ᠨᠢᠭᠡᠨ ᠵᠣᠯ ᠵᠢᠷᠭᠠᠯᠲᠤ ᠬᠤᠳᠠ ᠳᠤ ᠠᠷᠠᠳ ᠤᠨ ᠠᠮᠢᠳᠤᠷᠠᠯ ᠤᠨ ᠢᠯᠡ ᠲᠣᠳᠣ ᠰᠠᠭᠤᠷᠢ ᠥᠩᠭᠡ ᠪᠠᠶᠢᠬᠤ | ᠨᠢ ᠯᠠᠪᠲᠠᠢ᠃ 2023 ᠣᠨ ᠳᠤ᠂ ᠬᠤᠥᠯᠢᠨ ᠭᠤᠣᠯ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠣᠷᠣᠰᠢᠨ | ᠰᠠᠭᠤᠬᠤ ᠳᠤ ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ︽ᠠᠷᠠᠳ ᠤᠨ | ᠠᠮᠢᠳᠤᠷᠠᠯ ᠤᠨ ᠲᠠᠩᠰᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ | ᠲᠥᠬᠦᠮ ᠦᠵᠡᠭᠦᠯᠬᠦ ᠬᠠᠷᠠᠯᠲᠠ ᠶᠢᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ | ᠰᠢᠢᠳᠪᠦᠷᠢᠯᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ | ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠡᠨᠡ ᠡᠳᠦᠷ ᠠᠴᠠ | ᠡᠬᠢᠯᠡᠨ᠂ ᠬᠤᠣᠯᠢᠨ ᠭᠤᠣᠯ ᠬᠤᠳᠠ ᠶᠢᠨ ᠬᠠᠮ ᠵᠠᠭᠤᠴᠢᠯᠠᠭᠤᠷ ᠤᠨ ᠲᠥᠪ︽ᠠᠷᠠᠳ ᠤᠨ ᠠᠮᠢᠳᠤᠷᠠᠯ ᠤᠨ ᠵᠢᠷᠤᠭ | ᠰᠢᠨ᠎ᠡ ᠦᠵᠡᠮᠵᠢ ᠶᠢ ᠵᠢᠷᠤᠭᠯᠠᠶ᠎ᠠ︾ᠭᠡᠬᠦ ᠲᠤᠰᠬᠠᠢ ᠪᠤᠯᠤᠩ ᠭᠠᠷᠭᠠᠵᠤ᠂ ᠲᠠᠨ ᠳᠤ ᠰᠢᠨ᠎ᠡ ᠴᠠᠭ ᠦᠶ᠎ᠡ ᠶᠢᠨ ᠵᠣᠯ | ᠵᠢᠷᠭᠠᠯᠲᠤ ᠵᠢᠷᠤᠭ ᠤᠳ ᠢ ᠳᠡᠯᠭᠡᠨ ᠦᠵᠡᠭᠦᠯᠬᠦ ᠪᠣᠯᠣᠨ᠎ᠠ᠃ | | | | | 12 ᠰᠠᠷ᠎ᠠ ᠶᠢᠨ 5 ᠤ ᠡᠳᠦᠷ ᠤᠨ 8 ᠴᠠᠭ 05 ᠮᠢᠨᠦ᠋ᠲ ᠲᠤ᠂ ᠮᠦᠭᠳᠡᠨ ᠠᠴᠠ ᠬᠤᠣᠯᠢᠨ ᠭᠤᠣᠯ ᠬᠦᠷᠬᠦ | DR5333 ᠡᠭᠡᠯᠵᠢ ᠶᠢᠨ ᠨᠢᠰᠬᠡᠯ ᠤᠷᠤᠭᠰᠢᠲᠠᠢ ᠪᠠᠷ ᠪᠠᠭᠤᠬᠤ ᠶᠢ ᠳᠠᠭᠠᠯᠳᠤᠨ᠂ ᠬᠤᠶᠠᠷ ᠵᠢᠯ ᠤᠨ ᠳᠠᠷᠠᠭ᠎ᠠ᠂ | ᠬᠤᠣᠯᠢᠨ ᠭᠤᠣᠯ ᠨᠢᠰᠬᠡᠯ ᠤᠨ ᠪᠠᠭᠤᠳᠠᠯ ᠤᠨ ᠠᠶᠠᠨᠴᠢᠳ ᠤᠨ ᠲᠤᠭ᠎ᠠ ᠳᠠᠬᠢᠨᠲᠠ 10 ᠲᠦᠮᠡᠨ ᠬᠥᠮᠥᠨ ᠤᠳᠠᠭ᠎ᠠ ᠶᠢ | ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ | ︽ᠪᠢ ᠦᠷᠭᠦᠯᠵᠢ ᠠᠳᠡᠬᠢ ᠶᠢᠨ ᠨᠢᠰᠬᠡᠯ ᠢᠶᠠᠷ ᠭᠠᠳᠠᠭᠰᠢ ᠭᠠᠷᠳᠠᠭ᠂ ᠣᠲᠣ ᠬᠤᠥᠯᠢᠨ ᠭᠤᠣᠯ ᠤᠨ | ᠨᠢᠰᠬᠡᠯ ᠤᠨ ᠪᠠᠭᠤᠳᠠᠯ ᠢ ᠤᠯᠠᠮ ᠠᠴᠠ ᠤᠯᠠᠮ ᠰᠠᠶᠢᠨ ᠪᠠᠶᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ | ᠶᠡᠭᠡ ᠪᠠᠷ ᠳᠡᠭᠡᠭᠰᠢᠯᠡᠭᠦᠯᠵᠦ᠂ ᠠᠭᠠᠷ ᠤᠨ ᠠᠶᠠᠯᠠᠯ ᠤᠨ ᠱᠤᠭᠤᠮ ᠢ ᠥᠩᠭᠡᠷᠡᠭᠰᠡᠨ ᠤ ᠬᠢ ᠠᠴᠠ ᠪᠠᠨ ᠤᠯᠠᠮ | ᠪᠠᠶᠠᠯᠢᠭᠵᠢᠭᠤᠯᠵᠠᠢ︾ ᠭᠡᠵᠦ ᠨᠢᠰᠬᠡᠯ ᠳᠤ ᠭᠠᠷᠬᠤ ᠪᠡᠯᠡᠳᠬᠡᠯ ᠬᠢᠵᠦ ᠪᠠᠶᠢᠭᠰᠠᠨ ᠠᠶᠠᠨᠴᠢᠨ ᠸᠠᠩ ᠠᠪᠤᠭᠠᠢ | ᠰᠤᠷᠪᠤᠯᠵᠢᠯᠠᠭᠴᠢ ᠳᠤ ︽ᠢᠯᠠᠩᠭᠤᠶ᠎ᠠ ︿ᠬᠥᠬᠡᠬᠤᠲᠠ ᠪᠠᠷ ᠳᠡᠮᠵᠢᠨ ᠨᠢᠰᠬᠦ﹀ ᠦᠢᠯᠡᠴᠢᠯᠡᠭᠡᠨ ᠤ ᠲᠠᠰᠤᠷᠠᠯᠲᠠ | ᠦᠭᠡᠢ ᠲᠠᠰ ᠳᠡᠪᠰᠢᠬᠦ ᠶᠢ ᠳᠠᠭᠠᠯᠳᠤᠨ᠂ ᠮᠠᠨ ᠤ ᠡᠲᠡᠭᠡᠷ ᠠᠯᠤᠰ ᠬᠤᠯᠠ ᠶᠠᠪᠤᠵᠤ ᠪᠠᠶᠢᠭ᠎ᠠ ᠬᠥᠮᠥᠰ ᠤᠨ ᠭᠠᠳᠠᠭᠰᠢ | ᠭᠠᠷᠴᠤ ᠠᠵᠢᠯ ᠶᠠᠪᠤᠳᠠᠯ ᠬᠢᠬᠦ ᠳᠤ ᠮᠠᠰᠢ ᠣᠯᠠᠨ ᠴᠠᠭ ᠪᠠ ᠥᠪᠡᠷ ᠤᠨ ᠥᠷᠲᠡᠭ ᠢ ᠠᠷᠪᠢᠯᠠᠵᠤ ᠥᠭᠭᠦᠭᠰᠡᠨ ᠪᠠᠶᠢᠨ᠎ᠠ | ︾ ᠭᠡᠪᠡ᠃ | | | | | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ ᠬᠤᠣᠯᠢᠨ ᠭᠤᠣᠯ ᠨᠢᠰᠬᠡᠯ ᠤᠨ ᠪᠠᠭᠤᠳᠠᠯ ᠨᠢ ᠬᠤᠲᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ ᠵᠢᠴᠢ ᠠᠭᠠᠷ ᠤᠨ ᠠᠶᠠᠯᠠᠯ ᠤᠨ | ᠵᠤᠷᠭᠠᠨ ᠢ ᠢᠳᠡᠪᠬᠢᠲᠡᠢ ᠵᠣᠬᠢᠴᠠᠭᠤᠯᠵᠤ᠂ ᠲᠤᠬᠠᠢ ᠶᠢᠨ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠠᠭᠠᠷ ᠤᠨ ᠠᠶᠠᠯᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠠᠭᠠᠷ ᠤᠨ ᠠᠶᠠᠯᠠᠯ ᠤᠨ | ᠱᠤᠭᠤᠮ ᠤᠨ ᠲᠣᠣᠷ ᠰᠦᠯᠵᠢᠶ᠎ᠡ ᠶᠢᠨ ᠪᠦᠲᠦᠴᠡ ᠶᠢ ᠵᠣᠬᠢᠰᠲᠠᠢ ᠰᠢᠯᠢᠳᠡᠭᠵᠢᠭᠦᠯᠵᠦ᠂ ᠤᠷᠢᠳ ᠬᠤᠵᠢᠳ ᠲᠢᠶᠠᠨᠵᠢᠨ | ︱ ᠲᠦᠩᠯᠢᠶᠣᠣ ︱ ᠬᠤᠥᠯᠢᠨ ᠭᠤᠣᠯ᠂ ᠬᠤᠥᠯᠢᠨ ᠭᠤᠣᠯ ︱ ᠪᠡᠭᠡᠵᠢᠩ ᠤᠨ ᠳ᠋ᠡ ᠰᠢᠩ ᠠᠭᠠᠷ ᠤᠨ | ᠠᠶᠠᠯᠠᠯ ᠤᠨ ᠱᠤᠭᠤᠮ ᠢ ᠨᠠᠪᠲᠠᠷᠡᠭᠦᠯᠵᠦ᠂ ︽ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ︾ ᠪᠠᠶᠢᠯᠳᠤᠬᠤ | ᠪᠣᠳᠣᠯᠭ᠎ᠠ ᠶᠢ ᠢᠳᠡᠪᠬᠢᠲᠡᠢ ᠲᠤᠤᠱᠯᠠᠭᠤᠯᠤᠨ ᠬᠡᠷᠡᠭᠵᠢᠭᠦᠯᠵᠦ᠂ ᠬᠤᠥᠯᠢᠨ ᠭᠤᠣᠯ ︱ ᠲᠦᠩᠯᠢᠶᠣᠣ᠂ ᠬᠤᠥᠯᠢᠨ | ᠭᠤᠣᠯ ︱ ᠰᠢᠯᠢ ᠶᠢᠨ ᠬᠤᠲᠠ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ | ᠨᠠᠪᠲᠠᠷᠡᠭᠦᠯᠵᠦ᠂ ︽ᠰᠠᠯᠪᠤᠷᠢ ᠰᠠᠯᠪᠤᠷᠢ ᠵᠠᠮ ᠨᠡᠪᠲᠡᠷᠡᠯᠭᠡ ᠶᠢᠨ︾ ᠠᠭᠠᠷ ᠤᠨ ᠠᠶᠠᠯᠠᠯ ᠤᠨ ᠱᠤᠭᠤᠮ ᠤᠨ ᠲᠣᠣᠷ | ᠰᠦᠯᠵᠢᠶ᠎ᠡ ᠶᠢᠨ ᠪᠠᠶᠢᠷᠢᠰᠢᠭᠤᠯᠤᠯᠲᠠ ᠶᠢ ᠪᠥᠬᠦ ᠲᠠᠯ᠎ᠠ ᠪᠠᠷ ᠲᠡᠭᠦᠯᠳᠡᠷᠵᠢᠭᠦᠯᠪᠡ᠃ | ᠣᠳᠣ ᠪᠣᠯᠲᠠᠯ᠎ᠠ᠂ ᠬᠤᠣᠯᠢᠨ ᠭᠤᠣᠯ ᠤᠨ ᠨᠢᠰᠬᠡᠯ ᠤᠨ ᠪᠠᠭᠤᠳᠠᠯ ᠮᠦᠭᠳᠡᠨ ︱ ᠬᠤᠣᠯᠢᠨ ᠭᠤᠣᠯ ︱ | ᠬᠥᠬᠡᠬᠤᠲᠠ ᠶᠢᠨ ᠨᠠᠰᠢ ᠴᠠᠰᠢ ᠶᠠᠪᠤᠬᠤ ᠠᠶᠠᠯᠠᠯ ᠤᠨ ᠱᠤᠭᠤᠮ ᠵᠢᠴᠢ ᠬᠤᠣᠯᠢᠨ ᠭᠤᠣᠯ ︱ ᠲᠦᠩᠯᠢᠶᠣᠣ ᠶᠢᠨ | ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠦᠷᠭᠦᠯᠵᠢᠯᠡᠨ ᠡᠵᠡᠩᠨᠡᠵᠦ ᠪᠠᠶᠢᠨ᠎ᠠ᠃ ᠡᠭᠦᠨ ᠤ ᠬᠠᠮᠲᠤ | ᠵᠠᠰᠠᠭ ᠤᠨ ᠣᠷᠳᠣᠨ ᠲᠠᠢ ᠬᠠᠮᠲᠤᠷᠠᠨ ᠠᠷᠠᠳ ᠲᠤ ᠠᠰᠢᠭ ᠬᠦᠷᠲᠡᠭᠡᠬᠦ ᠪᠢᠯᠧᠲ ᠤᠨ ᠦᠨ᠎ᠡ ᠶᠢ ᠨᠡᠶᠢᠲᠡᠯᠡᠵᠦ᠂ | ᠡᠭᠦᠨ ᠤ ᠳᠣᠲᠣᠷ᠎ᠠ ᠬᠤᠥᠯᠢᠨ ᠭᠤᠣᠯ ᠠᠴᠠ ᠬᠥᠬᠡᠬᠤᠲᠠ ᠳᠤ ᠢᠷᠡᠵᠦ ᠪᠤᠴᠠᠬᠤ ᠠᠶᠠᠯᠠᠯ ᠤᠨ ᠱᠤᠭᠤᠮ 257 | ᠲᠥᠭᠦᠷᠢᠭ ᠠᠴᠠ ᠡᠬᠢᠯᠡᠨ᠂ ᠬᠤᠥᠯᠢᠨ ᠭᠤᠣᠯ ᠠᠴᠠ ᠱᠧᠨᠶᠠᠩ ᠳᠤ ᠢᠷᠡᠵᠦ ᠪᠤᠴᠠᠬᠤ ᠠᠶᠠᠯᠠᠯ ᠤᠨ ᠱᠤᠭᠤᠮ | 186 ᠲᠥᠭᠦᠷᠢᠭ ᠠᠴᠠ ᠡᠬᠢᠯᠡᠨ᠂ ᠬᠤᠥᠯᠢᠨ ᠭᠤᠣᠯ ᠠᠴᠠ ᠲᠦᠩᠯᠢᠶᠣᠣ ᠳᠤ 150 ᠲᠥᠭᠦᠷᠢᠭ ᠠᠴᠠ ᠡᠬᠢᠯᠡᠨ᠂ | 12 ᠰᠠᠷ᠎ᠠ ᠶᠢᠨ 6 ᠤ ᠡᠳᠦᠷ ᠬᠤᠥᠯᠢᠨ ᠭᠤᠣᠯ ᠠᠴᠠ ᠰᠢᠯᠢᠩᠬᠤᠲᠠ ᠶᠢᠨ ᠣᠶᠢᠷ᠎ᠠ ᠵᠠᠮ ᠤᠨ ᠲᠡᠭᠡᠭᠡᠪᠦᠷᠢ ᠶᠢᠨ | ᠠᠶᠠᠯᠠᠯ ᠤᠨ ᠱᠤᠭᠤᠮ ᠢ ᠨᠡᠪᠲᠡᠷᠡᠭᠦᠯᠬᠦ ᠪᠠᠷ ᠲᠥᠯᠥᠪᠯᠡᠵᠦ ᠪᠠᠶᠢᠨ᠎ᠠ᠂ ᠪᠢᠯᠧᠲ ᠤᠨ ᠦᠨ᠎ᠡ ᠨᠢ 99 | ᠲᠥᠭᠦᠷᠢᠭ ᠠᠴᠠ ᠡᠬᠢᠯᠡᠬᠦ ᠪᠣᠯᠣᠨ᠎ᠠ᠃ ᠡᠭᠦᠨ ᠠᠴᠠ ᠭᠠᠳᠠᠨ᠎ᠠ᠂ ᠬᠤᠥᠯᠢᠨ ᠭᠤᠣᠯ ᠤᠨ ᠨᠢᠰᠬᠡᠯ ᠤᠨ ᠪᠠᠭᠤᠳᠠᠯ | ᠨᠢᠭᠡᠨᠲᠡ 2024 ᠣᠨ ᠤ ᠵᠤᠨ ᠨᠠᠮᠤᠷ ᠤᠨ ᠠᠭᠠᠷ ᠤᠨ ᠠᠶᠠᠯᠠᠯ ᠤᠨ ᠤᠯᠠᠷᠢᠯ ᠤᠨ ᠡᠷᠬᠢᠨ ᠲᠣᠭᠤᠷᠢᠨ ᠤ ᠠᠶᠢᠮᠠᠭ | ᠬᠤᠲᠠ ᠶᠢᠨ ᠰᠠᠯᠪᠤᠷᠢ ᠰᠠᠯᠪᠤᠷᠢ ᠨᠡᠪᠲᠡᠷᠡᠬᠦ ᠠᠭᠠᠷ ᠤᠨ ᠠᠶᠠᠯᠠᠯ ᠤᠨ ᠱᠤᠭᠤᠮ ᠵᠢᠴᠢ ᠬᠤᠥᠯᠢᠨ ᠭᠤᠣᠯ ︱ | ᠪᠡᠭᠡᠵᠢᠩ ᠤᠨ ᠠᠭᠠᠷ ᠤᠨ ᠠᠶᠠᠯᠠᠯ ᠤᠨ ᠱᠤᠭᠤᠮ ᠢ ᠵᠣᠬᠢᠴᠠᠩᠭᠤᠢ ᠪᠠᠷ ᠲᠦᠯᠬᠢᠨ ᠠᠬᠢᠭᠤᠯᠵᠤ᠂ ᠠᠭᠠᠷ ᠤᠨ | ᠠᠶᠠᠯᠠᠯ ᠤᠨ ᠲᠣᠣᠷ ᠢ ᠪᠥᠬᠦ ᠬᠦᠴᠦᠨ ᠢᠶᠠᠷ ᠢᠶᠠᠨ ᠨᠢᠭᠲᠠ ᠰᠦᠯᠵᠢᠵᠦ᠂ ᠠᠶᠠᠨᠴᠢᠳ ᠤᠨ ᠣᠷᠣᠭᠤᠯᠵᠤ ᠭᠠᠷᠭᠠᠬᠤ | ᠬᠡᠮᠵᠢᠶ᠎ᠡ ᠶᠢ ᠳᠠᠶᠢᠴᠢᠯᠠᠨ ᠱᠠᠲᠤᠯᠢᠭ ᠨᠡᠮᠡᠭᠳᠡᠯ ᠲᠠᠢ ᠪᠣᠯᠭᠠᠪᠠ᠃ | ︽ᠳᠠᠷᠠᠭᠠᠴᠢ ᠶᠢᠨ ᠠᠯᠬᠤᠮ ᠳᠤ᠂ ᠬᠤᠥᠯᠢᠨ ᠭᠤᠣᠯ ᠨᠢᠰᠬᠡᠯ ᠤᠨ ᠪᠠᠭᠤᠳᠠᠯ ᠦᠢᠯᠡᠴᠢᠯᠡᠭᠡᠨ ᠤ ᠴᠢᠨᠠᠷ | ᠴᠢᠨᠰᠠᠭ᠎ᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠲᠦᠪᠰᠢᠨ ᠤ ᠠᠵᠢᠯ ᠤᠨ ᠲᠣᠭᠲᠠᠭᠤᠨ ᠢᠶᠠᠷ | ᠶᠠᠪᠤᠭᠳᠠᠬᠤ ᠶᠢ ᠪᠠᠲᠤᠯᠠᠨ᠂ ᠠᠶᠠᠯᠠᠯ ᠤᠨ ᠱᠤᠭᠤᠮ ᠤᠨ ᠲᠣᠣᠷ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠠᠶᠠᠯᠠᠯ ᠤᠨ ᠱᠤᠭᠤᠮ ᠢ ᠨᠡᠭᠡᠭᠡᠨ ᠬᠥᠭᠵᠢᠭᠦᠯᠬᠦ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠠᠶᠠᠨᠴᠢᠳ ᠤᠨ | ᠪᠣᠳᠠᠲᠠᠢ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠠᠶᠠᠨᠴᠢᠳ ᠤᠨ ᠢᠷᠡᠯᠲᠡ ᠶᠢ ᠭᠦᠨ ᠠᠭᠤᠳᠠᠯᠵᠤ᠂ | ᠬᠥᠭᠵᠢᠯᠲᠡ ᠶᠢ ᠡᠷᠢᠯᠬᠢᠯᠡᠨ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠣᠷᠣᠨ ᠨᠤᠲᠤᠭ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ︾ ᠭᠡᠵᠦ ᠬᠤᠥᠯᠢᠨ ᠭᠤᠣᠯ ᠤᠨ | ᠨᠢᠰᠬᠡᠯ ᠤᠨ ᠪᠠᠭᠤᠳᠠᠯ ᠤᠨ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ ᠤᠨ ᠯᠢᠦ ᠵᠢᠢ ᠮᠢᠨ ᠬᠡᠯᠡᠪᠡ᠃ |