ᠨᠢᠭᠡ᠂ ︽ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | 2019 ᠣᠨ ᠤ 7 ᠰᠠᠷ᠎ᠠ ᠶᠢᠨ 16 ᠤ ᠡᠳᠦᠷ᠂ ᠰᠢ ᠶᠢᠨ ᠫᠢᠩ ᠶᠡᠷᠦᠩᠬᠡᠢ ᠱᠦᠵᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠳᠤ ᠠᠵᠢᠯ ᠪᠠᠶᠢᠴᠠᠭᠠᠬᠤ ᠳᠠᠭᠠᠨ ︽ᠬᠤᠷᠴᠢᠨ᠂ ᠬᠤᠯᠠᠨ ᠰᠢᠷᠭ᠎ᠠ᠂ ᠦᠵᠦᠮᠦᠴᠢᠨ ᠤ | ᠡᠯᠡᠰᠦᠷᠬᠡᠭ ᠭᠠᠵᠠᠷ ᠢ ᠵᠠᠰᠠᠬᠤ ᠠᠵᠢᠯ ᠢ ᠲᠦᠷᠭᠡᠳᠬᠡᠬᠦ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠥᠪᠡᠷᠲᠡᠭᠡᠨ | ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠰᠢᠨ᠎ᠡ ᠬᠥᠭᠵᠢᠯᠲᠡ ᠶᠢᠨ ᠱᠠᠲᠤ | ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠢ ᠲᠤᠤᠱᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠪᠣᠯᠣᠨ | ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ | ᠶᠣᠰᠣᠭᠠᠷ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠣᠯᠣᠨ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ | ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠬᠤᠶᠠᠷ᠂ ︽ᠲᠥᠯᠦᠪᠵᠢᠭᠦᠯᠭᠡ︾ ᠶᠢᠨ ᠭᠤᠣᠯ ᠠᠭᠤᠯᠭ᠎ᠠ | ︽ᠲᠥᠯᠦᠪᠵᠢᠭᠦᠯᠭᠡ︾ ᠶᠢᠨ ᠭᠤᠣᠯ ᠠᠭᠤᠯᠭ᠎ᠠ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠣᠶ | ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠣᠷᠴᠢᠨ ᠲᠣᠭᠤᠷᠢᠨ᠂ ᠶᠡᠷᠦᠩᠬᠡᠢ ᠰᠡᠳᠬᠢᠴᠡ᠂ | ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ᠂ ᠭᠤᠣᠯᠳᠠᠯᠭ᠎ᠠ ᠲᠠᠢ ᠢᠨᠵᠧᠨᠧᠷᠢᠩ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠵᠡᠷᠭᠡ ᠲᠠᠪᠤᠨ ᠬᠡᠰᠡᠭ ᠪᠠᠭᠲᠠᠨ᠎ᠠ᠃ | ᠬᠥᠭᠵᠢᠯᠲᠡ ᠶᠢᠨ ᠣᠷᠴᠢᠨ ᠲᠣᠭᠤᠷᠢᠨ ᠤ ᠬᠡᠰᠡᠭ᠃ ᠭᠤᠣᠯᠳᠠᠭᠤ ᠬᠤᠤᠯᠢᠩᠭᠤᠤᠯ ᠬᠤᠲᠠ ᠶᠢᠨ ᠣᠶ ᠰᠢᠭᠤᠢ | ᠨᠤᠲᠤᠭ ᠪᠡᠯᠴᠢᠭᠡᠷ ᠤᠨ ᠶᠡᠷᠦᠩᠬᠡᠢ ᠪᠠᠶᠢᠳᠠᠯ ᠪᠣᠯᠣᠨ ᠭᠤᠣᠯ ᠠᠮᠵᠢᠯᠲᠠ ᠪᠦᠲᠦᠮᠵᠢ᠂ ᠲᠥᠯᠦᠪᠵᠢᠭᠦᠯᠭᠡ ᠶᠢᠨ | ᠬᠠᠷᠠᠯᠲᠠ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ | ᠬᠥᠭᠵᠢᠯᠲᠡ ᠶᠢᠨ ᠠᠵᠠ ᠲᠣᠬᠢᠶᠠᠯ ᠢ ᠲᠠᠨᠢᠯᠴᠠᠭᠤᠯᠪᠠ᠃ | ᠶᠡᠷᠦᠩᠬᠡᠢ ᠱᠠᠭᠠᠷᠳᠠᠯᠭ᠎ᠠ ᠶᠢᠨ ᠬᠡᠰᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠵᠢᠯᠤᠭᠤᠳᠬᠤ ᠦᠵᠡᠯ | ᠰᠠᠨᠠᠭ᠎ᠠ ᠪᠠ ᠬᠥᠭᠵᠢᠯᠲᠡ ᠶᠢᠨ ᠰᠡᠳᠬᠢᠴᠡ᠂ ᠦᠨᠳᠦᠰᠦᠨ ᠵᠠᠷᠴᠢᠮ᠂ ᠲᠥᠯᠦᠪᠵᠢᠭᠦᠯᠭᠡ ᠶᠢᠨ ᠬᠠᠷᠠᠯᠲᠠ ᠪᠠ | ᠶᠡᠷᠦᠩᠬᠡᠢ ᠪᠠᠶᠢᠷᠢᠰᠢᠭᠤᠯᠤᠯᠲᠠ ᠶᠢ ᠲᠣᠳᠣᠷᠬᠠᠢ ᠲᠣᠭᠲᠠᠭᠠᠪᠠ᠃ | ᠭᠤᠣᠯᠳᠠᠯᠭ᠎ᠠ ᠲᠠᠢ ᠲᠤᠬᠠᠶᠢᠯᠠᠭᠰᠠᠨ ᠠᠵᠢᠯ ᠤᠨ ᠬᠡᠰᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ | ᠵᠢᠷᠭᠤᠭᠠᠨ ᠵᠦᠢᠯ ᠤᠨ ᠦᠨᠳᠦᠰᠦᠨ ᠡᠭᠦᠷᠭᠡ ᠶᠢ ᠲᠣᠳᠣᠷᠬᠠᠢ ᠲᠣᠭᠲᠠᠭᠠᠪᠠ᠃ | ᠭᠤᠣᠯᠳᠠᠯᠭ᠎ᠠ ᠲᠠᠢ ᠢᠨᠵᠧᠨᠧᠷᠢᠩ ᠤᠨ ᠬᠡᠰᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ ᠳᠥᠷᠪᠡᠨ ᠵᠦᠢᠯ ᠤᠨ | ᠭᠤᠣᠯᠳᠠᠯᠭ᠎ᠠ ᠲᠠᠢ ᠢᠨᠵᠧᠨᠧᠷᠢᠩ ᠢ ᠲᠣᠳᠣᠷᠬᠠᠢ ᠲᠣᠭᠲᠠᠭᠠᠪᠠ᠃ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠬᠡᠰᠡᠭ᠃ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠦᠪᠵᠢᠭᠦᠯᠭᠡ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠢ ᠬᠠᠮᠠᠭᠠᠯᠠᠨ ᠬᠥᠭᠵᠢᠭᠦᠯᠬᠦ | ᠠᠵᠢᠯ ᠤᠨ ᠴᠢᠭᠯᠡᠯ ᠢ ᠲᠣᠳᠣᠷᠬᠠᠢ ᠲᠣᠭᠲᠠᠭᠠᠪᠠ᠃ ᠲᠥᠯᠦᠪᠵᠢᠭᠦᠯᠭᠡ ᠶᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ | ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢ ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢ | ᠴᠢᠩᠭᠠᠳᠬᠠᠵᠤ᠂ ᠲᠥᠯᠦᠪᠵᠢᠭᠦᠯᠭᠡ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ᠣᠶ | ᠰᠢᠭᠤᠢ ᠨᠤᠲᠤᠭ ᠪᠡᠯᠴᠢᠭᠡᠷ ᠤᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠪᠠᠶᠢᠭᠤᠯᠤᠮᠵᠢ ᠶᠢᠨ ᠡᠩᠨᠡᠭᠡ ᠶᠢ ᠪᠦᠷᠢᠨᠰᠢᠭᠦᠯᠦᠨ᠂ ᠲᠥᠯᠦᠪᠵᠢᠭᠦᠯᠭᠡ ᠶᠢ | ᠬᠡᠷᠡᠭᠵᠢᠭᠦᠯᠵᠦ ᠴᠢᠩᠭ᠎ᠠ ᠬᠢᠨᠠᠯᠲᠠ ᠲᠠᠯᠪᠢᠨ᠎ᠠ ᠃ | | | | |