠠᠰᠤ ᠭᠦᠷᠦᠭᠰᠡᠨ ᠪᠠᠶᠢᠬᠤ ᠬᠡᠷᠡᠭᠲᠡᠢ︔ ᠰᠤᠳᠤᠯᠬᠤ ᠰᠤᠷᠤᠭᠴᠢ ᠲᠡᠭᠦᠰᠦᠭᠰᠡᠨ ᠰᠤᠷᠤᠭᠴᠢ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠲᠠᠯᠪᠢᠨ᠎ᠠ᠃ ᠡᠮᠡᠭᠲᠡᠢ ᠴᠡᠷᠢᠭ ᠤᠨ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠡᠲᠡᠭᠡᠳ᠄  ᠲᠦᠷᠦᠭᠦᠸ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ ᠬᠡᠷᠡᠭᠲᠡᠢ᠄ ᠡᠩ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢ᠂ ᠪᠦᠬᠦᠯᠢ 18 ︱ 22 ᠪᠦᠬᠦᠯᠢ ᠨᠠᠰᠤ ︵2002 ᠣᠨ ᠤ 1 ᠰᠠᠷ᠎ᠠ ᠶᠢᠨ 1 ᠤ ᠡᠳᠦᠷ ︱ 2006 ᠣᠨ ᠤ 12 ᠰᠠᠷ᠎ᠠ ᠶᠢᠨ 31 ᠤ ᠡᠳᠦᠷ︶ ᠬᠦᠷᠴᠦ᠂ ᠪᠦᠬᠦᠯᠢ ᠡᠳᠦᠷ ᠤᠨ ᠳᠦᠷᠢᠮᠲᠦ ᠰᠤᠳᠤᠯᠬᠤ ᠰᠣᠷᠣᠭᠴᠢ ᠶᠢᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢ ᠶᠢ ᠪᠦᠬᠦᠯᠢ 26 ᠨᠠᠰᠤ ᠬᠦᠷᠲᠡᠯ᠎ᠡ ᠠᠭᠤᠵᠢᠭᠤ ᠪᠣᠯᠭᠠᠨ᠎ᠠ︔ 2023 ᠣᠨ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ 2024 ᠣᠨ ᠤ ᠳᠡᠭᠡᠷ᠎ᠡ ᠬᠠᠭᠠᠰ ᠵᠢᠯ ᠳᠤ ᠡᠮᠡᠭᠲᠡᠢ ᠴᠡᠷᠢᠭ ᠡᠯᠰᠡᠬᠦ ᠳᠤ ᠨᠡᠷ᠎ᠡ ᠮᠡᠳᠡᠭᠦᠯᠦᠨ ᠣᠷᠣᠯᠴᠠᠵᠤ ᠪᠣᠯᠣᠨ᠎ᠠ᠂ ᠨᠠᠰᠤ ᠶᠢ ᠨᠢ ᠪᠦᠬᠦᠯᠢ 23 ᠨᠠᠰᠤ ᠬᠦᠷᠲᠡᠯ᠎ᠡ ᠠᠭᠤᠵᠢᠭᠤ ᠪᠠᠶᠢᠯᠭᠠᠨ᠎ᠠ᠃   ᠳᠣᠣᠷ᠎ᠠ ᠬᠠᠭᠠᠰ ᠵᠢᠯ ᠳᠤ ᠡᠯᠰᠡᠭᠳᠡᠬᠦ ᠨᠡᠷ᠎ᠡ ᠮᠡᠳᠡᠭᠦᠯᠬᠦ ᠬᠡᠷᠡᠭᠲᠡᠢ᠄ ᠡᠩ ᠤᠨ ᠥᠨᠳᠥᠷ ᠵᠡᠷᠭᠡ   ᠶᠢᠨ ᠳᠤᠮᠳᠠᠳᠤ ᠰᠤᠷᠭᠠᠭᠤᠯᠢ   ᠶᠢᠨ ᠲᠡᠭᠦᠰᠬᠦ ᠰᠤᠷᠤᠭᠴᠢᠳ᠂ ᠡᠩ ᠤᠨ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ   ᠶᠢᠨ ᠪᠦᠬᠦᠯᠢ ᠡᠳᠦᠷ ᠤᠨ ᠳᠦᠷᠢᠮᠲᠦ ᠲᠡᠭᠦᠰᠬᠦ ᠰᠤᠷᠤᠭᠴᠢᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ᠂ ᠪᠦᠬᠦᠯᠢ 18   ᠠᠴᠠ 22 ᠪᠦᠬᠦᠯᠢ ᠨᠠᠰᠤ ︵2002 ᠣᠨ ᠤ 1 ᠰᠠᠷ᠎ᠠ   ᠶᠢᠨ 1 ᠤ ᠡᠳᠦᠷ ᠠᠴᠠ 2006 ᠣᠨ ᠤ 12 ᠰᠠᠷ᠎ᠠ   ᠶᠢᠨ 31 ᠤ ᠡᠳᠦᠷ ᠪᠣᠯᠲᠠᠯ᠎ᠠ ᠳᠦᠷᠦᠵᠡᠶ︶᠂ ᠪᠦᠬᠦᠯᠢ ᠡᠳᠦᠷ ᠤᠨ ᠳᠦᠷᠢᠮᠲᠦ ᠰᠤᠳᠤᠯᠬᠤ ᠰᠤᠷᠤᠭᠴᠢ   ᠶᠢᠨ ᠲᠡᠭᠦᠰᠬᠦ ᠰᠤᠷᠤᠭᠴᠢᠳ ᠵᠢᠴᠢ ᠰᠤᠷᠭᠠᠭᠤᠯᠢ ᠳᠤ ᠪᠠᠶᠢᠭ᠎ᠠ ᠰᠤᠷᠤᠭᠴᠢᠳ   ᠢ ᠪᠦᠬᠦᠯᠢ 26 ᠨᠠᠰᠤ ᠬᠦᠷᠲᠡᠯ᠎ᠡ ᠠᠭᠤᠵᠢᠭᠤ ᠪᠣᠯᠭᠠᠨ᠎ᠠ᠃ ︵ᠭᠤᠷᠪᠠ︶ ᠪᠡᠶ᠎ᠡ ᠶᠢᠨ ᠪᠠᠶᠢᠴᠠᠭᠠᠯᠲᠠ ᠶᠢᠨ ᠦᠨᠳᠦᠰᠦᠨ ᠨᠥᠬᠦᠴᠡᠯ 1. ᠪᠡᠶ᠎ᠡ ᠶᠢᠨ ᠥᠨᠳᠥᠷ᠄ ᠡᠷᠡᠭᠲᠡᠢ 160cm ᠠᠴᠠ ᠳᠡᠭᠡᠭᠰᠢ ᡽ ᠡᠮᠡᠭᠲᠡᠢ 158cm ᠠᠴᠠ ᠳᠡᠭᠡᠭᠰᠢ᠃ 2.ᠪᠡᠶ᠎ᠡ ᠶᠢᠨ ᠬᠦᠨᠳᠦ᠄ ᠳᠣᠣᠷᠠᠬᠢ ᠨᠥᠬᠦᠴᠡᠯ ᠳᠤ ᠨᠡᠶᠢᠴᠡᠬᠦ ᠮᠥᠷᠲᠡᠭᠡᠨ ᠥᠯᠥᠨ ᠦᠶ᠎ᠡ ᠶᠢᠨ ᠴᠢᠰᠤᠨ ᠰᠢᠬᠢᠷ  ﹀ 7.0mmol/L  ᠪᠠᠶᠢᠪᠠᠯ ᠬᠢᠷᠢ ᠲᠡᠩᠴᠡᠨ᠎ᠡ᠃ᠡᠷᠡᠭᠲᠡᠢ᠄   7.5≤BMI<30
ᠡᠮᠡᠭᠲᠡᠢ᠄ 17≤BMI<24
BMI′28 ᠳᠤ ᠡᠷᠬᠡᠪᠰᠢ ᠴᠢᠰᠤᠵᠢᠭᠰᠠᠨ ᠴᠢᠰᠤᠨ ᠤ
ᠤᠯᠠᠭᠠᠨ ᠤᠭᠤᠷᠠᠭ ᠤᠨ ᠪᠠᠶᠢᠴᠠᠭᠠᠯᠲᠠ ᠶᠢᠨ ᠵᠦᠢᠯ ᠢ ᠨᠡᠮᠡᠨ ᠪᠠᠶᠢᠴᠠᠭᠠᠵᠤ᠂ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠤᠨ ᠵᠠᠭᠤᠨ ᠤ ᠬᠠᠷᠢᠴᠠᠯ <6.5% ᠪᠠᠶᠢᠪᠠᠯ ᠬᠢᠷᠢ ᠲᠡᠩᠴᠡᠨ᠎ᠡ᠃
︵BMI=ᠪᠡᠶ᠎ᠡ ᠶᠢᠨ ᠬᠦᠨᠳᠦ ︵ᠺᠢᠯᠣᠭ᠍ᠷᠠᠮ︶ ᠶᠢ ᠪᠡᠶ᠎ᠡ ᠶᠢᠨ ᠥᠨᠳᠥᠷ ︵ᠮᠧᠲᠷ︶
 ᠤᠨ ᠺᠦᠸᠠᠳ᠋ ᠢᠶᠠᠷ ᠬᠤᠪᠢᠶᠠᠪᠠ︶ 3. ᠬᠠᠷᠠᠭ᠎ᠠ᠄ ᠶᠠᠮᠠᠷᠪᠠ ᠨᠢᠳᠦᠨ ᠤ ᠨᠢᠳᠦ ᠦᠭᠡᠢ ᠬᠠᠷᠠᠭ᠎ᠠ ᠨᠢ 4.5   ᠠᠴᠠ ᠳᠣᠣᠷ᠎ᠠ ᠪᠠᠶᠢᠵᠤ ᠪᠣᠯᠬᠤ ᠦᠭᠡᠢ᠃ ︵ᠲᠣᠳᠣᠷᠬᠠᠶᠢᠯᠠᠯᠲᠠ᠄ ᠶᠠᠮᠠᠷᠪᠠ ᠨᠢᠭᠡ ᠨᠢᠳᠦᠨ ᠤ  ᠬᠠᠷᠠᠭ᠎ᠠ ᠨᠢ 4.8 ᠠᠴᠠ ᠳᠣᠣᠷ᠎ᠠ ᠪᠠᠶᠢᠪᠠᠯ᠂ ᠵᠠᠯᠠᠷᠠᠭᠤᠯᠬᠤ ᠬᠠᠷᠠᠭ᠎ᠠ ᠶᠢᠨ ᠪᠠᠶᠢᠴᠠᠭᠠᠯᠲᠠ ᠬᠢᠬᠦ ᠴᠢᠬᠤᠯᠠ ᠲᠠᠢ᠂ ᠶᠠᠮᠠᠷᠪᠠ ᠨᠢᠭᠡ ᠨᠢᠳᠦᠨ ᠤ ᠵᠠᠯᠠᠷᠠᠭᠤᠯᠬᠤ ᠬᠠᠷᠠᠭ᠎ᠠ ᠨᠢ 4.8  ᠠᠴᠠ ᠳᠣᠣᠷ᠎ᠠ ᠪᠤᠶᠤ ᠵᠠᠯᠠᠷᠠᠭᠤᠯᠬᠤ ᠭᠷᠡᠳᠦ᠋ᠰ ᠤᠨ ᠲᠤᠭ᠎ᠠ ᠨᠢ 600 ᠭᠷᠡᠳᠦ᠋ᠰ ᠠᠴᠠ ᠬᠡᠲᠦᠷᠡᠪᠡᠯ ᠬᠢᠷᠢ ᠲᠡᠩᠴᠡᠬᠦ ᠦᠭᠡᠢ᠃ (ᠲᠣᠳᠣᠷᠬᠠᠶᠢᠯᠠᠯᠲᠠ᠄ ᠶᠠᠮᠠᠷᠪᠠ ᠨᠢᠭᠡ ᠨᠢᠳᠦᠨ ᠤ ᠵᠠᠯᠠᠷᠠᠭᠤᠯᠬᠤ ᠬᠠᠷᠠᠭ᠎ᠠ ᠨᠢ 4.8 ᠠᠴᠠ ᠳᠣᠣᠷ᠎ᠠ ᠪᠤᠶᠤ ᠵᠠᠯᠠᠷᠠᠭᠤᠯᠬᠤ ᠭᠷᠡᠳᠦ᠋ᠰ ᠤᠨ ᠲᠤᠭ᠎ᠠ ᠨᠢ ᠬᠢᠷᠢ ᠲᠡᠩᠴᠡᠬᠦ ᠦᠭᠡᠢ᠃︶  ᠭᠡᠷᠡᠯ ᠤᠨ ᠨᠤᠭᠤᠷᠠᠯᠲᠠ ᠲᠡᠭᠰᠢ ᠪᠤᠰᠤ ᠪᠠᠷᠢᠮᠵᠢᠶᠠᠲᠤ ᠮᠣᠯᠧᠺᠦ᠋ᠯ ᠤᠨ ᠯᠠᠶᠢᠰᠧᠷ ᠮᠡᠰᠡ ᠵᠠᠰᠠᠯ (ᠲᠠᠯᠠᠰᠲᠤ ᠨᠢᠳᠦᠨ ᠤ ᠬᠢᠮᠡᠯ ᠲᠠᠯᠠᠰᠲᠤ ᠶᠢ ᠣᠷᠣᠭᠤᠯᠬᠤ ᠮᠡᠰᠡ ᠵᠠᠰᠠᠯ ᠵᠡᠷᠭᠡ ᠪᠤᠰᠤᠳ ᠬᠡᠯᠪᠡᠷᠢ ᠶᠢ ᠪᠠᠭᠲᠠᠭᠠᠬᠤ ᠤᠶᠢᠭᠡᠢ) ᠢ ᠥᠩᠭᠡᠷᠡᠭᠡᠭᠰᠡᠨ ᠤ ᠲᠡᠷᠠᠭ᠎ᠠ ᠬᠠᠭᠠᠰ ᠵᠢᠯ ᠠᠴᠠ ᠳᠡᠭᠡᠭᠰᠢ ᠪᠣᠯᠵᠤ᠂ ᠳᠠᠪᠬᠤᠴᠠᠭᠰᠠᠨ ᠡᠪᠡᠳᠴᠢᠨ ᠤᠶᠢᠭᠡᠢ᠂ ᠶᠠᠮᠠᠷᠪᠠ ᠨᠢᠭᠡ ᠨᠢᠳᠦᠨ ᠤ ᠨᠢᠳᠦ ᠤᠶᠢᠭᠡᠢ ᠬᠠᠷᠠᠭ᠎ᠠ ᠨᠢ 4.8 ᠳᠤ ᠬᠦᠷᠴᠦ᠂ ᠨᠢᠳᠦᠨ ᠤ ᠢᠷᠤᠭᠠᠷ ᠤᠨ ᠪᠠᠶᠢᠴᠠᠭᠠᠯᠲᠠ ᠨᠢ ᠬᠡᠪ ᠤᠨ ᠪᠠᠶᠢᠵᠤ᠂ ᠨᠥᠬᠦᠴᠡᠯᠲᠦ ᠴᠡᠷᠢᠭ ᠠᠴᠠ ᠪᠤᠰᠤᠳ ᠲᠠᠯ᠎ᠠ ᠪᠠᠷ ᠬᠢᠷᠢ ᠲᠡᠩᠴᠡᠨ᠎ᠡ᠃    ᠨᠥᠬᠦᠴᠡᠯᠲᠦ ᠴᠡᠷᠢᠭ ᠤᠨ ᠬᠠᠷᠠᠭᠠᠨ ᠤ ᠬᠢᠷᠢ ᠲᠡᠩᠴᠡᠬᠦ ᠨᠥᠬᠦᠴᠡᠯ ᠢ ᠬᠤᠯᠪᠣᠭᠳᠠᠯ ᠪᠦᠬᠦᠢ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠪᠡᠯᠡᠳᠬᠡᠯ ᠮᠣᠯᠧᠺᠦ᠋ᠯ ᠤᠨ ᠯᠠᠶᠢᠰᠧᠷ ᠮᠡᠰᠡ ᠵᠠᠰᠠᠯ ᠬᠢᠭᠰᠡᠨ ᠤ ᠲᠡᠷᠠᠭ᠎ᠠ (ᠲᠠᠯᠠᠰᠲᠤ ᠶᠢᠨ ᠨᠢᠳᠦᠨ ᠤ ᠬᠢᠮᠡᠯ ᠲᠠᠯᠠᠰᠲᠤ ᠶᠢ ᠣᠷᠣᠭᠤᠯᠬᠤ ᠮᠡᠰᠡ ᠵᠠᠰᠠᠯ ᠵᠡᠷᠭᠡ ᠪᠤᠰᠤᠳ ᠮᠡᠰᠡ ᠵᠠᠰᠠᠯ ᠤᠨ ᠬᠡᠯᠪᠡᠷᠢ ᠪᠠᠭᠲᠠᠬᠤ ᠤᠶᠢᠭᠡᠢ)᠂ ᠬᠠᠭᠠᠰ ᠵᠢᠯ ᠠᠴᠠ ᠳᠡᠭᠡᠭᠰᠢ ᠳᠠᠪᠬᠤᠴᠠᠭᠰᠠᠨ ᠡᠪᠡᠳᠴᠢᠨ ᠦᠬᠡᠢ᠂ ᠱᠤᠮᠪᠠᠭᠴᠢ᠂ ᠱᠤᠩᠭᠤᠯ ᠣᠩᠭᠤᠴᠠᠨ ᠤ ᠠᠵᠢᠯᠲᠠᠨ᠂ ᠰᠢᠬᠦᠷᠲᠦ ᠴᠡᠷᠢᠭ ᠠᠴᠠ ᠪᠤᠰᠤᠳ ᠲᠠᠯ᠎ᠠ ᠪᠠᠷ ᠬᠢᠷᠢ ᠳᠤ ᠲᠡᠩᠴᠡᠨ᠎ᠡ᠃ ᠡᠭᠦᠨ ᠳᠤ ᠱᠤᠮᠪᠠᠭᠴᠢ᠂ ᠱᠤᠩᠭᠤᠯ ᠣᠩᠭᠤᠴᠠᠨ ᠤ ᠠᠵᠢᠯᠲᠠᠨ᠂ ᠰᠢᠬᠦᠷᠲᠦ ᠴᠡᠷᠢᠭ ᠠᠴᠠ ᠪᠤᠰᠤᠳ ᠲᠠᠯ᠎ᠠ ᠪᠠᠷ ᠬᠢᠷᠢ ᠳᠤ ᠲᠡᠩᠴᠡᠨ᠎ᠡ᠃    ᠪᠤᠰᠤᠳ ᠪᠡᠶ᠎ᠡ ᠶᠢᠨ ᠪᠠᠷᠢᠮᠵᠢᠶ᠎ᠠ ᠶᠢᠨ ᠨᠥᠬᠦᠴᠡᠯ ᠳᠤ᠂ ᠴᠡᠷᠢᠭ ᠲᠤ ᠡᠯᠰᠡᠭᠳᠡᠬᠦ ᠵᠠᠯᠠᠭᠤᠴᠤᠳ ᠪᠥᠬᠦ ᠤᠯᠤᠰ ᠤᠨ ᠴᠡᠷᠢᠭ ᠡᠯᠰᠡᠬᠦ ᠰᠦᠯᠵᠢᠶᠡᠨ ᠤ ᠲᠦᠷᠦᠭᠦᠸ ᠨᠢᠭᠤᠷ ᠲᠤ ᠭᠠᠷᠴᠤ ︽ᠴᠡᠷᠢᠭ ᠲᠤ ᠡᠯᠰᠡᠭᠳᠡᠬᠦ ᠠᠷᠠᠳ ᠢᠷᠭᠡᠳ ᠤᠨ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢᠨ ᠲᠣᠪᠴᠢᠯᠠᠯ︾ ᠢ ᠪᠠᠶᠢᠴᠠᠭᠠᠨ ᠦᠵᠡᠵᠦ ᠨᠠᠷᠢᠨ ᠠᠭᠤᠯᠭ᠎ᠠ ᠶᠢ ᠣᠶᠢᠯᠠᠭᠠᠵᠤ ᠪᠣᠯᠣᠨ᠎ᠠ᠃ ᠭᠤᠷᠪᠠ᠂ ᠨᠡᠷ᠎ᠡ ᠮᠡᠳᠡᠭᠦᠯᠬᠦ ᠲᠠᠰ ᠳᠠᠷᠠᠭᠠᠯᠠᠯ 1. ︵http://www.gfbzb.gov.cn/︶ ᠪᠦᠬᠦ ᠤᠯᠤᠰ ᠤᠨ ᠴᠡᠷᠢᠭ ᠡᠯᠰᠡᠬᠦ ᠰᠦᠯᠵᠢᠶᠡᠨ ᠳᠤ ᠭᠠᠷᠴᠤ᠂ ︽ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ︾ ᠶᠢ ᠲᠤᠪᠴᠢᠨᠳᠠᠨ᠎ᠠ᠃ 2. ︽ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ︾ ᠰᠦᠯᠵᠢᠶᠡᠨ ᠨᠢᠭᠤᠷ ᠲᠤ ︽ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ︵ᠡᠷᠡᠭᠲᠡᠢ ᠴᠡᠷᠢᠭ/ᠡᠮᠡᠭᠲᠡᠢ ᠴᠡᠷᠢᠭ︶︾ ᠶᠢ ᠲᠤᠪᠴᠢᠨᠳᠠᠨ᠎ᠠ᠂ ᠰᠦᠯᠵᠢᠶᠡᠨ ᠤ ᠨᠢᠭᠤᠷ ᠲᠤ ᠣᠷᠣᠭᠰᠠᠨ ᠤ ᠳᠠᠷᠠᠭ᠎ᠠ ︽ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ︾ ᠶᠢ ᠲᠤᠪᠴᠢᠨᠳᠠᠨ᠎ᠠ᠃ 3. ᠰᠤᠷᠤᠯᠭ᠎ᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ᠲᠠᠩᠰᠠᠨ ᠨᠣᠮᠧᠷ ᠢ ᠳᠠᠩᠰᠠᠯᠠᠭᠤᠯᠵᠤ᠂ ᠲᠡᠮᠳᠡᠭᠯᠡᠬᠦ ᠬᠡᠷᠡᠭᠲᠡᠢ᠃ 4. ᠲᠡᠮᠳᠡᠭᠯᠡᠭᠰᠡᠨ ᠤ ᠳᠠᠷᠠᠭ᠎ᠠ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠵᠤ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠃   ︵ᠲᠣᠳᠣᠷᠬᠠᠶᠢᠯᠠᠯᠲᠠ᠄ ᠡᠷᠡᠭᠲᠡᠢ ᠴᠡᠷᠢᠭ ᠨᠡᠷ᠎ᠡ ᠮᠡᠳᠡᠭᠦᠯᠬᠦ ᠠᠴᠠ ᠡᠮᠦᠨ᠎ᠡ ᠡᠷᠬᠡᠪᠰᠢ ᠴᠡᠷᠢᠭ ᠤᠨ ᠠᠯᠪᠠᠨ ᠳᠤ ᠳᠠᠩᠰᠠᠯᠠᠭᠤᠯᠵᠤ ᠳᠠᠭᠤᠰᠬᠠᠬᠤ ᠬᠡᠷᠡᠭᠲᠡᠢ᠃︶ ᠳᠥᠷᠪᠡ᠂ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ︵ᠨᠢᠭᠡ︶ ᠴᠡᠷᠢᠭ ᠲᠤ ᠣᠷᠣᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ 1. ᠰᠤᠷᠭᠠᠭᠤᠯᠢ ᠶᠢᠨ ᠬᠠᠷᠢᠶ᠎ᠠ ︵ᠰᠤᠷᠭᠠᠭᠤᠯᠢ ᠳᠤ ᠣᠷᠣᠬᠤ ᠬᠢᠷᠢ ᠬᠡᠮ︶ ᠶᠢ ᠨᠢ ᠦᠯᠡᠳᠡᠭᠡᠨ᠎ᠡ᠃ ᠴᠡᠷᠢᠭ ᠲᠤ ᠣᠷᠣᠬᠤ ᠠᠴᠠ ᠡᠮᠦᠨ᠎ᠡ ᠡ᠊ᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠡᠯᠰᠡᠭᠳᠡᠭᠰᠡᠨ ᠪᠤᠶᠤ ᠡ᠊ᠩ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠪᠠᠶᠢᠪᠠᠯ᠂ ᠵᠢᠩᠬᠢᠨᠢ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠰᠤᠷᠭᠠᠭᠤᠯᠢ ᠳᠤ ᠣᠷᠣᠬᠤ ᠬᠢᠷᠢ ᠬᠡᠮ ᠪᠤᠶᠤ ᠰᠤᠷᠭᠠᠭᠤᠯᠢ ᠶᠢᠨ ᠬᠠᠷᠢᠶ᠎ᠠ ᠶᠢ ᠨᠢ ᠦᠯᠡᠳᠡᠭᠡᠵᠦ᠂ ᠴᠡᠷᠢᠭ ᠠᠴᠠ ᠬᠠᠯᠠᠭᠳᠠᠭᠰᠠᠨ ᠤ ᠲᠠᠷᠠᠭ᠎ᠠ 2 ᠵᠢᠯ ᠤᠨ ᠳᠣᠲᠣᠷ᠎ᠠ ᠰᠤᠷᠭᠠᠭᠤᠯᠢ ᠳᠤ ᠣᠷᠣᠬᠤ ᠪᠤᠶᠤ ᠰᠤᠷᠤᠯᠭ᠎ᠠ ᠪᠠᠨ ᠰᠡᠷᠭᠦᠭᠡᠬᠦ ᠶᠢ ᠨᠢ ᠵᠥᠪᠰᠢᠶᠡᠷᠡᠨ᠎ᠡ᠃ 2. ᠰᠤᠷᠤᠯᠭ᠎ᠠ ᠪᠠᠨ ᠰᠡᠷᠭᠦᠭᠡᠵᠦ ᠲᠤᠰᠬᠠᠢ ᠮᠡᠷᠭᠡᠵᠢᠯ ᠢᠶᠠᠨ ᠰᠢᠯᠵᠢᠭᠦᠯᠬᠦ᠃ ᠣᠶᠤᠲᠠᠨ ᠪᠠᠶᠢᠯᠳᠤᠭᠴᠢ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠬᠦ ᠳᠤ᠂ ᠰᠤᠷᠭᠠᠭᠤᠯᠢ ᠪᠠᠷ ᠵᠥᠪᠰᠢᠶᠡᠷᠡᠭᠦᠯᠬᠦ ᠶᠢᠨ ᠬᠠᠮᠲᠤ ᠬᠠᠮᠢᠶ᠎ᠠ ᠪᠦᠬᠦᠢ ᠲᠠᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠲᠣᠰ ᠰᠤᠷᠭᠠᠭᠤᠯᠢ ᠶᠢᠨ ᠢᠶᠠᠨ ᠪᠤᠰᠤᠳ ᠲᠤᠰᠬᠠᠢ ᠮᠡᠷᠭᠡᠵᠢᠯ ᠳᠤ ᠰᠢᠯᠵᠢᠨ ᠣᠷᠣᠵᠤ ᠰᠤᠷᠤᠯᠴᠠᠵᠤ ᠪᠣᠯᠣᠨ᠎ᠠ᠃ 3. ᠤᠯᠤᠰ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢ ᠭᠥᠷᠳᠡᠨ᠎ᠡ᠃ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ᠂ ᠴᠡᠷᠢᠭ ᠤᠨ ᠲᠦᠷᠦᠭᠦᠴᠢ ᠪᠠᠷ ᠡᠯᠰᠡᠭᠳᠡᠵᠦ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠭᠰᠡᠨ ᠪᠤᠶᠤ ᠰᠤᠷᠭᠠᠭᠤᠯᠢ ᠳᠤ ᠣᠷᠣᠭᠰᠠᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠳᠤ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠣᠯᠭᠤᠵᠤ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠵᠦ᠂ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠎ᠡ᠂ ᠪᠠᠷᠢᠮᠵᠢᠶ᠎ᠠ ᠨᠢ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠵᠢᠯ ᠪᠦᠷᠢ ᠬᠥᠮᠥᠨ ᠪᠦᠷᠢ ᠬᠠᠮᠤᠭ ᠥᠨᠳᠥᠷ ᠲᠡᠭᠡᠨ 16000 ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠰᠤᠳᠤᠯᠬᠤ ᠰᠣᠷᠣᠭᠴᠢ ᠬᠥᠮᠥᠨ ᠪᠦᠷᠢ ᠵᠢᠯ ᠪᠦᠷᠢ ᠬᠠᠮᠤᠭ ᠥᠨᠳᠥᠷ ᠲᠡᠭᠡᠨ 20000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ 4. ᠰᠢᠯᠭᠠᠭᠤᠯᠬᠤ ᠦᠭᠡᠢ ᠪᠠᠷ ︽ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ︾᠃ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠠᠴᠠ ᠲᠡᠭᠦᠰᠦᠭᠰᠡᠳ ᠵᠢᠴᠢ ᠰᠤᠷᠭᠠᠭᠤᠯᠢ ᠳᠤ ᠪᠠᠶᠢᠭ᠎ᠠ ᠰᠣᠷᠣᠭᠴᠢ ︵ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠰᠣᠷᠣᠭᠴᠢ ᠪᠠᠭᠲᠠᠨ᠎ᠠ︶ ᠨᠢ ᠴᠡᠷᠢᠭ ᠲᠤ ᠡᠯᠰᠡᠭᠳᠡᠨ ᠣᠷᠣᠵᠤ᠂ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠢ ᠮᠡᠷᠭᠡᠵᠢᠯ︶ ᠤᠨ ᠰᠤᠷᠤᠯᠭ᠎ᠠ ᠪᠠᠨ ᠪᠡᠶᠡᠯᠡᠭᠦᠯᠦᠭᠰᠡᠨ ᠤᠷᠢᠲᠠᠯ ᠳᠣᠣᠷ᠎ᠠ᠂ ᠡᠩ ᠤᠨ ᠵᠢᠩᠬᠢᠨᠢ ᠠᠩᠭᠢ ᠳᠤ ᠰᠢᠯᠭᠠᠭᠤᠯᠬᠤ ᠦᠭᠡᠢ ᠪᠠᠷ ᠣᠷᠣᠵᠤ ᠪᠣᠯᠣᠨ᠎ᠠ᠂ ᠡᠰᠡᠬᠦᠯ᠎ᠡ ᠬᠦᠰᠡᠯ ᠰᠠᠨᠠᠭ᠎ᠠ ᠪᠠᠨ ᠦᠨᠳᠦᠰᠦᠯᠡᠨ ᠨᠠᠰᠤᠨ ᠳᠤ ᠭᠦᠷᠦᠭᠰᠡᠳ ᠤᠨ ᠵᠢᠩᠬᠢᠨᠢ ᠠᠩᠭᠢ ᠳᠤ ᠣᠷᠣᠵᠤ ᠪᠣᠯᠣᠨ᠎ᠠ᠃ 5. ᠠᠰᠫᠢᠷᠠᠨᠲ ᠰᠢᠯᠭᠠᠭᠤᠯᠬᠤ ᠬᠠᠷᠠᠭᠠᠯᠵᠠᠯ ᠢ ᠭᠥᠷᠳᠡᠨ᠎ᠡ᠃ ① ᠰᠤᠷᠭᠠᠨ ᠬᠥᠮᠦᠵᠢᠯ ᠤᠨ ᠶᠠᠮᠤᠨ   ᠠᠴᠠ ︽ᠴᠡᠷᠢᠭ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ︾ ᠶᠢᠨ ᠲᠤᠰᠬᠠᠢ ᠲᠥᠷᠥᠯ ᠤᠨ ᠠᠰᠫᠢᠷᠠᠨᠲ ᠡᠯᠰᠡᠬᠦ ᠲᠥᠯᠥᠪᠯᠡᠭᠡ ᠭᠠᠷᠭᠠᠵᠤ᠂ ᠲᠤᠰᠬᠠᠶᠢᠯᠠᠨ ᠴᠡᠷᠢᠭ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ ᠳᠤ ᠵᠣᠷᠢᠭᠤᠯᠤᠨ ᠡᠯᠰᠡᠨ᠎ᠡ᠃ ② ᠳᠡᠭᠡᠳᠦ ᠰᠤᠷᠭᠠᠭᠤᠯᠢ ᠶᠢᠨ ᠰᠣᠷᠣᠭᠴᠢ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠴᠡᠷᠢᠭ ᠠᠴᠠ ᠬᠠᠯᠠᠭᠳᠠᠭᠰᠠᠨ ᠤ ᠳᠠᠷᠠᠭ᠎ᠠ᠂ 3 ᠵᠢᠯ ᠤᠨ ᠳᠣᠲᠣᠷ᠎ᠠ ᠪᠥᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠳᠤ ᠣᠷᠣᠯᠴᠠᠵᠤ᠂ ᠠᠩᠬᠠᠨ ᠤ ᠰᠢᠯᠭᠠᠯᠲᠠ ᠶᠢᠨ ᠶᠡᠷᠦᠩᠬᠡᠢ ᠬᠤᠪᠢ ᠳᠤ 10 ᠬᠤᠪᠢ ᠨᠡᠮᠡᠵᠦ᠂ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠡᠯᠰᠡᠨ᠎ᠡ᠃ ③ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠬᠤᠶᠠᠳᠤᠭᠠᠷ ᠳᠡᠰ ᠤᠨ ᠭᠠᠪᠢᠶ᠎ᠠ ᠪᠠᠶᠢᠭᠤᠯᠤᠭᠰᠠᠨ ᠪᠤᠶᠤ ᠲᠡᠭᠦᠨ ᠠᠴᠠ ᠳᠡᠭᠡᠭᠰᠢ ᠭᠠᠪᠢᠶ᠎ᠠ ᠪᠠᠶᠢᠭᠤᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ᠂ ᠰᠤᠳᠤᠯᠬᠤ ᠰᠤᠷᠤᠭᠴᠢ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ ᠰᠢᠯᠭᠠᠬᠤ ᠦᠭᠡᠢ ᠪᠠᠷ ᠠᠰᠫᠢᠷᠠᠨᠲ ᠤᠨ ᠰᠤᠳᠤᠯᠬᠤ ᠰᠤᠷᠤᠭᠴᠢ ᠪᠠᠷ ᠰᠤᠷᠤᠯᠴᠠᠵᠤ ᠪᠣᠯᠣᠨ᠎ᠠ᠃ ︵ᠬᠤᠶᠠᠷ︶ ᠠᠯᠪᠠ ᠬᠠᠭᠠᠬᠤ ᠬᠤᠭᠤᠴᠠᠭᠠᠨ‌‍ᠣ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ 1. ᠠᠮᠢᠳᠤᠷᠠᠯ ᠤᠨ ᠬᠠᠷᠠᠭᠠᠯᠵᠠᠯ᠃ ᠠᠯᠪᠠᠨ ᠵᠢᠷᠤᠮ ᠤᠨ ᠴᠡᠷᠢᠭ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠬᠠᠩᠭᠠᠯᠭ᠎ᠠ ᠶᠢᠨ ᠳᠦᠷᠢᠮᠲᠦ ᠠᠮᠢᠳᠤᠷᠠᠯ ᠤᠨ ᠬᠠᠷᠠᠭᠠᠯᠵᠠᠯ ᠢ ᠬᠦᠷᠲᠡᠵᠦ᠂ ᠲᠣᠭᠲᠠᠭᠠᠯ ᠶᠣᠰᠣᠭᠠᠷ ᠨᠥᠬᠦᠪᠦᠷᠢ ᠮᠥᠩᠭᠦ ᠪᠠ ᠨᠥᠬᠦᠪᠦᠷᠢ ᠮᠥᠩᠭᠦ ᠬᠦᠷᠳᠡᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠨᠡᠮᠡᠭᠦᠷᠢ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠭᠡᠷ ᠵᠢᠯ ᠳᠤ ᠰᠠᠷ᠎ᠠ ᠪᠦᠷᠢ ᠪᠠᠷᠤᠭ 1000 ᠲᠥᠭᠦᠷᠢᠭ᠂ ᠬᠤᠶᠠᠳᠤᠭᠠᠷ ᠵᠢᠯ ᠳᠤ ᠰᠠᠷ᠎ᠠ ᠪᠦᠷᠢ ᠪᠠᠷᠤᠭ 1100 ᠲᠥᠭᠦᠷᠢᠭ ︵ᠭᠤᠣᠯᠯᠠᠭᠴᠢ ᠨᠡᠮᠡᠭᠦᠷᠢ᠂ ᠣᠨᠴᠠᠭᠠᠶ ᠠᠵᠢᠯ ᠤᠨ ᠪᠠᠶᠢᠷᠢ ᠶᠢᠨ ᠨᠡᠮᠡᠭᠦᠷᠢ᠂ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ ᠣᠷᠣᠨ ᠤ ᠨᠥᠬᠦᠪᠦᠷᠢ᠂ ᠬᠠᠯᠠᠭᠤᠨ   ᠠᠴᠠ ᠰᠡᠷᠭᠡᠶᠢᠯᠡᠵᠦ ᠬᠠᠯᠠᠭᠤᠨ   ᠢ ᠪᠠᠭᠤᠷᠠᠭᠤᠯᠬᠤ ᠰᠦᠢᠳᠬᠡᠯ ᠵᠡᠷᠭᠡ ᠨᠥᠬᠦᠪᠦᠷᠢ ᠪᠠᠭᠲᠠᠬᠤ ᠦᠭᠡᠢ︶᠃ 2% ᠭᠡᠷ ᠪᠦᠯᠢ ᠶᠢᠨ ᠬᠠᠷᠠᠭᠠᠯᠵᠠᠯ᠃ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ ᠪᠠᠶᠢᠬᠤ ᠬᠤᠭᠤᠴᠠᠭᠠᠨ ᠳᠤ᠂ ᠴᠡᠷᠢᠭ ᠲᠤ ᠣᠷᠣᠬᠤ ᠶᠢ ᠵᠥᠪᠰᠢᠶᠡᠷᠡᠭᠰᠡᠨ ᠭᠠᠵᠠᠷ ᠤᠨ ᠵᠠᠰᠠᠭ ᠤᠨ ᠣᠷᠳᠣᠨ ᠠᠴᠠ ᠲᠡᠭᠦᠨ ᠤ ᠭᠡᠷ ᠪᠦᠯᠢ ᠳᠤ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠥᠭᠭᠦᠨ᠎ᠡ᠂ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠳᠤ ᠲᠣᠭᠲᠠᠭᠠᠯ ᠶᠣᠰᠣᠭᠠᠷ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠢ ᠬᠦᠷᠲᠡᠭᠡᠨ᠎ᠡ᠃ 3.ᠲᠦᠷᠦᠭᠦᠴᠢ ᠶᠢ ᠰᠣᠩᠭᠤᠵᠤ ᠠᠪᠤᠨ᠎ᠠ᠃ ︵1︶ ᠲᠦᠷᠦᠭᠦᠴᠢ ᠶᠢᠨ ᠳᠡᠭᠡᠳᠦ ᠰᠤᠷᠭᠠᠭᠤᠯᠢ ᠳᠤ ᠨᠡᠷ᠎ᠡ ᠮᠡᠳᠡᠭᠦᠯᠦᠨ᠎ᠡ᠃ ᠵᠢᠩᠬᠢᠨᠢ ᠠᠯᠪᠠᠨ ᠤ ᠪᠠᠶᠢᠯᠳᠤᠭᠴᠢ ᠨᠥᠬᠦᠴᠡᠯ ᠳᠤ ᠨᠡᠶᠢᠴᠡᠭᠰᠡᠨ ᠪᠠᠶᠢᠪᠠᠯ ᠲᠦᠷᠦᠭᠦᠴᠢ ᠶᠢᠨ ᠰᠤᠷᠭᠠᠭᠤᠯᠢ ᠳᠤ ᠰᠢᠯᠭᠠᠭᠤᠯᠵᠤ ᠪᠣᠯᠣᠨ᠎ᠠ᠂ ᠲᠡᠭᠦᠰᠦᠭᠰᠡᠨ ᠤ ᠲᠡᠷᠠᠭ᠎ᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠪᠣᠯᠬᠤ ᠪᠥᠭᠡᠳ ᠵᠣᠬᠢᠴᠠᠩᠭᠤᠢ ᠲᠦᠷᠦᠭᠦᠴᠢ ᠶᠢᠨ ᠴᠣᠯᠠ ᠣᠯᠭᠤᠨ᠎ᠠ᠃ ︵2︶ ᠲᠦᠷᠦᠭᠦᠴᠢ ᠶᠢ ᠰᠣᠩᠭᠤᠨ ᠥᠭᠡᠷᠡᠴᠢᠯᠡᠨ᠎ᠡ᠃ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠬᠤᠭᠤᠴᠠᠭ᠎ᠠ ᠨᠢ ᠳᠦᠭᠦᠷᠦᠭᠡᠳ᠂ ᠲᠤᠰ ᠬᠥᠮᠥᠨ ᠨᠢ ᠭᠤᠶᠤᠴᠢᠯᠠᠭᠰᠠᠨ ᠪᠥᠭᠡᠳ ᠬᠤᠯᠪᠣᠭᠳᠠᠯ ᠪᠦᠬᠦᠢ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠦᠷᠦᠭᠦᠴᠢ ᠶᠢ ᠰᠣᠩᠭᠤᠨ ᠥᠭᠡᠷᠡᠴᠢᠯᠡᠵᠦ᠂ ᠵᠣᠬᠢᠴᠠᠩᠭᠤᠢ ᠲᠦᠷᠦᠭᠦᠴᠢ ᠶᠢᠨ ᠴᠣᠯᠠ ᠣᠯᠭᠤᠵᠤ ᠪᠣᠯᠣᠨ᠎ᠠ᠃ ᠠᠯᠪᠠᠨ ᠵᠢᠷᠤᠮ ᠤᠨ ᠴᠡᠷᠢᠭ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠣᠨᠴᠠ ᠰᠢᠯᠢᠳᠡᠭ ᠢᠯᠡᠷᠡᠯ ᠲᠠᠢ ᠪᠣᠯ ᠵᠥᠪᠰᠢᠶᠡᠷᠡᠭᠦᠯᠦᠭᠡᠳ ᠲᠦᠷᠦᠭᠦᠴᠢ ᠪᠠᠨ ᠤᠷᠢᠳᠴᠢᠯᠠᠨ ᠰᠣᠩᠭᠤᠨ ᠥᠭᠡᠷᠡᠴᠢᠯᠡᠵᠦ ᠪᠣᠯᠣᠨ᠎ᠠ᠃ 4. ᠣᠹᠢᠼᠧᠷ ᠢ ᠰᠢᠯᠢᠵᠦ ᠳᠡᠪᠰᠢᠭᠦᠯᠬᠦ᠃ ︵1︶ ᠴᠡᠷᠢᠭ ᠤᠨ ᠰᠤᠷᠭᠠᠭᠤᠯᠢ ᠳᠤ ᠰᠢᠯᠭᠠᠭᠤᠯᠬᠤ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠲᠡᠭᠦᠰᠬᠡᠭᠰᠡᠨ ᠠᠴᠠ ᠳᠡᠭᠡᠭᠰᠢᠬᠢ ᠰᠣᠶᠣᠯ ᠤᠨ ᠬᠢᠷᠢ ᠬᠡᠮᠵᠢᠶ᠎ᠡ ᠲᠠᠢ ᠪᠤᠶᠤ ᠠᠳᠠᠯᠢ ᠰᠤᠷᠤᠯᠭ᠎ᠠ ᠶᠢᠨ ᠨᠠᠮᠲᠠᠷ ᠲᠠᠢ ᠬᠥᠮᠥᠨ᠂ ᠤᠷᠤᠭᠯᠠᠭᠠᠳᠤᠢ᠂ ᠨᠠᠰᠤ ᠨᠢ ᠪᠦᠬᠦᠯᠢ 22 ᠨᠠᠰᠤ ︵ᠴᠡᠷᠢᠭ ᠲᠤ ᠣᠷᠣᠬᠤ   ᠠᠴᠠ ᠡᠮᠦᠨ᠎ᠡ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠲᠡᠭᠦᠰᠦᠭᠰᠡᠨ ᠰᠣᠷᠣᠭᠴᠢ ᠪᠤᠶᠤ ᠴᠥᠭᠡᠨ ᠲᠣᠭᠠᠲᠤ ᠦᠨᠳᠦᠰᠦᠲᠡᠨ ᠪᠠᠶᠢᠪᠠᠯ᠂ 1 ᠨᠠᠰᠤ ᠶᠢ ᠠᠭᠤᠵᠢᠭᠤ ᠲᠠᠯᠪᠢᠵᠤ ᠪᠣᠯᠣᠨ᠎ᠠ︶᠂ ᠴᠡᠷᠢᠭ ᠤᠨ ᠠᠯᠪᠠ ᠬᠠᠭᠠᠭᠠᠳ ᠪᠦᠬᠦᠯᠢ 1 ᠵᠢᠯ ᠪᠣᠯᠵᠤ᠂ 3 ᠵᠢᠯ ᠠᠴᠠ ᠬᠡᠲᠦᠷᠡᠬᠦ ᠦᠭᠡᠢ᠂ ᠴᠡᠷᠢᠭ ᠠᠩᠭᠢ ᠶᠢᠨ ᠤᠷᠢᠳᠠᠪᠠᠷ ᠬᠠᠮᠢᠶᠠᠷᠬᠤ ᠨᠥᠬᠦᠴᠡᠯ ᠳᠤ ᠨᠡᠶᠢᠴᠡᠪᠡᠯ᠂ ᠴᠡᠷᠢᠭ ᠤᠨ ᠰᠤᠷᠭᠠᠭᠤᠯᠢ ᠳᠤ ᠰᠢᠯᠭᠠᠭᠤᠯᠵᠤ ᠪᠣᠯᠣᠨ᠎ᠠ᠃ ⑵ ᠵᠢᠩᠬᠢᠨᠢ ᠠᠩᠭᠢ   ᠠᠴᠠ ᠲᠡᠭᠦᠰᠦᠭᠡᠳ ᠺᠠᠳ᠋ᠷ ᠪᠣᠯᠭᠠᠨ᠎ᠠ᠃ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ   ᠠᠴᠠ ᠳᠡᠭᠡᠭᠰᠢ ᠰᠤᠷᠭᠠᠭᠤᠯᠢ ᠲᠡᠭᠦᠰᠴᠦ᠂ ᠪᠦᠬᠦᠯᠢ 1 ᠵᠢᠯ ᠠᠯᠪᠠ ᠬᠠᠭᠠᠪᠠᠯ 3 ᠵᠢᠯ ᠠᠴᠠ ᠬᠡᠲᠦᠷᠡᠬᠦ ᠦᠭᠡᠢ᠂ ᠵᠢᠩᠬᠢᠨᠢ ᠠᠩᠭᠢ ᠶᠢᠨ ᠨᠠᠰᠤ ᠶᠢ ᠪᠦᠬᠦᠯᠢ 26 ᠨᠠᠰᠤ   ᠠᠴᠠ ᠬᠡᠲᠦᠷᠡᠭᠦᠯᠬᠦ ᠦᠭᠡᠢ᠂ ᠠᠰᠫᠢᠷᠠᠨᠲ ᠲᠡᠭᠦᠰᠦᠭᠰᠡᠳ ᠢ ᠪᠦᠬᠦᠯᠢ 29 ᠨᠠᠰᠤ   ᠠᠴᠠ ᠬᠡᠲᠦᠷᠡᠭᠦᠯᠬᠦ ᠦᠭᠡᠢ᠂ ᠴᠡᠷᠢᠭ ᠠᠩᠭᠢ ᠶᠢᠨ ᠬᠠᠮᠢᠶ᠎ᠠ ᠪᠦᠬᠦᠢ ᠨᠥᠬᠦᠴᠡᠯ ᠳᠤ ᠨᠡᠶᠢᠴᠡᠪᠡᠯ ᠺᠠᠳ᠋ᠷ ᠪᠣᠯᠭᠠᠨ ᠳᠡᠪᠰᠢᠭᠦᠯᠵᠦ ᠪᠣᠯᠣᠨ᠎ᠠ᠃ ᠡᠭᠦᠨ ᠳᠤ ᠲᠥᠪᠡᠳ ᠲᠤ ᠰᠠᠭᠤᠭ᠎ᠠ ᠪᠠ ᠭᠤᠷᠪᠠᠨ ᠲᠦᠷᠦᠯ ᠠᠴᠠ ᠳᠡᠭᠡᠭᠰᠢᠬᠢ ᠬᠠᠲᠠᠭᠤ ᠪᠡᠷᠬᠡᠰᠢᠶᠡᠯᠲᠡᠢ ᠵᠠᠬ᠎ᠠ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠭᠰᠠᠨ ᠣᠷᠣᠨ ᠤ ᠴᠡᠷᠢᠭ ᠠᠩᠭᠢ ᠳᠤ ᠠᠯᠪᠠ ᠬᠠᠭᠠᠵᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠪᠠᠶᠢᠯᠳᠤᠭᠴᠢ ᠶᠢᠨ ᠨᠠᠰᠤ ᠶᠢ 1 ᠨᠠᠰᠤ ᠪᠠᠷ ᠤᠷᠲᠤᠳᠬᠠᠵᠤ ᠪᠣᠯᠣᠨ᠎ᠠ᠃ ︵ᠭᠤᠷᠪᠠ︶ ᠴᠡᠷᠢᠭ ᠤᠨ ᠠᠯᠪᠠᠨ ᠠᠴᠠ ᠪᠠᠭᠤᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ 1. ᠲᠥᠪᠬᠢᠨᠡᠭᠦᠯᠬᠦ ᠲᠥᠷᠥ ᠶᠢᠨ ᠪᠣᠳᠣᠯᠭ᠎ᠠ᠃ ᠵᠢᠩᠬᠢᠨᠢ ᠠᠯᠪᠠᠨ ᠠᠴᠠ ᠪᠠᠭᠤᠭᠰᠠᠨ ᠠᠯᠪᠠᠨ ᠵᠢᠷᠤᠮ ᠤᠨ ᠴᠡᠷᠢᠭ ᠢ ᠤᠯᠤᠰ ᠠᠴᠠ ᠪᠡᠶ᠎ᠡ ᠪᠠᠨ ᠳᠠᠭᠠᠭᠠᠵᠤ ᠠᠵᠢᠯ ᠣᠯᠬᠤ᠂ ᠠᠵᠢᠯ ᠲᠣᠬᠢᠷᠠᠭᠤᠯᠬᠤ᠂ ᠠᠰᠠᠷᠠᠨ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠲᠣᠬᠢᠲᠠᠢ ᠳᠥᠪᠬᠢᠨᠡᠭᠦᠯᠦᠨ ᠲᠣᠬᠢᠷᠠᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠨ ᠲᠦᠷᠦᠭᠦᠴᠢ ᠶᠢ ᠤᠯᠤᠰ ᠠᠴᠠ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢ ᠰᠠᠷ᠎ᠠ ᠳᠠᠷᠠᠭᠠᠯᠠᠨ ᠠᠪᠬᠤ᠂ ᠪᠡᠶ᠎ᠡ ᠪᠠᠨ ᠳᠠᠭᠠᠭᠠᠵᠤ ᠠᠵᠢᠯ ᠣᠯᠬᠤ᠂ ᠠᠵᠢᠯ ᠲᠣᠬᠢᠷᠠᠭᠤᠯᠬᠤ᠂ ᠨᠠᠰᠤᠨ ᠤ ᠠᠮᠠᠷᠠᠯᠲᠠ ᠠᠪᠬᠤ᠂ ᠠᠰᠠᠷᠠᠨ ᠲᠡᠵᠢᠭᠡᠬᠦ ᠵᠡᠷᠭᠡ ᠠᠷᠭ᠎ᠠ ᠮᠠᠶ᠋ᠢᠭ ᠢᠶᠠᠷ ᠲᠣᠬᠢᠲᠠᠢ ᠳᠥᠪᠬᠢᠨᠡᠭᠦᠯᠦᠨ ᠲᠣᠬᠢᠷᠠᠭᠤᠯᠤᠨ᠎ᠠ᠃ ᠲᠦᠷᠦᠭᠦᠴᠢ ᠵᠢᠩᠬᠢᠨᠢ ᠠᠯᠪᠠᠨ ᠠᠴᠠ ᠪᠠᠭᠤᠵᠤ᠂ ᠠᠯᠪᠠ ᠬᠠᠭᠠᠬᠤ ᠬᠤᠭᠤᠴᠠᠭ᠎ᠠ ᠨᠢ ᠳᠦᠭᠦᠷᠦᠭᠡᠳ 12 ᠵᠢᠯ ᠪᠣᠯᠤᠭᠰᠠᠨ ᠪᠤᠶᠤ ᠤᠯᠤᠰ ᠠᠴᠠ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠪᠠᠯ᠂ ᠳᠥᠪᠬᠢᠨᠡᠭᠦᠯᠦᠨ ᠲᠣᠬᠢᠷᠠᠭᠤᠯᠬᠤ ᠭᠠᠵᠠᠷ ᠤᠨ ᠰᠢᠶᠠᠨ ︵ᠲᠣᠭᠤᠷᠢᠭ︶ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠠᠵᠢᠯ ᠲᠣᠬᠢᠷᠠᠭᠤᠯᠵᠤ ᠥᠭᠭᠦᠨ᠎ᠡ᠃ 2. ᠬᠠᠨᠳᠤᠯᠭ᠎ᠠ ᠲᠠᠢ ᠪᠠᠷ ᠡᠯᠰᠡᠬᠦ ᠪᠤᠶᠤ ᠤᠷᠢᠳᠠᠪᠠᠷ ᠡᠯᠰᠡᠨ᠎ᠡ᠃ ᠴᠡᠷᠢᠭ ᠠᠩᠭᠢ ᠳᠤ 5 ᠵᠢᠯ ︵ᠪᠠᠭᠲᠠᠨ᠎ᠠ︶ ᠠᠴᠠ ᠳᠡᠭᠡᠭᠰᠢ ᠠᠯᠪᠠ ᠬᠠᠭᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠴᠡᠷᠢᠭ ᠠᠴᠠ ᠬᠠᠯᠠᠭᠳᠠᠭᠰᠠᠨ ᠤ ᠳᠠᠷᠠᠭ᠎ᠠ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠥᠰ ᠲᠤ ᠬᠠᠨᠳᠤᠭᠤᠯᠤᠨ ᠬᠠᠨᠳᠤᠯᠭ᠎ᠠ ᠲᠠᠢ ᠪᠠᠷ ᠰᠢᠯᠭᠠᠨ ᠡᠯᠰᠡᠬᠦ ᠠᠵᠢᠯ ᠤᠨ ᠪᠠᠶᠢᠷᠢ ᠳᠤ ᠨᠡᠷ᠎ᠡ ᠮᠡᠳᠡᠭᠦᠯᠵᠦ᠂ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠬᠥᠮᠥᠰ ᠯᠦᠭᠡ ᠠᠯᠪᠠᠲᠠᠨ ᠤ ᠬᠠᠨᠳᠤᠯᠭ᠎ᠠ ᠲᠠᠢ ᠪᠠᠷ ᠰᠢᠯᠭᠠᠨ ᠡᠯᠰᠡᠬᠦ ᠲᠥᠯᠥᠪᠯᠡᠭᠡ ᠶᠢ ᠬᠠᠮᠲᠤᠪᠠᠷ ᠡᠳ᠋ᠯᠡᠨ᠎ᠡ᠃ ᠠᠯᠪᠠᠲᠠᠨ ᠡᠯᠰᠡᠬᠦ ᠳᠡᠭᠡᠨ ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ ᠪᠠᠶᠢᠭᠤᠯᠤᠯᠭ᠎ᠠ ︵ᠨᠢᠭᠡᠴᠡ︶ ᠶᠢᠨ ᠠᠵᠢᠯᠲᠠᠨ ︵ᠳᠠᠷᠤᠢ ᠠᠯᠪᠠᠨ ᠳᠤ ᠣᠷᠣᠯᠴᠠᠭᠴᠢ︶ ᠢᠶᠠᠷ ᠯᠠᠪᠯᠠᠯᠲᠠ ᠪᠣᠯᠭᠠᠵᠤ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠡᠯᠰᠡᠬᠦ ᠳᠡᠭᠡᠨ᠂ ᠠᠳᠠᠯᠢ ᠨᠥᠬᠦᠴᠡᠯ ᠤᠨ ᠳᠣᠣᠷ᠎ᠠ ᠵᠠᠰᠠᠭ ᠤᠨ ᠣᠷᠳᠣᠨ ᠤ ᠠᠵᠢᠯ ᠲᠣᠬᠢᠷᠠᠭᠤᠯᠬᠤ ᠨᠥᠬᠦᠴᠡᠯ ᠳᠤ ᠨᠡᠶᠢᠴᠡᠬᠦ ᠴᠡᠷᠢᠭ ᠤᠨ ᠠᠯᠪᠠ   ᠠᠴᠠ ᠪᠠᠭᠤᠭᠰᠠᠨ ᠪᠠᠶᠢᠯᠳᠤᠭᠴᠢ ᠶᠢ ᠤᠷᠢᠳᠠᠪᠠᠷ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠬᠡᠷᠡᠭᠲᠡᠢ᠃ ᠴᠡᠷᠢᠭ ᠤᠨ ᠠᠯᠪᠠᠨ   ᠠᠴᠠ ᠪᠠᠭᠤᠭᠰᠠᠨ ᠪᠠᠶᠢᠯᠳᠤᠭᠴᠢᠳ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠦᠭᠰᠡᠨ᠂ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠳᠤ ᠤᠷᠢᠭᠳᠠᠭᠰᠠᠨ ᠪᠠᠶᠢᠪᠠᠯ᠂ ᠴᠡᠷᠢᠭ ᠠᠩᠭᠢ ᠳᠤ ᠵᠢᠩᠬᠢᠨᠢ ᠠᠯᠪᠠ ᠬᠠᠭᠠᠭᠰᠠᠨ ᠥᠩᠭᠡᠷᠡᠯᠲᠡ ᠶᠢ ᠦᠨᠳᠦᠰᠦᠨ ᠱᠠᠲᠤᠨ ᠳᠤ ᠠᠵᠢᠯᠯᠠᠭᠰᠠᠨ ᠥᠩᠭᠡᠷᠡᠯᠲᠡ ᠪᠠᠷ ᠦᠵᠡᠵᠦ᠂ ᠵᠢᠩᠬᠢᠨᠢ ᠠᠯᠪᠠ ᠬᠠᠭᠠᠭᠰᠠᠨ ᠵᠢᠯ ᠬᠤᠭᠤᠴᠠᠭ᠎ᠠ ᠶᠢ ᠠᠵᠢᠯᠯᠠᠭᠰᠠᠨ ᠵᠢᠯ ᠢᠶᠠᠷ ᠪᠤᠳᠤᠨ᠎ᠠ᠃ 3. ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠰᠦᠢᠳᠬᠡᠯ ᠬᠤᠷᠢᠶᠠᠬᠤ ᠦᠭᠡᠢ ᠪᠠᠷ ᠪᠣᠯᠪᠠᠰᠤᠷᠠᠭᠤᠯᠤᠨ᠎ᠠ᠃ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠴᠡᠷᠢᠭ ᠤᠨ ᠠᠯᠪᠠᠨ ᠠᠴᠠ ᠪᠠᠭᠤᠭᠰᠠᠨ ᠤ ᠲᠠᠷᠠᠭ᠎ᠠ ᠨᠢᠭᠡ ᠤᠳᠠᠭ᠎ᠠ ᠰᠦᠢᠳᠬᠡᠯ ᠬᠤᠷᠢᠶᠠᠬᠤ ᠦᠭᠡᠢ ᠪᠣᠯᠪᠠᠰᠤᠷᠠᠭᠤᠯᠤᠯ ᠬᠥᠷᠳᠡᠬᠦ ᠶᠢ ᠰᠣᠩᠭᠤᠬᠤ ᠶᠢᠨ ᠬᠠᠮᠲᠤ ᠪᠣᠯᠪᠠᠰᠤᠷᠠᠭᠤᠯᠤᠯ ᠤᠨ ᠬᠤᠭᠤᠴᠠᠭᠠᠨ   ᠤ ᠠᠮᠢᠳᠤᠷᠠᠯ ᠤᠨ ᠨᠥᠬᠦᠪᠦᠷᠢ ᠶᠢ ᠬᠦᠷᠲᠡᠵᠦ᠂ ᠬᠥᠮᠦᠵᠢᠯ ᠪᠣᠯᠪᠠᠰᠤᠷᠠᠭᠤᠯᠤᠯ ᠤᠨ ᠬᠤᠭᠤᠴᠠᠭ᠎ᠠ ᠬᠢᠵᠠᠭᠠᠷ ᠨᠢ ᠡᠩ ᠤᠨ ᠪᠠᠶᠢᠳᠠᠯ   ᠳᠤ 2 ᠵᠢᠯ ᠪᠠᠶᠢᠵᠤ᠂ ᠬᠠᠮᠤᠭ ᠤᠨ ᠣᠬᠤᠷ ᠲᠠᠭᠠᠨ 3 ᠰᠠᠷ᠎ᠠ ᠠᠴᠠ ᠳᠤᠲᠠᠭᠤ ᠪᠠᠶᠢᠵᠤ ᠪᠣᠯᠬᠤ ᠦᠭᠡᠢ᠃ 4. ᠠᠳᠠᠯ ᠦᠢᠯᠡᠰ ᠴᠣᠭᠴᠠᠯᠠᠬᠤ ᠮᠥᠩᠭᠦᠨ ᠭᠦᠢᠯᠭᠡᠭᠡᠨ ᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠭᠥᠷᠳᠡᠨ᠎ᠡ᠃ ᠨᠥᠬᠦᠴᠡᠯ ᠳᠤ ᠨᠡᠶᠢᠴᠡᠬᠦ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠤᠨ ᠠᠯᠪᠠᠨ   ᠠᠴᠠ ᠪᠠᠭᠤᠭᠰᠠᠨ ᠪᠠᠶᠢᠯᠳᠤᠭᠴᠢ ᠵᠢᠴᠢ ᠲᠡᠭᠦᠨ ᠤ ᠡᠭᠦᠳᠦᠨ ᠪᠠᠶᠢᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ ᠤᠳ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠬᠤ ᠶᠢᠨ ᠬᠠᠮᠲᠤ᠂ ᠤᠯᠤᠰ ᠤᠨ ᠲᠣᠭᠲᠠᠭᠠᠯ ᠶᠣᠰᠣᠭᠠᠷ ᠵᠢᠭᠡᠯᠡᠯᠭᠡ ᠶᠢᠨ ᠳᠠᠮ ᠬᠦᠦ ᠭᠥᠷᠳᠡᠨ᠎ᠡ᠃ ᠴᠡᠷᠢᠭ ᠠᠴᠠ ᠬᠠᠯᠠᠭᠳᠠᠭᠰᠠᠳ ᠬᠤᠪᠢ ᠶᠢᠨ ᠡᠵᠡᠩᠨᠡᠯᠲᠡ ᠬᠢᠬᠦ ᠳᠤ᠂ ᠨᠥᠬᠦᠴᠡᠯ ᠳᠤ ᠨᠡᠶᠢᠴᠡᠪᠡᠯ ᠤᠯᠤᠰ ᠤᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠢ ᠭᠥᠷᠳᠡᠵᠦ ᠪᠣᠯᠣᠨ᠎ᠠ᠃ 5. ᠨᠢᠭᠡ ᠯᠡ ᠤᠳᠠᠭ᠎ᠠ ᠶᠢᠨ ᠴᠢᠨᠠᠷᠲᠠᠢ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢ ᠨᠥᠬᠦᠴᠡᠯ ᠳᠤ ᠨᠡᠶᠢᠴᠡᠬᠦ ᠪᠡᠶ᠎ᠡ ᠪᠠᠨ ᠳᠠᠭᠠᠭᠠᠵᠤ ᠠᠵᠢᠯ ᠣᠯᠣᠭᠰᠠᠨ ᠴᠡᠷᠢᠭ ᠟ᠣᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠤᠯᠤᠰ ᠪᠣᠯᠣᠨ ᠴᠡᠷᠢᠭ ᠠᠩᠭᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢ ᠨᠢᠭᠡ ᠤᠳᠠᠭ᠎ᠠ ᠶᠢᠨ ᠴᠢᠨᠠᠷᠲᠠᠢ ᠪᠠᠷ ᠠᠪᠬᠤ ᠬᠡᠷᠡᠭᠲᠡᠢ᠃ ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠪᠠᠷᠢᠮᠵᠢᠶ᠎ᠠ ᠪᠣᠯ ᠴᠡᠷᠢᠭ ᠤᠨ ᠠᠯᠪᠠ ᠬᠠᠭᠠᠭᠠᠳ ᠪᠦᠬᠦᠯᠢ ᠨᠢᠭᠡ ᠵᠢᠯ ᠪᠣᠯᠵᠤ᠂ 4500 ᠲᠥᠭᠦᠷᠢᠭ ᠣᠯᠭᠤᠨ᠎ᠠ᠃ ᠢᠷᠠᠭᠤ ᠠᠯᠳᠠᠷ ᠤᠨ ᠴᠣᠯᠠ ᠣᠯᠣᠭᠰᠠᠨ ᠪᠤᠶᠤ ᠭᠠᠪᠢᠶ᠎ᠠ ᠪᠠᠶᠢᠭᠤᠯᠤᠭᠰᠠᠨ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ ᠦᠨᠳᠦᠰᠦᠨ ᠪᠠᠷᠢᠮᠵᠢᠶ᠎ᠠ ᠪᠠᠷ ᠰᠠᠭᠤᠷᠢ ᠲᠤᠭ᠎ᠠ ᠪᠣᠯᠭᠠᠨ᠂ ᠴᠡᠷᠢᠭ ᠤᠨ ᠠᠯᠪᠠᠨ ᠠᠴᠠ ᠪᠠᠭᠤᠭᠰᠠᠨ ᠮᠥᠩᠭᠦ ᠶᠢ ᠵᠣᠬᠢᠬᠤ ᠬᠠᠷᠢᠴᠠᠯ ᠶᠣᠰᠣᠭᠠᠷ ᠨᠡᠮᠡᠵᠦ ᠣᠯᠭᠤᠬᠤ ᠬᠡᠷᠡᠭᠲᠡᠢ᠃ ᠲᠠᠪᠤ᠂ ᠨᠡᠷ᠎ᠡ ᠮᠡᠳᠡᠭᠦᠯᠬᠦ ᠯᠠᠪᠯᠠᠭ᠎ᠠ ᠥᠷᠭᠡᠨ ᠣᠯᠠᠨ ᠵᠠᠯᠠᠭᠤᠴᠤᠳ ᠪᠠ ᠭᠡᠷ ᠤᠨ ᠠᠬᠠᠮᠠᠳ ᠤᠨ ᠴᠡᠷᠢᠭ ᠡᠯᠰᠡᠬᠦ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠴᠡᠷᠢᠭ ᠲᠤ ᠣᠷᠣᠬᠤ ᠪᠠᠷ ᠨᠡᠷ᠎ᠡ ᠮᠡᠳᠡᠭᠦᠯᠬᠦ ᠳᠤ ᠳᠥᠭᠦᠮ ᠦᠵᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠡᠯ᠎ᠡ ᠱᠠᠲᠤᠨ ᠤ ᠴᠡᠷᠢᠭ ᠤᠨ ᠠᠯᠪᠠᠨ ᠤ ᠪᠠᠶᠢᠭᠤᠯᠭ᠎ᠠ ᠶᠢᠨ ᠬᠠᠷᠢᠯᠴᠠᠬᠤ ᠬᠡᠯᠪᠡᠷᠢ ᠶᠢ ᠳᠣᠣᠷᠠᠬᠢ ᠮᠡᠲᠦ ᠨᠡᠶᠢᠲᠡᠯᠡᠶ᠎ᠡ᠄ ᠬᠤᠣᠯᠢᠨ ᠭᠤᠣᠯ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 0475 ︱ 78202010     15848172738 ᠮᠦᠰᠦᠳᠠᠢ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 13171057907 ᠵᠦᠰᠬᠤᠸᠠ ᠵᠡᠭᠡᠯᠢ ᠭᠤᠳᠤᠮᠵᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 13298080818 ᠪᠣᠷᠣ ᠬᠤᠵᠢᠷ ᠵᠡᠭᠡᠯᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 16772343555 ᠰᠢᠷ᠎ᠠ ᠬᠦᠤᠷ ᠵᠡᠭᠡᠯᠢ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 13190891756 ᠳᠠᠯᠠᠢ ᠬᠤᠰᠢᠭᠤ ᠰᠤᠮᠤ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠄ 15750587995               ᠬᠤᠣᠯᠢᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ                                   2023 ᠣᠨ ᠤ 12 ᠰᠠᠷ᠎ᠠ ᠶᠢᠨ 1 ᠤ ᠡᠳᠦᠷ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号