ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 7 ᠤ ᠴᠠᠭᠢᠯᠭᠠᠨ ᠮᠡᠳᠡᠭᠡ 12 ᠰᠠᠷ᠎ᠠ ᠶᠢᠨ 7 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠬᠤᠷᠢᠨ | ᠳᠥᠷᠪᠡᠳᠦᠭᠡᠷ ᠤᠳᠠᠭ᠎ᠠ ᠶᠢᠨ ᠳᠤᠮᠳᠠᠳᠤ ᠤᠯᠤᠰ — ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ | ᠤᠳᠤᠷᠢᠳᠬᠤ ᠬᠥᠮᠥᠰ ᠤᠨ ᠠᠭᠤᠯᠵᠠᠯᠲᠠ ᠬᠢᠬᠦ ᠪᠠᠷ ᠢᠷᠡᠭᠰᠡᠨ ᠡᠸᠦ᠋ᠷᠦᠫᠡ ᠲᠢᠪ ᠤᠨ ᠬᠡᠷᠡᠭ ᠡᠷᠭᠢᠯᠡᠭᠴᠢᠳ ᠤᠨ | ᠬᠤᠷᠠᠯ ᠤᠨ ᠲᠡᠷᠢᠭᠦᠯᠡᠭᠴᠢ ᠮᠢᠰᠢᠶᠧᠷ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ | ᠲᠡᠷᠢᠭᠦᠯᠡᠭᠴᠢ ᠹᠧᠩᠳᠧᠯᠠᠶᠢ᠊· ᠧᠨ ᠲᠠᠢ ᠠᠭᠤᠯᠵᠠᠪᠠ᠃ | ᠰᠢ ᠶᠢᠨ ᠫᠢᠩ᠂ ᠨᠢᠳᠤᠨᠤᠨ ᠵᠢᠯ ᠤᠨ ᠰᠡᠭᠦᠯᠴᠢ ᠠᠴᠠ ᠨᠠᠭᠠᠰᠢ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠳᠤ | ᠪᠠᠬᠢᠵᠢᠨ ᠬᠥᠭᠵᠢᠬᠦ ᠰᠠᠶᠢᠨ ᠰᠠᠶᠢᠬᠠᠨ ᠬᠠᠨᠳᠤᠰᠢ ᠢᠯᠡᠷᠡᠵᠦ᠂ ᠪᠠᠶᠢᠯᠳᠤᠬᠤ ᠪᠣᠳᠣᠯᠭ᠎ᠠ᠂ ᠠᠵᠤ ᠠᠬᠤᠢ ᠠᠷᠠᠯᠵᠢᠶ᠎ᠠ᠂ ᠪᠣᠬᠢᠷᠳᠤᠯ | ᠦᠭᠡᠢ᠂ ᠲᠣᠭᠠᠴᠢᠯᠠᠭᠰᠠᠨ ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ᠂ | ᠡᠨᠡ ᠨᠢ ᠬᠤᠶᠠᠷ ᠲᠠᠯ᠎ᠠ ᠶᠢᠨ ᠠᠰᠢᠭ ᠲᠤᠰᠠ ᠪᠣᠯᠣᠨ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ ᠪᠤᠢ᠃ | ᠳᠤᠮᠳᠠᠳᠤ ᠡᠸᠦ᠋ᠷᠦᠫᠡ ᠪᠣᠯ ᠤᠯᠠᠨ ᠲᠤᠶᠢᠯᠰᠢᠷᠠᠯ ᠢ ᠠᠬᠢᠭᠤᠯᠬᠤ ᠬᠤᠶᠠᠷ ᠶᠡᠭᠡ ᠬᠦᠴᠦᠨ᠂ ᠳᠡᠯᠡᠬᠡᠶᠢᠵᠢᠯᠲᠡ ᠶᠢ ᠳᠡᠮᠵᠢᠬᠦ | ᠬᠤᠶᠠᠷ ᠶᠡᠭᠡ ᠵᠠᠬ᠎ᠠ ᠳᠡᠯᠭᠡᠭᠦᠷ ᠮᠥᠨ᠂ ᠤᠯᠠᠨ ᠶᠠᠩᠵᠤᠲᠤ ᠴᠢᠨᠠᠷ ᠢ ᠰᠠᠨᠠᠭᠠᠴᠢᠯᠠᠵᠤ ᠪᠠᠶᠢᠭ᠎ᠠ ᠬᠤᠶᠠᠷ ᠶᠡᠭᠡ ᠪᠣᠯᠪᠠᠰᠤᠨ | ᠮᠥᠨ᠂ ᠣᠳᠣᠬᠠᠨ ᠤ ᠲᠣᠭᠲᠠᠭᠤᠨ ᠪᠤᠰᠤ ᠪᠠᠶᠢᠳᠠᠯ ᠰᠢᠷᠦᠭᠦᠰᠴᠦ ᠪᠠᠶᠢᠭ᠎ᠠ ᠳᠡᠯᠡᠬᠡᠢ ᠶᠢᠨ ᠪᠠᠶᠢᠳᠠᠯ ᠤᠨ ᠳᠣᠣᠷ᠎ᠠ᠂ ᠳᠤᠮᠳᠠᠳᠤ | ᠡᠸᠦ᠋ᠷᠦᠫᠡ ᠶᠢᠨ ᠬᠠᠷᠢᠯᠴᠠᠭ᠎ᠠ ᠨᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠳᠡᠯᠡᠬᠡᠢ ᠶᠢᠨ ᠨᠥᠯᠥᠭᠡ ᠲᠠᠢ | ᠪᠠᠶᠢᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠴᠡᠴᠡᠭᠯᠡᠯ ᠬᠥᠭᠵᠢᠯ ᠳᠤ ᠬᠤᠯᠪᠣᠭᠳᠠᠵᠤ ᠪᠠᠶᠢᠳᠠᠭ᠃ ᠬᠤᠶᠠᠷ | ᠲᠠᠯ᠎ᠠ ᠪᠠᠷ ᠢᠶᠠᠨ ᠬᠠᠮᠲᠤ ᠪᠠᠷ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ ᠴᠢᠨᠠᠷ ᠢ ᠬᠠᠩᠭᠠᠵᠤ᠂ ᠬᠥᠭᠵᠢᠯᠲᠡ ᠳᠤ ᠨᠡᠩ | ᠤᠯᠠᠨ ᠲᠦᠯᠬᠢᠴᠡ ᠬᠦᠴᠦᠨ ᠢ ᠬᠠᠩᠭᠠᠬᠤ ᠬᠠᠷᠢᠭᠤᠴᠠᠯᠭ᠎ᠠ ᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠯᠤᠭ᠎ᠠ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 20 ᠵᠢᠯ ᠤᠨ ᠤᠢ ᠪᠣᠯᠣᠨ᠎ᠠ᠃ | ᠬᠤᠶᠠᠷ ᠲᠠᠯ᠎ᠠ ᠪᠠᠷ ᠢᠶᠠᠨ ᠲᠡᠦᠬᠡᠨ ᠲᠤᠷᠰᠢᠯᠭ᠎ᠠ ᠪᠠᠨ ᠳ᠋ᠦᠩᠨᠡᠵᠦ᠂ ᠳᠡᠯᠡᠬᠡᠢ ᠶᠢᠨ ᠶᠡᠭᠡ ᠬᠠᠨᠳᠤᠰᠢ ᠶᠢ ᠡᠵᠡᠮᠳᠡᠵᠦ᠂ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪ ᠪᠠᠶᠢᠷᠢ ᠲᠣᠭᠲᠠᠭᠠᠯᠲᠠ ᠶᠢ ᠪᠠᠷᠢᠮᠲᠠᠯᠠᠶ᠎ᠠ᠃ | ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠰᠠᠭᠤᠷᠢ ᠪᠠᠨ ᠪᠠᠬᠢᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠷᠠᠭ᠎ᠠ ᠪᠠᠷ | ᠲᠤᠰ ᠲᠤᠰ ᠲᠠᠭᠠᠨ ᠬᠠᠨᠳᠤᠬᠤ ᠶᠢ ᠪᠠᠷᠢᠮᠲᠠᠯᠠᠵᠤ᠂ ᠤᠳᠤᠷᠢᠳᠬᠤ ᠬᠥᠮᠥᠰ ᠤᠨ ᠠᠭᠤᠯᠵᠠᠯᠲᠠ ᠪᠣᠯᠣᠨ ᠳᠡᠭᠡᠳᠦ | ᠳᠠᠪᠬᠤᠷᠭ᠎ᠠ ᠶᠢᠨ ᠲᠠᠪᠤᠨ ᠶᠡᠭᠡ ᠶᠠᠷᠢᠯᠴᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠣᠯᠣᠯᠴᠠᠭ᠎ᠠ ᠪᠠᠨ ᠴᠢᠩᠭᠠᠳᠬᠠᠵᠤ᠂ ᠪᠦᠲᠦᠭᠡᠯᠴᠢ ᠴᠢᠨᠠᠷᠲᠠᠢ ᠶᠠᠷᠢᠯᠴᠠᠭ᠎ᠠ ᠪᠠᠷ | ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠵᠥᠷᠢᠯᠳᠦᠭᠡᠨ ᠢᠶᠠᠨ ᠵᠣᠬᠢᠰᠲᠠᠢ ᠰᠢᠢᠳᠪᠦᠷᠢᠯᠡᠶ᠎ᠡ᠃ ᠬᠤᠶᠠᠷ ᠲᠠᠯ᠎ᠠ ᠪᠠᠷ ᠢᠶᠠᠨ ᠵᠥᠪ | ᠲᠠᠨᠢᠯᠲᠠ ᠶᠢ ᠪᠤᠢ ᠪᠤᠯᠭᠠᠵᠤ᠂ ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠢᠲᠡᠭᠡᠯ ᠵᠢᠷᠤᠮ ᠢ ᠡᠷᠬᠢᠮᠯᠡᠨ᠂ ᠨᠢᠭᠡ | ᠰᠡᠳᠬᠢᠯ ᠨᠢᠭᠡ ᠵᠣᠷᠢᠭ ᠢᠶᠠᠷ ᠬᠠᠷᠢᠯᠴᠠᠭ᠎ᠠ ᠪᠠᠨ ᠬᠥᠭᠵᠢᠭᠦᠯᠵᠦ᠂ ᠪᠠᠶᠢᠭᠤᠯᠤᠯ ᠤᠨ ᠠᠳᠠᠯᠢ ᠪᠤᠰᠤ ᠶᠢ ᠬᠠᠷᠢᠯᠴᠠᠨ | ᠥᠷᠢᠰᠦᠯᠳᠦᠭᠴᠢ ᠪᠠᠷ ᠦᠵᠡᠵᠦ ᠪᠤᠯᠬᠤ ᠦᠭᠡᠢ᠂ ᠥᠷᠢᠰᠦᠯᠳᠦᠭᠡᠨ ᠡᠭᠦᠰᠬᠦ ᠠᠴᠠ ᠪᠣᠯᠵᠤ ᠬᠠᠮᠲᠤᠷᠠᠯᠴᠠᠭ᠎ᠠ ᠪᠠᠨ ᠪᠠᠭᠠᠰᠬᠠᠵᠤ | ᠪᠤᠯᠬᠤ ᠦᠭᠡᠢ᠂ ᠵᠥᠷᠢᠯᠳᠦᠭᠡᠨ ᠣᠷᠣᠰᠢᠬᠤ ᠠᠴᠠ ᠪᠣᠯᠵᠤ ᠡᠰᠡᠷᠭᠦᠴᠡᠯᠳᠦᠵᠦ ᠪᠤᠯᠬᠤ ᠦᠭᠡᠢ᠃ ᠳᠤᠮᠳᠠᠳᠤ ᠡᠸᠦ᠋ᠷᠦᠫᠡ ᠶᠢᠨ | ᠠᠵᠤ ᠠᠬᠤᠢ ᠳᠡᠭᠡᠳᠦ ᠬᠡᠮᠵᠢᠶᠡᠨ ᠤ ᠬᠠᠷᠢᠯᠴᠠᠨ ᠨᠥᠬᠦᠪᠦᠷᠢᠯᠡᠬᠦ ᠴᠢᠨᠠᠷᠲᠠᠢ ᠶᠤᠮ᠂ ᠬᠤᠶᠠᠷ ᠲᠠᠯ᠎ᠠ ᠪᠠᠷ ᠢᠶᠠᠨ ᠢᠯᠡᠭᠦᠬᠡᠨ | ᠨᠡᠮᠡᠬᠦ ᠠᠷᠭ᠎ᠠ ᠠᠪᠴᠤ᠂ ᠨᠡᠩ ᠭᠦᠨᠵᠡᠭᠡᠢ᠂ ᠨᠡᠩ ᠥᠷᠭᠡᠨ ᠳᠡᠯᠭᠡᠷ ᠬᠠᠮᠲᠤᠷᠠᠯᠴᠠᠭ᠎ᠠ ᠪᠠᠷ ᠳᠤᠮᠳᠠᠳᠤ ᠡᠸᠦ᠋ᠷᠦᠫᠡ ᠶᠢᠨ ᠠᠰᠢᠭ | ᠲᠤᠰᠠ ᠶᠢᠨ ᠬᠠᠮᠲᠤ ᠶᠢᠨ ᠴᠣᠭᠴᠠ ᠶᠢᠨ ᠬᠤᠯᠪᠣᠭᠠᠰᠤ ᠶᠢ ᠴᠢᠩᠭᠠᠷᠠᠭᠤᠯᠤᠶ᠎ᠠ᠃ ᠳᠤᠮᠳᠠᠳᠤ ᠤᠯᠤᠰ ᠤᠨ ᠠᠵᠤ ᠠᠬᠤᠢ ᠶᠢᠨ | ᠨᠡᠮᠡᠭᠳᠡᠯ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠪᠠᠨ ᠪᠠᠲᠤᠯᠠᠵᠤ ᠪᠠᠶᠢᠨ᠎ᠠ᠃ ᠳᠤᠮᠳᠠᠳᠤ ᠤᠯᠤᠰ ᠤᠳᠤ ᠶᠠᠭ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠠᠬᠢᠭᠤᠯᠵᠤ ᠪᠠᠶᠢᠨ᠎ᠠ᠂ ᠳᠤᠷᠠᠲᠠᠶ᠎ᠠ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠵᠠᠩᠭᠢᠯᠠᠭ᠎ᠠ ᠶᠢᠨ | ᠬᠠᠨᠢᠲᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠡᠷᠢᠭᠦᠨ ᠴᠢᠬᠤᠯᠠ ᠬᠠᠨᠢᠲᠠᠨ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭᠠᠨ ᠤ ᠨᠠᠶᠢᠳᠠᠪᠤᠷᠢᠲᠠᠢ ᠬᠠᠨᠢᠲᠠᠨ ᠪᠤᠯᠭᠠᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠬᠥᠭᠡᠭᠡᠴᠡᠯᠳᠦᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠶ᠎ᠡ᠃ ᠬᠤᠶᠠᠷ | ᠲᠠᠯ᠎ᠠ ᠪᠠᠷ ᠢᠶᠠᠨ ᠵᠠᠬ᠎ᠠ ᠳᠡᠯᠭᠡᠭᠦᠷ᠂ ᠬᠥᠷᠥᠩᠭᠡ᠂ ᠮᠡᠷᠭᠡᠵᠢᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ | ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠬᠠᠮᠲᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠵᠦ᠂ ᠰᠢᠨ᠎ᠡ ᠨᠡᠮᠡᠭᠳᠡᠯ ᠤᠨ ᠴᠡᠭ ᠢ | ᠡᠭᠦᠳᠴᠦ᠂ ᠬᠦᠴᠦ ᠪᠠᠨ ᠬᠠᠮᠲᠤᠳᠬᠠᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠡᠭᠦᠯᠳᠡᠷᠵᠢᠭᠦᠯᠪᠡᠯ | ᠵᠣᠬᠢᠨ᠎ᠠ᠃ ᠬᠤᠶᠠᠷ ᠲᠠᠯ᠎ᠠ ᠪᠠᠷ ᠢᠶᠠᠨ ᠪᠠᠰᠠ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠥᠮᠥᠰ ᠤᠨ | ᠶᠠᠪᠤᠯᠴᠠᠭ᠎ᠠ ᠳᠤ ᠲᠦᠭᠦᠮ ᠦᠵᠡᠭᠦᠯᠦᠶ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠡᠸᠦ᠋ᠷᠦᠫᠡ ᠲᠢᠪ ᠤᠨ ᠨᠢᠭᠡ | ᠴᠣᠭᠴᠠᠵᠢᠯᠲᠠ ᠪᠣᠯ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠲᠣᠰ ᠲᠣᠰ ᠤᠨ | ᠢᠷᠡᠭᠡᠳᠦᠢ ᠪᠠᠨ ᠪᠣᠳᠣᠯᠬᠢᠯᠠᠵᠤ ᠭᠠᠷᠭᠠᠭᠰᠠᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠮᠥᠨ᠂ ᠳᠤᠮᠳᠠᠳᠤ ᠤᠯᠤᠰ ᠪᠣᠯᠣᠨ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠬᠠᠷᠢᠯᠴᠠᠨ ᠭᠦᠨᠳᠦᠳᠭᠡᠵᠦ᠂ ᠬᠠᠷᠢᠯᠴᠠᠨ ᠳᠡᠮᠵᠢᠵᠦ᠂ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠨ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠪᠡᠯ ᠵᠣᠬᠢᠨ᠎ᠠ᠃ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯ ᠨᠡᠭᠡᠭᠡᠯᠲᠡᠲᠤ ᠲᠠᠪᠴᠠᠩ ᠪᠠᠶᠢᠵᠤ᠂ | ᠳᠡᠯᠡᠬᠡᠢ ᠶᠢᠨ 150 ᠭᠠᠷᠤᠢ ᠤᠯᠤᠰ ᠪᠠ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠪᠡ᠃ ᠬᠠᠷᠢᠭᠤ ᠲᠠᠢ ᠪᠣᠯ | ᠪᠢᠷᠠᠭᠤ ᠲᠠᠢ ᠭᠡᠳᠡᠭ᠃ ᠳᠤᠮᠳᠠᠳᠤ ᠶᠢᠨ ᠲᠠᠯ᠎ᠠ ᠳᠤᠷᠠᠲᠠᠶ᠎ᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠂ ᠡᠭᠦᠨ ᠳᠤ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠶᠢᠨ︽ᠪᠦᠭᠦ ᠪᠥᠮᠪᠥᠷᠴᠡᠭ ᠤᠨ ᠡᠭᠦᠳᠡ ᠡᠷᠦᠭᠡ︾ ᠶᠢᠨ ᠲᠥᠯᠥᠪᠯᠡᠭᠡ ᠲᠠᠢ ᠵᠣᠯᠭᠠᠭᠤᠯᠬᠤ ᠶᠢ ᠪᠠᠭᠲᠠᠭᠠᠵᠤ᠂ ᠬᠠᠮᠲᠤ | ᠪᠠᠷ ᠬᠥᠭᠵᠢᠵᠦ ᠪᠠᠶᠢᠭ᠎ᠠ ᠤᠯᠤᠰ ᠤᠳ ᠢ ᠬᠠᠪᠰᠤᠷᠤᠨ ᠬᠥᠭᠵᠢᠯᠲᠡ ᠶᠢ ᠨᠢ ᠲᠦᠷᠭᠡᠳᠬᠡᠨ᠎ᠡ᠃ ᠬᠤᠶᠠᠷ ᠲᠠᠯ᠎ᠠ ᠪᠠᠷ ᠢᠶᠠᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠦᠳᠦᠭᠦᠪᠴᠢ | ᠲᠥᠰᠥᠪ ᠤᠨ ᠳᠣᠲᠣᠷ᠎ᠠ ᠣᠯᠣᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ | ᠯᠡᠭᠧᠷ ᠤᠨ ᠡᠰᠡᠷᠭᠦᠴᠡᠯᠳᠦᠯ ᠢ ᠡᠰᠡᠷᠭᠦᠴᠡᠵᠦ᠂ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠤᠯᠤᠰ | ᠲᠦᠷᠦ ᠪᠠᠷ ᠰᠢᠢᠳᠪᠦᠷᠢᠯᠡᠬᠦ ᠶᠢ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠥᠮᠥᠨ ᠲᠥᠷᠥᠯᠬᠢᠲᠡᠨ ᠤ | ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠤᠨ ᠲᠤᠬᠠᠢ ᠶᠠᠷᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠵᠦ᠂ | ᠪᠦᠭᠦ ᠬᠥᠮᠥᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠠᠷᠭᠠᠴᠠᠭᠠᠬᠤ ᠳᠤ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | ᠮᠢᠰᠢᠶᠧᠷ ᠪᠣᠯᠣᠨ ᠹᠧᠩᠳᠧᠯᠠᠶᠢ᠊ · ᠧᠨ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ | ᠤᠯᠤᠰ ᠪᠣᠯ ᠳᠡᠯᠡᠬᠡᠢ ᠶᠢᠨ ᠬᠤᠶᠠᠷ ᠶᠡᠭᠡ ᠬᠦᠴᠦᠨ ᠮᠥᠨ᠂ ᠬᠠᠷᠢᠯᠴᠠᠨ ᠴᠢᠬᠤᠯᠠ ᠠᠵᠤ ᠠᠬᠤᠢ ᠠᠷᠠᠯᠵᠢᠶᠠᠨ ᠤ ᠬᠠᠨᠢᠲᠠᠨ | ᠪᠣᠯᠵᠤ᠂ ᠬᠠᠮᠲᠤᠷᠠᠯᠴᠠᠭᠠᠨ ᠤ ᠬᠦᠷᠢᠶ᠎ᠡ ᠡᠳᠦᠷ ᠢᠷᠡᠬᠦᠶ᠎ᠡ ᠥᠷᠭᠡᠵᠢᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ | ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠮᠲᠤᠷᠠᠯᠴᠠᠭ᠎ᠠ ᠪᠣᠯ ᠬᠠᠷᠢᠯᠴᠠᠨ ᠠᠰᠢᠭᠲᠠᠢ ᠡᠷᠬᠡ ᠲᠡᠭᠰᠢ ᠶᠤᠮ᠂ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢ ᠰᠠᠶᠢᠲᠤᠷ ᠬᠠᠮᠢᠶᠠᠷᠴᠤ ᠰᠠᠶᠢᠲᠤᠷ | ᠬᠥᠭᠵᠢᠭᠦᠯᠬᠦ ᠨᠢ ᠬᠤᠶᠠᠷ ᠲᠠᠯ᠎ᠠ ᠶᠢᠨ ᠠᠷᠠᠳ ᠲᠦᠮᠡᠨ ᠤ ᠠᠰᠢᠭ ᠲᠤᠰᠠ ᠳᠤ ᠰᠢᠭᠤᠳ ᠬᠤᠯᠪᠣᠭᠳᠠᠬᠤ ᠪᠥᠭᠡᠳ | ᠳᠡᠯᠡᠬᠡᠢ ᠶᠢᠨ ᠬᠥᠭᠵᠢᠯ ᠴᠡᠴᠡᠭᠯᠡᠯ ᠪᠣᠯᠣᠨ ᠠᠮᠤᠷ ᠲᠦᠪᠰᠢᠨ ᠳᠤ ᠴᠦ ᠬᠤᠯᠪᠣᠭᠳᠠᠬᠤ ᠶᠤᠮ᠃ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠳᠤᠮᠳᠠᠳᠤ ᠤᠯᠤᠰ ᠯᠤᠭ᠎ᠠ ᠬᠠᠷᠢᠯᠴᠠᠭ᠎ᠠ ᠬᠤᠯᠪᠤᠭ᠎ᠠ ᠲᠠᠰᠤᠷᠠᠬᠤ ᠶᠢ ᠬᠦᠰᠡᠬᠦ ᠦᠭᠡᠢ᠂ ᠳᠤᠮᠳᠠᠳᠤ | ᠤᠯᠤᠰ ᠯᠤᠭ᠎ᠠ ᠤᠷᠳᠤ ᠬᠤᠭᠤᠴᠠᠭ᠎ᠠ ᠪᠠᠷ ᠲᠣᠭᠲᠠᠭᠤᠨ᠂ ᠲᠥᠰᠥᠭᠡᠯᠡᠵᠦ ᠪᠤᠯᠬᠤ᠂ ᠦᠷᠭᠦᠯᠵᠢᠯᠡᠬᠦ ᠬᠥᠭᠵᠢᠯᠲᠡ ᠶᠢᠨ | ᠬᠠᠷᠢᠯᠴᠠᠭ᠎ᠠ ᠪᠠᠨ ᠬᠥᠭᠵᠢᠭᠦᠯᠬᠦ ᠶᠢ ᠬᠦᠰᠡᠨ᠎ᠡ᠂ ᠲᠤᠰ ᠤᠳᠠᠭ᠎ᠠ ᠶᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠪᠣᠯᠣᠨ ᠳᠤᠮᠳᠠᠳᠤ ᠤᠯᠤᠰ ᠤᠨ ᠤᠳᠤᠷᠢᠳᠬᠤ ᠬᠥᠮᠥᠰ ᠤᠨ ᠠᠭᠤᠯᠵᠠᠯᠲᠠ ᠪᠠᠷ ᠳᠠᠮᠵᠢᠨ ᠢᠷᠡᠭᠡᠳᠦᠢ ᠶᠢᠨ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠬᠢᠨ | ᠡᠨᠡ ᠵᠢᠯ ᠠᠴᠠ ᠨᠠᠭᠠᠰᠢᠬᠢ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠤᠨ ᠡᠯ᠎ᠡ | ᠬᠦᠷᠢᠶᠡᠨ ᠤ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢᠨ ᠦᠷ᠎ᠡ ᠪᠦᠲᠦᠭᠡᠯ ᠳᠤ ᠪᠠᠶᠠᠷᠯᠠᠵᠤ᠂ ᠳᠤᠮᠳᠠᠳᠤ ᠤᠯᠤᠰ ᠤᠨ ᠠᠵᠤ | ᠠᠬᠤᠢ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠬᠥᠭᠵᠢᠬᠦ ᠨᠢ ᠡᠸᠦ᠋ᠷᠦᠫᠡ ᠲᠢᠪ ᠤᠨ ᠠᠰᠢᠭ ᠲᠤᠰᠠ ᠲᠠᠢ ᠨᠡᠶᠢᠴᠡᠨ᠎ᠡ᠂ | ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ᠂ ᠪᠣᠬᠢᠷᠳᠤᠯ ᠦᠭᠡᠢ᠂ ᠲᠣᠭᠠᠴᠢᠯᠠᠯᠳᠠ ᠵᠡᠷᠭᠡ ᠬᠦᠷᠢᠶᠡᠨ ᠤ ᠶᠠᠷᠢᠯᠴᠠᠭ᠎ᠠ | ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠩᠭᠠᠯᠭ᠎ᠠ ᠶᠢᠨ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ | ᠲᠣᠭᠲᠠᠭᠤᠨ ᠠᠮᠤᠷ ᠲᠦᠪᠰᠢᠨ ᠢ ᠬᠠᠮᠲᠤ ᠪᠠᠷ ᠴᠢᠷᠮᠠᠶᠢᠨ ᠬᠠᠮᠠᠭᠠᠯᠠᠬᠤ ᠶᠢᠨ ᠬᠠᠮᠲᠤ ᠠᠭᠤᠷ ᠠᠮᠢᠰᠬᠤᠯ ᠤᠨ ᠬᠤᠪᠢᠷᠠᠯᠲᠠ᠂ | ᠵᠣᠬᠢᠶᠠᠮᠠᠯ ᠤᠶᠤᠨ ᠴᠢᠳᠠᠪᠤᠷᠢ ᠵᠡᠷᠭᠡ ᠬᠥᠮᠥᠨ ᠲᠥᠷᠥᠯᠬᠢᠲᠡᠨ ᠤ ᠢᠷᠡᠭᠡᠳᠦᠢ ᠳᠤ ᠬᠤᠯᠪᠣᠭᠳᠠᠬᠤ ᠴᠢᠬᠤᠯᠠ ᠶᠡᠭᠡ ᠪᠦᠭᠦ | ᠪᠥᠮᠪᠥᠷᠴᠡᠭ ᠤᠨ ᠴᠢᠨᠠᠷᠲᠠᠢ ᠠᠰᠠᠭᠤᠳᠠᠯ ᠤᠨ ᠲᠤᠬᠠᠢ ᠶᠠᠷᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ | ᠡᠷᠢᠯᠬᠢᠯᠡᠬᠦ ᠶᠢ ᠬᠦᠰᠡᠵᠦ ᠪᠠᠶᠢᠨ᠎ᠠ ᠭᠡᠵᠦ ᠦᠵᠡᠵᠦ ᠪᠠᠶᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ ᠬᠡᠷᠡᠭᠵᠢᠭᠦᠯᠦᠨ᠎ᠡ᠃ ᠡᠸᠦ᠋ᠷᠦᠫᠡ ᠲᠢᠪ ᠤᠨ | ᠤᠯᠤᠰ ᠤᠳ ᠤᠨ ᠬᠤᠯᠪᠤᠭ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠲᠠᠯ᠎ᠠ ᠶᠢᠨ ᠬᠢᠨ ᠲᠠᠢ ᠬᠠᠷᠢᠯᠴᠠᠨ | ᠬᠦᠨᠳᠦᠳᠬᠡᠬᠦ᠂ ᠨᠡᠭᠡᠭᠡᠯᠲᠡᠲᠡᠢ ᠦᠨᠡᠨᠴᠢ ᠣᠪᠣᠷ ᠢᠶᠠᠷ ᠵᠥᠷᠢᠯᠳᠦᠭᠡᠨ ᠲᠠᠢ ᠠᠰᠠᠭᠤᠳᠠᠯ ᠤᠨ ᠲᠤᠬᠠᠢ ᠣᠯᠣᠯᠴᠠᠭ᠎ᠠ ᠪᠠᠨ | ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠦᠨ᠎ᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ | ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠬᠠᠮᠲᠤ ᠶᠢᠨ ᠠᠰᠢᠭ ᠲᠤᠰᠠ ᠲᠠᠢ ᠶᠤᠮ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ | ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠣᠨ ᠵᠠᠷᠴᠢᠮ ᠢ ᠬᠠᠮᠠᠭᠠᠯᠠᠵᠤ᠂ | ᠦᠺᠷᠠᠶᠢᠨ᠂ ᠳᠤᠮᠳᠠᠳᠤ ᠳᠣᠷᠣᠨᠠᠲᠤ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ | ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |