ᠮᠦᠰᠦᠳᠠᠢ ᠵᠡᠭᠡᠯᠢ ᠭᠤᠳᠤᠮᠵᠢ ᠴᠡᠷᠢᠭ ᠡᠯᠰᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠡᠢ
ᠨᠡᠶᠢᠲᠡᠯᠡᠭᠰᠡᠨ ᠴᠠᠭ᠄
2023/2/6
   2023 ᠣᠨ ᠤ ᠴᠡᠷᠢᠭ ᠡᠯᠰᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠥᠷᠭᠡᠨ ᠤᠯᠠᠨ ᠵᠣᠬᠢᠬᠤ ᠨᠠᠰᠤᠨ ᠤ ᠵᠠᠯᠠᠭᠤᠴᠤᠳ ᠤᠨ ᠢᠳᠡᠪᠬᠢᠲᠡᠢ ᠪᠠᠷ ᠴᠡᠷᠢᠭ ᠲᠤ ᠣᠷᠣᠬᠤ ᠢᠳᠡᠪᠬᠢᠵᠢᠯ ᠢ ᠬᠥᠭᠵᠢᠭᠡᠵᠦ᠂ ᠪᠦᠬᠦ ᠠᠷᠠᠳ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠬᠤ᠂ ᠳᠡᠮᠵᠢᠬᠦ᠂ ᠣᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠮᠦᠰᠦᠳᠠᠢ ᠵᠡᠭᠡᠯᠢ ᠭᠤᠳᠤᠮᠵᠢ ᠶᠢᠨ ᠬᠢᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠪᠠᠶᠢᠳᠠᠯ ᠢ ᠵᠠᠳᠠᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠡᠬᠢᠯᠡᠭᠦᠯᠵᠦ᠂ ᠴᠡᠷᠢᠭ ᠡᠯᠰᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠡᠢ᠃

   ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠢ ᠪᠣᠯᠭᠠᠬᠤ ᠬᠡᠷᠡᠭᠲᠡᠢ᠃

ᠴᠡᠷᠢᠭ ᠡᠯᠰᠡᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠮᠦᠰᠦᠳᠠᠢ ᠵᠡᠭᠡᠯᠢ

ᠭᠤᠳᠤᠮᠵᠢ 2023 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠵᠤ᠂

ᠬᠤᠷᠠᠯ ᠳᠡᠭᠡᠷ᠎ᠡ ᠶᠠᠨ ᠴᠠᠩ ᠴᠧᠩ ᠱᠦᠵᠢ ᠴᠡᠷᠢᠭ ᠡᠯᠰᠡᠬᠦ ᠰᠢᠨ᠎ᠡ ᠲᠥᠷᠥ ᠶᠢᠨ ᠪᠣᠳᠣᠯᠭ᠎ᠠ ᠰᠢᠨ᠎ᠡ ᠪᠠᠶᠢᠳᠠᠯ ᠳᠤ

ᠵᠠᠳᠠᠯᠤᠯᠲᠠ ᠬᠢᠵᠦ᠂ ᠡᠨᠡ ᠵᠢᠯ ᠤᠨ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠡᠭᠦᠷᠭᠡ ᠶᠢ

ᠪᠠᠶᠢᠷᠢᠯᠠᠭᠤᠯᠤᠭᠰᠠᠨ ᠪᠥᠭᠡᠳ ᠴᠡᠷᠢᠭ ᠡᠯᠰᠡᠬᠦ ᠠᠵᠢᠯ ᠳᠤ ᠢᠮᠠᠭᠲᠠ ︽ᠴᠡᠷᠢᠭ ᠤᠨ ᠴᠢᠨᠠᠷ ᠴᠢᠨᠰᠠᠭ᠎ᠠ ᠶᠢ ᠦᠨᠡᠨ ᠬᠦ

ᠪᠠᠲᠤᠯᠠᠬᠤ ᠪᠠᠷ ᠨᠠᠭᠠᠲᠤ ᠵᠠᠬ᠎ᠠ ᠶᠢᠨ ᠱᠤᠭᠤᠮ ᠪᠣᠯᠭᠠᠵᠤ᠂ ᠥᠨᠳᠥᠷ ᠰᠤᠷᠤᠯᠭ᠎ᠠ ᠶᠢᠨ ᠨᠠᠮᠲᠠᠷ ᠲᠠᠢ ᠵᠠᠯᠠᠭᠤᠴᠤᠳ ᠢ

ᠡᠯᠰᠡᠬᠦ ᠪᠠᠷ ᠭᠤᠣᠯᠳᠠᠯᠭ᠎ᠠ ᠪᠣᠯᠭᠠᠵᠤ᠂ ᠠᠷᠢᠭᠤᠨ ᠴᠢᠬᠡᠴᠢ ᠪᠠᠷ ᠴᠡᠷᠢᠭ ᠡᠯᠰᠡᠬᠦ ᠪᠠᠷ ᠭᠤᠣᠯᠳᠠᠯᠭ᠎ᠠ ᠪᠣᠯᠭᠠᠬᠤ︾

ᠵᠠᠷᠴᠢᠮ ᠶᠣᠰᠣᠭᠠᠷ ᠬᠠᠷᠢᠶᠠᠲᠤ ᠣᠷᠣᠨ ᠤ ᠵᠣᠬᠢᠬᠤ ᠨᠠᠰᠤᠨ ᠤ ᠵᠠᠯᠠᠭᠤᠴᠤᠳ ᠢ ᠳᠠᠶᠢᠴᠢᠯᠠᠨ ᠢᠳᠡᠪᠬᠢᠲᠡᠢ ᠪᠠᠷ

ᠴᠡᠷᠢᠭ ᠲᠤ ᠣᠷᠣᠬᠤ ᠪᠠᠷ ᠤᠬᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

   ᠬᠤᠶᠠᠷ ᠲᠤ ᠠᠭᠤᠷ ᠠᠮᠢᠰᠬᠤᠯ ᠢ ᠪᠣᠶ ᠪᠣᠯᠭᠠᠵᠤ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠨ᠎ᠠ᠃︽ᠨᠢᠭᠡ

ᠬᠥᠮᠥᠨ ᠴᠡᠷᠢᠭ ᠪᠣᠯᠪᠠᠯ᠂ ᠪᠦᠬᠦ ᠭᠡᠷ ᠢᠶᠠᠷ ᠢᠶᠠᠨ ᠥᠩᠭᠡ ᠭᠡᠷᠡᠯ ᠲᠠᠢ︾ ᠠᠭᠤᠷ ᠠᠮᠢᠰᠬᠤᠯ ᠢ ᠪᠤᠶ ᠪᠣᠯᠭᠠᠬᠤ ᠶᠢᠨ

ᠲᠥᠯᠥᠭᠡ᠂ ᠴᠡᠷᠢᠭ ᠡᠯᠰᠡᠬᠦ ᠤᠬᠠᠭᠤᠯᠭ᠎ᠠ ᠶᠢᠨ ᠠᠵᠢᠯ ᠳᠤ ᠶᠡᠭᠡ ᠬᠦᠴᠦ ᠣᠷᠣᠭᠤᠯᠵᠤ᠂ ᠤᠯᠠᠨ ᠨᠡᠶᠢᠲᠡ ᠶᠢᠨ

ᠳ᠋ᠤᠭᠠᠷ ᠤᠨ ᠤᠬᠠᠭᠤᠯᠭ᠎ᠠ᠂ ᠬᠥᠨᠳᠡᠯᠡᠨ ᠪᠢᠴᠢᠭᠡᠰᠦ ᠲᠠᠢ ᠳᠡᠯᠭᠡᠨ ᠦᠵᠡᠭᠦᠯᠬᠦ ᠰᠠᠮᠪᠠᠷ᠎ᠠ ᠡᠯᠭᠦᠬᠦ᠂ ᠵᠠᠷᠯᠠᠯ ᠨᠠᠭᠠᠬᠤ᠂

LED ᠳᠡᠯᠭᠡᠴᠡ ᠦᠵᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ

ᠴᠡᠷᠢᠭ ᠡᠯᠰᠡᠬᠦ ᠤᠬᠠᠭᠤᠯᠭ᠎ᠠ ᠬᠥᠮᠦᠵᠢᠯ ᠬᠢᠬᠦ ᠶᠢᠨ ᠬᠠᠮᠲᠤ ᠰᠢᠨ᠎ᠡ ᠴᠡᠷᠢᠭ ᠡᠯᠰᠡᠬᠦ ᠨᠥᠬᠦᠴᠡᠯ᠂ ᠠᠯᠪᠠᠨ ᠵᠢᠷᠤᠮ ᠤᠨ

ᠴᠡᠷᠢᠭ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠣᠶᠤᠲᠠᠨ ᠲᠡᠭᠦᠰᠦᠭᠰᠡᠨ ᠰᠤᠷᠤᠭᠴᠢᠳ ᠤᠨ ᠴᠡᠷᠢᠭ ᠲᠤ

ᠣᠷᠣᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠵᠡᠷᠭᠡ ᠳᠤ ᠭᠦᠨᠵᠡᠭᠡᠢ ᠲᠠᠶᠢᠯᠤᠮᠵᠢ ᠬᠢᠵᠦ᠂ ᠵᠣᠬᠢᠬᠤ ᠨᠠᠰᠤᠨ ᠤ

ᠵᠠᠯᠠᠭᠤᠴᠤᠳ ᠤᠨ ᠴᠡᠷᠢᠭ ᠤᠨ ᠬᠤᠸᠠᠷᠠᠨ ᠳᠤ ᠣᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠴᠡᠷᠢᠭ ᠡᠯᠰᠡᠬᠦ

ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃

     ᠭᠤᠷᠪᠠ ᠳᠤ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷ ᠲᠤ ᠣᠷᠣᠬᠤ ᠶᠢ

ᠵᠥᠪᠰᠢᠶᠡᠷᠡᠬᠦ ᠡᠷᠦᠬᠡ ᠶᠢᠨ ᠪᠠᠶᠢᠳᠠᠯ ᠢ ᠨᠠᠷᠢᠯᠢᠭ ᠣᠶᠢᠯᠠᠭᠠᠬᠤ ᠬᠡᠷᠡᠭᠲᠡᠢ᠃ ᠵᠡᠭᠡᠯᠢ ᠭᠤᠳᠤᠮᠵᠢ ᠶᠢᠨ ᠵᠡᠪᠰᠡᠭᠲᠦ

ᠬᠦᠴᠦᠨ ᠤ ᠬᠡᠯᠲᠡᠰ ᠤᠨ ᠬᠢᠨ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠪᠠᠷ ᠲᠠᠶᠢᠯᠪᠤᠷᠢᠯᠠᠬᠤ ᠵᠡᠷᠭᠡ ᠠᠷᠭ᠎ᠠ

ᠬᠡᠯᠪᠡᠷᠢ ᠪᠠᠷ ᠳᠠᠮᠵᠢᠭᠤᠯᠵᠤ᠂ ᠶᠢᠩ ᠶᠢᠩ᠂ ᠥᠩᠭᠡᠷᠡᠭᠰᠡᠨ ᠬᠤᠭᠤᠴᠠᠭᠠᠨ ᠤ ᠶᠡᠭᠡ ᠰᠤᠷᠭᠠᠭᠤᠯᠢ ᠲᠡᠭᠦᠰᠦᠭᠰᠡᠨ

ᠣᠶᠤᠲᠠᠨ ᠪᠣᠯᠣᠨ ᠵᠣᠬᠢᠬᠤ ᠨᠠᠰᠤᠨ ᠤ ᠵᠠᠯᠠᠭᠤᠴᠤᠳ ᠲᠠᠢ ᠰᠢᠭᠤᠳ ᠬᠠᠷᠢᠯᠴᠠᠵᠤ᠂ ᠴᠡᠷᠢᠭ ᠡᠯᠰᠡᠬᠦ ᠲᠦᠷᠦ ᠶᠢᠨ

ᠪᠣᠳᠣᠯᠭ᠎ᠠ ᠶᠢ ᠴᠠᠭ ᠲᠤᠬᠠᠢ ᠳᠤᠨᠢ ᠤᠬᠠᠭᠤᠯᠬᠤ ᠶᠢᠨ ᠬᠠᠮᠲᠤ ᠵᠣᠬᠢᠬᠤ ᠨᠠᠰᠤᠨ ᠤ ᠵᠠᠯᠠᠭᠤᠴᠤᠳ ᠤᠨ ᠰᠣᠶᠣᠯ ᠤᠨ

ᠬᠡᠮᠵᠢᠶ᠎ᠡ᠂ ᠤᠯᠤᠰ ᠲᠦᠷᠦ ᠶᠢᠨ ᠳᠦᠷᠰᠦ ᠪᠠᠶᠢᠳᠠᠯ᠂ ᠪᠡᠶ᠎ᠡ ᠮᠠᠬᠠᠪᠤᠳ ᠤᠨ ᠬᠡᠪ ᠴᠢᠨᠠᠷ ᠪᠣᠯᠣᠨ ᠦᠵᠡᠯ ᠰᠠᠨᠠᠭᠠᠨ ᠤ

ᠪᠠᠶᠢᠳᠠᠯ ᠵᠡᠷᠭᠡ ᠶᠢ ᠪᠦᠬᠦ ᠲᠠᠯ᠎ᠠ ᠪᠠᠷ ᠣᠶᠢᠯᠠᠭᠠᠵᠤ᠂ ᠲᠦᠷᠦ ᠶᠢᠨ ᠪᠣᠳᠣᠯᠭ᠎ᠠ ᠨᠢ ᠲᠣᠳᠣᠷᠬᠠᠢ᠂ ᠰᠠᠭᠤᠷᠢ ᠲᠤᠭ᠎ᠠ ᠨᠢ

ᠲᠣᠳᠣᠷᠬᠠᠢ᠂ ᠴᠡᠷᠢᠭ ᠲᠤ ᠡᠯᠰᠡᠬᠦ ᠪᠠᠷᠢᠮᠵᠢᠶ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠨ ᠪᠦᠬᠦᠨ ᠳᠤ ᠮᠡᠳᠡᠭᠦᠯᠬᠦ

ᠬᠡᠷᠡᠭᠲᠡᠢ᠃

    ᠲᠠᠷᠠᠭᠠᠴᠢ ᠶᠢᠨ ᠠᠯᠬᠤᠮ ᠳᠤ᠂ ᠪᠢᠳᠡ ᠴᠡᠷᠢᠭ ᠡᠯᠰᠡᠬᠦ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢᠶᠠᠨ

ᠦᠷᠭᠦᠯᠵᠢᠯᠡᠨ ᠥᠷᠭᠡᠳᠬᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠷᠢᠭ ᠡᠯᠰᠡᠬᠦ ᠤᠬᠠᠭᠤᠯᠭ᠎ᠠ ᠶᠢᠨ

ᠡᠷᠴᠢᠮ ᠢᠶᠠᠨ ᠴᠢᠩᠭᠠᠷᠠᠭᠤᠯᠵᠤ᠂ ᠴᠡᠷᠢᠭ ᠠᠩᠭᠢ ᠳᠤ ᠴᠢᠳᠠᠪᠤᠷᠢᠲᠠᠨ ᠢ ᠢᠳᠡᠪᠬᠢᠲᠡᠢ ᠪᠠᠷ ᠬᠦᠷᠭᠡᠨ ᠥᠭᠴᠦ᠂ ᠴᠡᠷᠢᠭ

ᠡᠯᠰᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号