ᠵᠢᠩ ᠱᠠᠨ ᠨᠡᠶᠢᠭᠡᠮ ᠲᠣᠭᠤᠷᠢᠭ ︽ᠲᠠᠪᠤᠨ ᠬᠠᠯᠠᠮᠵᠢᠯᠠᠯ︾ ᠬᠦᠴᠦ ᠪᠠᠨ ᠬᠠᠮᠲᠤᠳᠬᠠᠨ ᠦᠢᠯᠡᠴᠢᠯᠡᠭᠡᠨ ᠤ ᠪᠣᠯᠪᠠᠰᠤᠨ ᠳᠤ ᠦᠢᠯᠡᠴᠢᠯᠡᠵᠦ᠂ ᠨᠡᠶᠢᠭᠡᠮ ᠲᠤᠭᠤᠷᠢᠭ ᠢ ᠠᠮᠢᠵᠢᠷᠠᠯ ᠤᠨ ᠬᠦᠴᠦᠨ ᠲᠠᠢ ᠪᠤᠯᠭᠠᠪᠠ
ᠨᠡᠶᠢᠲᠡᠯᠡᠭᠰᠡᠨ ᠴᠠᠭ᠄
2023/3/28
    ᠣᠶᠢᠷ᠎ᠠ ᠳᠤ᠂ ᠪᠤᠷᠤᠬᠤᠵᠢᠷ ᠵᠡᠭᠡᠯᠢ ᠶᠢᠨ ᠵᠢᠩᠱᠠᠨ ᠨᠡᠶᠢᠭᠡᠮ ᠲᠣᠭᠤᠷᠢᠭ ᠠᠩᠬᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠡᠶᠢᠭᠡᠮ ᠲᠣᠭᠤᠷᠢᠭ ︵ᠵᠢᠵᠢᠭ ᠲᠣᠭᠤᠷᠢᠭ︶ ᠤᠨ ᠴᠣᠯᠠ ᠶᠢ ᠢᠷᠠᠭᠤ ᠠᠯᠳᠠᠷᠲᠠᠢ ᠪᠠᠷ ᠭᠥᠷᠳᠡᠪᠡ᠃ᠣᠶᠢᠷ᠎ᠠ ᠶᠢᠨ ᠵᠢᠯ ᠠᠴᠠ᠂ ᠵᠢᠩ ᠱᠠᠨ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠬᠡᠷᠡᠭᠴᠡᠭᠡ ᠪᠠᠷ ᠡᠬᠢᠯᠡᠯᠲᠡ ᠶᠢᠨ ᠴᠡᠭ ᠪᠣᠯᠭᠠᠵᠤ᠂︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ + ᠪᠣᠯᠪᠠᠰᠤᠨ ᠤ ᠦᠢᠯᠡᠳᠦᠯᠭᠡ︾ ᠪᠠᠷ ᠭᠤᠣᠯ ᠰᠢᠵᠢᠮ ᠪᠣᠯᠭᠠᠵᠤ᠂︽ᠲᠠᠪᠤᠨ ᠰᠡᠳᠬᠢᠯ︾ᠬᠦᠴᠦ ᠪᠠᠨ ᠬᠠᠮᠲᠤᠳᠬᠠᠵᠤ᠂ ᠰᠣᠶᠣᠯ ᠰᠤᠷᠭᠠᠨ ᠬᠥᠮᠦᠵᠢᠯ᠂ ᠠᠷᠠᠳ ᠲᠦᠮᠡᠨ ᠳᠤ ᠦᠢᠯᠡᠴᠢᠯᠡᠬᠦ᠂ ᠵᠠᠭᠤᠷᠠᠯᠳᠤᠭᠠᠨ ᠢ ᠡᠶᠡᠳᠡᠭᠦᠯᠬᠦ᠂ ᠶᠣᠰᠣ ᠰᠤᠷᠲᠠᠬᠤᠨ ᠢᠶᠠᠷ ᠤᠬᠠᠭᠤᠯᠬᠤ ᠪᠠᠷ ᠳᠠᠮᠵᠢᠭᠤᠯᠵᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠬᠥᠮᠥᠵᠢᠭᠦᠯᠬᠦ᠂ ᠤᠯᠠᠨ ᠲᠦᠮᠡᠨ ᠢ ᠬᠠᠯᠠᠮᠵᠢᠯᠠᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠥᠲᠷ︾︾ ᠢ ᠬᠦᠴᠦᠯᠡᠨ ᠨᠠᠪᠲᠠᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠣᠳᠠᠲᠤ ᠬᠦᠴᠦᠨ ᠲᠠᠢ᠂ ᠠᠮᠢᠵᠢᠷᠠᠯ ᠤᠨ ᠬᠦᠴᠦᠨ ᠲᠠᠢ᠂ ᠲᠠᠲᠠᠬᠤ ᠬᠦᠴᠦᠨ ᠢ ᠨᠡᠮᠡᠭᠳᠡᠭᠦᠯᠬᠦ ᠰᠢᠨ᠎ᠡ ᠵᠢᠩ ᠱᠠᠨ ᠢ ᠬᠠᠮᠲᠤᠪᠠᠷ ᠪᠠᠶᠢᠭᠤᠯᠵᠠᠢ᠃

ᠦᠨᠡᠨ ᠰᠡᠳᠬᠢᠯ ᠢᠶᠠᠷ ᠰᠣᠶᠣᠯ ᠰᠤᠷᠭᠠᠨ ᠬᠥᠮᠦᠵᠢᠯ ᠤᠨ ᠪᠢᠴᠢᠯ ᠵᠢᠭᠰᠠᠭᠠᠯ ᠤᠨ ᠭᠠᠵᠠᠷ ᠢ ᠴᠣᠭᠴᠠᠯᠠᠶ᠎ᠠ

   ᠡᠩᠨᠡᠭᠡ ᠶᠢ ᠰᠢᠯᠢᠳᠡᠭᠵᠢᠭᠦᠯᠬᠦ ᠲᠠᠯ᠎ᠠ ᠠᠴᠠ ᠪᠣᠳᠣᠯᠬᠢᠯᠠᠨ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ

ᠬᠤᠷᠢᠶ᠎ᠠ ︱ ᠨᠡᠶᠢᠭᠡᠮ ᠲᠣᠭᠤᠷᠢᠭ ᠤᠨ ᠨᠠᠮ ᠤᠨ ᠡᠭᠦᠷ ︱ ᠰᠦᠯᠵᠢᠶᠡᠨ ᠤ ᠨᠠᠮ ᠤᠨ ᠳᠤᠭᠤᠶᠢᠯᠠᠩ ᠤᠨ ᠭᠤᠷᠪᠠᠨ

ᠳᠡᠰ ᠤᠨ ᠭᠤᠯᠳᠤ ᠴᠢᠭᠯᠡᠯ ᠤᠨ︽ᠨᠠᠮ ᠤᠨ ᠪᠠᠶᠢᠭᠤᠯᠤᠯᠲᠠ ᠶᠢᠨ ᠰᠦᠯᠵᠢᠶ᠎ᠡ︾ ᠶᠢ ᠪᠠᠶᠢᠭᠤᠯᠵᠤ᠂ ᠨᠠᠮ ᠤᠨ

ᠭᠡᠰᠢᠭᠦᠨ ᠢᠶᠠᠷ ᠲᠣᠭᠤᠷᠢᠭ ᠤᠨ ᠲᠥᠪ ᠪᠣᠯᠭᠠᠵᠤ᠂ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ

ᠦᠢᠯᠡᠴᠢᠯᠡᠭᠡᠨ ᠤ ᠲᠥᠪ ᠢᠶᠠᠷ ᠲᠦᠰᠢᠭ ᠪᠣᠯᠭᠠᠨ᠂︽10 ᠮᠢᠨᠦ᠋ᠲ ᠤᠨ ᠨᠠᠮ ᠤᠨ ᠪᠠᠶᠢᠭᠤᠯᠤᠯᠲᠠ ᠶᠢᠨ

ᠦᠢᠯᠡᠴᠢᠯᠡᠭᠡᠨ ᠤ ᠬᠦᠷᠢᠶ᠎ᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠬᠠᠲᠠᠭᠤ ᠬᠡᠷᠡᠭᠴᠡᠭᠡ ᠪᠠᠷ

ᠬᠦᠴᠦᠯᠡᠬᠦ ᠴᠡᠭ ᠪᠣᠯᠭᠠᠵᠤ᠂ ᠨᠠᠮ ᠤᠨ ᠭᠡᠰᠢᠭᠦᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ

ᠠᠰᠠᠭᠤᠳᠠᠯ ᠢ ᠰᠢᠢᠳᠪᠦᠷᠢᠯᠡᠵᠦ᠂ ᠳᠥᠭᠦᠮ ᠳᠥᠲᠡ ᠥᠪᠡᠷᠮᠢᠴᠡ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ᠡᠯ᠎ᠡ

ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠰᠢᠨ᠎ᠡ ᠴᠠᠭ ᠦᠶ᠎ᠡ ᠶᠢᠨ ᠤᠯᠠᠨ ᠲᠦᠮᠡᠨ ᠤ ᠬᠢᠴᠢᠶᠡᠯ ᠤᠨ ᠲᠠᠩᠬᠢᠮ᠂

ᠲᠠᠯ᠎ᠠ ᠨᠤᠲᠤᠭ ᠤᠨ ᠨᠣᠮ ᠤᠨ ᠦᠷᠦᠭᠡ ᠶᠢ ᠴᠣᠭᠴᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ

ᠦᠵᠡᠯᠲᠡ᠂ ᠪᠣᠯᠪᠠᠰᠤᠨ ᠶᠣᠰᠣ ᠰᠤᠷᠲᠠᠬᠤᠨ ᠰᠢᠨ᠎ᠡ ᠬᠡᠪ ᠰᠤᠷᠲᠠᠯ ᠵᠡᠷᠭᠡ ᠶᠢᠨ ᠲᠣᠭᠤᠷᠢᠨ ᠳᠤ ᠪᠠᠶᠢᠩᠭᠤ ᠶᠢᠨ

ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂

ᠠᠷᠢᠭᠤᠨ ᠴᠢᠬᠡᠴᠢ ᠪᠠᠷ ᠵᠠᠰᠠᠭ ᠪᠠᠷᠢᠬᠤ᠂ ᠬᠠᠤᠯᠢ ᠪᠠᠷ ᠵᠠᠰᠠᠬᠤ᠂ ᠰᠣᠶᠣᠯ ᠵᠡᠷᠭᠡ ᠮᠡᠳᠡᠯᠭᠡ ᠶᠢᠨ ᠤᠬᠠᠭᠤᠯᠭ᠎ᠠ ᠶᠢ

ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠠᠭᠤᠰᠤᠯᠴᠠᠭᠤᠯᠵᠤ᠂ ᠤᠨᠤᠯ ᠤᠨ ᠤᠬᠠᠭᠤᠯᠭ᠎ᠠ ᠪᠠ ᠰᠤᠷᠤᠯᠴᠠᠯᠭ᠎ᠠ

ᠬᠥᠮᠦᠵᠢᠯ ᠢ ᠨᠡᠩ ᠤᠯᠠᠨ ᠲᠦᠮᠡᠨ ᠲᠠᠢ ᠣᠶᠢᠷᠠᠲᠤᠭᠤᠯᠵᠤ᠂ ᠨᠡᠩ ᠬᠠᠯᠠᠭᠤᠨ ᠳᠣᠲᠣᠨᠣ ᠪᠣᠯᠭᠠᠬᠤ ᠬᠡᠷᠡᠭᠲᠡᠢ᠃

ᠠᠷᠠᠳ ᠤᠨ ᠲᠥᠯᠥᠭᠡ ᠡᠶᠡᠳᠡᠭᠦᠯᠬᠦ ᠪᠢᠴᠢᠯ ᠵᠠᠭᠪᠤᠷ   ᠢ ᠬᠦᠯᠢᠴᠡᠩᠭᠦᠢ ᠪᠠᠷ ᠪᠣᠶ ᠪᠣᠯᠭᠠᠶ᠎ᠠ

    ᠠᠴᠢᠶᠠᠯᠠᠪᠤᠷᠢ ᠶᠢ ᠰᠢᠯᠢᠳᠡᠭᠵᠢᠭᠦᠯᠬᠦ ᠲᠠᠯ᠎ᠠ ᠠᠴᠠ ᠪᠣᠳᠣᠯᠬᠢᠯᠠᠨ᠂ ᠨᠠᠮ ᠤᠨ ᠪᠠᠶᠢᠭᠤᠯᠤᠯᠲᠠ ᠪᠠᠷ ᠲᠠᠶᠢᠴᠢᠯᠠᠨ

ᠳᠠᠭᠠᠭᠤᠯᠬᠤ ᠠᠵᠢᠯ ᠤᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠬᠠᠷᠢᠶ᠎ᠠ ᠣᠷᠣᠨ ᠤ ᠲᠤᠰ ᠪᠡᠶ᠎ᠡ ᠶᠢᠨ

ᠳᠠᠪᠠᠭᠤᠯᠢᠭ ᠲᠠᠢ ᠪᠠᠨ ᠤᠶᠠᠯᠳᠤᠭᠤᠯᠤᠨ᠂ ᠣᠷᠣᠨ ᠳᠤ ᠰᠠᠭᠤᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂

ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭᠠᠯᠠᠬᠤ ᠪᠠᠷ ᠳᠠᠮᠵᠢᠭᠤᠯᠤᠨ᠂ ᠳᠠᠪᠠᠭᠤᠯᠢᠭ

ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠬᠦᠷᠳᠡᠬᠦ᠂

ᠬᠠᠮᠲᠤ ᠪᠠᠷ ᠰᠠᠭᠤᠵᠤ ᠬᠠᠮᠲᠤ ᠪᠠᠷ ᠪᠠᠶᠢᠭᠤᠯᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠣᠷᠣᠨ ᠪᠦᠰᠡᠴᠢᠯᠡᠭᠰᠡᠨ

ᠪᠠᠶᠢᠷᠢᠰᠢᠯ ᠢ ᠪᠤᠢ ᠪᠣᠯᠭᠠᠵᠤ᠂ ᠡᠯ᠎ᠡ ᠲᠦᠷᠦᠯ ᠤᠨ ᠠᠵᠢᠯᠯᠠᠭ᠎ᠠ ᠶᠢ 50 ᠭᠠᠷᠤᠢ ᠤᠳᠠᠭ᠎ᠠ ᠵᠣᠬᠢᠶᠠᠨ ᠪᠠᠶᠢᠭᠤᠯᠤᠨ

ᠥᠷᠨᠢᠭᠦᠯᠵᠦ᠂ ᠤᠯᠠᠨ ᠲᠦᠮᠡᠨ ᠳᠤ 5000 ᠬᠥᠮᠥᠨ ᠤᠳᠠᠭ᠎ᠠ ᠦᠢᠯᠡᠴᠢᠯᠡᠪᠡ᠃︽ᠬᠤᠪᠢᠰᠬᠠᠯ ᠤᠨ ᠦᠢᠯᠡᠰ ᠤᠨ

ᠵᠥᠪᠯᠡᠯ︾ ᠢ ᠬᠦᠴᠦᠯᠡᠨ ᠪᠠᠶᠢᠭᠤᠯᠵᠤ᠂ ᠨᠡᠶᠢᠭᠡᠮ ᠲᠣᠭᠤᠷᠢᠭ ᠲᠤ ᠲᠣᠮᠢᠯᠠᠨ ᠰᠠᠭᠤᠯᠭᠠᠭᠰᠠᠨ ᠨᠠᠮ ᠤᠨ ᠭᠡᠰᠢᠭᠦᠨ ᠢ

ᠠᠵᠢᠯ ᠲᠦᠷᠦᠯ ᠤᠨ ᠵᠥᠪᠯᠡᠯ ᠳᠤ ᠲᠣᠮᠢᠯᠠᠨ ᠣᠴᠢᠭᠤᠯᠵᠤ ᠲᠤᠰᠢᠶᠠᠯ ᠡᠭᠦᠷᠭᠡᠯᠡᠭᠦᠯᠵᠦ᠂ ᠠᠵᠢᠯ ᠲᠦᠷᠦᠯ ᠤᠨ

ᠵᠥᠪᠯᠡᠯ ᠢ ᠬᠥᠲᠥᠯᠥᠨ ᠵᠢᠯᠤᠭᠤᠳᠴᠤ ᠪᠠᠶᠢᠭᠠᠳ ᠵᠢᠵᠢᠭ ᠲᠣᠭᠤᠷᠢᠭ ᠤᠨ ᠬᠠᠮᠢᠶᠠᠷᠤᠯᠲᠠ᠂ ᠨᠡᠶᠢᠭᠡᠮ ᠤᠨ

ᠦᠢᠯᠡᠴᠢᠯᠡᠭᠡ᠂ ᠠᠮᠤᠷ ᠢ ᠬᠠᠮᠠᠭᠠᠯᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ᠂ ᠤᠶᠤᠨ ᠤ ᠪᠣᠯᠪᠠᠰᠤᠨ ᠵᠡᠷᠭᠡ ᠶᠢᠨ

ᠲᠣᠭᠤᠷᠢᠨ ᠳᠤ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠵᠦ᠂ ᠤᠯᠠᠨ ᠲᠠᠯ᠎ᠠ ᠶᠢᠨ ᠬᠠᠮᠲᠤᠷᠠᠭᠰᠠᠨ

ᠬᠤᠷᠠᠯᠳᠤᠭᠠᠨ ᠢᠶᠠᠷ ᠳᠠᠮᠵᠢᠭᠤᠯᠤᠨ ᠤᠯᠠᠨ ᠲᠦᠮᠡᠨ ᠤ ︽ᠪᠠᠴᠢᠮ ᠪᠡᠷᠬᠡ ᠵᠣᠪᠠᠨᠢᠯ ᠬᠦᠰᠡᠯ︾ ᠢ ᠰᠡᠳᠬᠢᠯ ᠲᠠᠯᠪᠢᠨ

ᠰᠣᠨᠣᠰᠴᠤ᠂ ︽ᠪᠠᠭ᠎ᠠ ᠶᠠᠪᠤᠳᠠᠯ ᠢ ᠰᠦᠯᠵᠢᠶᠡᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠠᠴᠠ

ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ

ᠲᠣᠣᠷ ᠤᠨ ᠳᠣᠲᠣᠷᠠᠬᠢ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠪᠠᠲᠤ ᠴᠣᠭᠴᠠᠯᠠᠨ᠎ᠠ᠃ᠵᠢᠯ ᠤᠨ ᠳᠣᠲᠣᠷ᠎ᠠ 4

ᠤᠳᠠᠭ᠎ᠠ ᠶᠠᠷᠢᠯᠴᠠᠨ ᠰᠣᠯᠢᠯᠴᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠬᠠᠮᠢᠶᠠᠷᠤᠯᠲᠠ ᠶᠢᠨ ᠳᠤᠮᠳᠠᠬᠢ

ᠡᠪᠡᠷᠰᠢᠶᠡᠯ ᠲᠠᠢ ᠠᠰᠠᠭᠤᠳᠠᠯ᠂ ᠬᠦᠴᠢᠷ ᠠᠰᠠᠭᠤᠳᠠᠯ᠂ ᠭᠤᠣᠯᠳᠠᠯᠭ᠎ᠠ ᠲᠠᠢ 11 ᠠᠰᠠᠭᠤᠳᠠᠯ ᠢ ᠬᠦᠴᠦᠯᠡᠨ

ᠰᠢᠢᠳᠪᠦᠷᠢᠯᠡᠨ᠎ᠡ᠃

ᠬᠠᠲᠠᠭᠤ ᠵᠣᠷᠢᠭ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠪᠢᠴᠢᠯ ᠠᠷᠭ᠎ᠠ ᠵᠠᠮ ᠢ ᠴᠣᠭᠴᠠᠯᠠᠨ᠎ᠠ

     ᠪᠠᠲᠤᠯᠠᠭ᠎ᠠ ᠶᠢ ᠰᠢᠯᠢᠳᠡᠭᠵᠢᠭᠦᠯᠬᠦ ᠲᠠᠯ᠎ᠠ   ᠠᠴᠠ ᠪᠣᠳᠣᠯᠬᠢᠯᠠᠨ᠂ ᠦᠨᠳᠦᠰᠦᠨ ᠱᠠᠲᠤᠨ ᠤ ᠨᠡᠶᠢᠭᠡᠮ

ᠲᠣᠭᠤᠷᠢᠭ ᠤᠨ ᠵᠠᠰᠠᠯᠲᠠ ᠶᠢᠨ ᠪᠢᠴᠢᠯ ᠠᠷᠭ᠎ᠠ ᠵᠠᠮ ᠢ ᠥᠷᠭᠡᠳᠬᠡᠵᠦ᠂ ︽ᠮᠢᠩᠭᠠᠨ ᠡᠷᠦᠬᠡ ᠪᠠᠷ ᠰᠤᠷᠪᠤᠯᠵᠢᠯᠠᠬᠤ︾

ᠲᠣᠭᠲᠠᠴᠠ ᠶᠢ ᠪᠠᠶᠢᠭᠤᠯᠤᠨ᠂ ︽ᠲᠠᠨᠢᠯ ᠬᠥᠮᠥᠨ ᠤ ᠲᠣᠣᠷᠵᠢᠯ︾ ᠢ ᠪᠣᠶ ᠪᠣᠯᠭᠠᠬᠤ ᠪᠠᠷ ᠳᠠᠮᠵᠢᠭᠤᠯᠤᠨ᠂ ︽

ᠠᠰᠠᠭᠤᠬᠤ᠂ ᠪᠠᠶᠢᠴᠠᠭᠠᠬᠤ᠂ ᠡᠷᠢᠬᠦ᠂ ᠶᠠᠷᠢᠯᠴᠠᠬᠤ︾ ᠬᠡᠯᠪᠡᠷᠢ ᠪᠠᠷ ᠬᠠᠷᠢᠶᠠᠲᠤ ᠣᠷᠣᠨ ᠤ ᠰᠠᠭᠤᠭᠠᠯᠢ ᠠᠷᠠᠳ ᠤᠨ

ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠬᠢᠬᠦ ᠳᠤ

ᠰᠠᠭᠤᠷᠢ ᠲᠠᠯᠪᠢᠬᠤ ᠬᠡᠷᠡᠭᠲᠡᠢ᠃︽ᠠᠷᠠᠳᠴᠢᠯᠠᠯ ᠪᠠ ᠬᠠᠤᠯᠢ ᠪᠠᠷ ᠵᠠᠰᠠᠬᠤ ᠨᠡᠶᠢᠭᠡᠮ ᠲᠣᠭᠤᠷᠢᠭ︾ ᠢ ᠡᠭᠦᠳᠦᠨ

ᠪᠠᠶᠢᠭᠤᠯᠬᠤ ᠠᠵᠢᠯ ᠢ ᠲᠦᠯᠬᠢᠨ ᠠᠬᠢᠭᠤᠯᠵᠤ᠂ ᠨᠢᠭᠡ ᠲᠠᠯ᠎ᠠ ᠪᠠᠷ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ

ᠦᠢᠯᠡᠴᠢᠯᠡᠭᠡᠨ ᠤ ᠬᠤᠪᠢ ᠬᠤᠷᠠᠮᠳᠤᠭᠤᠯᠵᠤ ᠤᠷᠮᠠᠰᠢᠭᠤᠯᠬᠤ᠂ ᠬᠥᠷᠰᠢ ᠵᠡᠷᠭᠡᠯᠡᠳᠡᠭᠡ ᠪᠠᠷ ᠢᠶᠠᠨ ᠬᠡᠷᠡᠭ ᠵᠥᠪᠯᠡᠵᠦ

ᠵᠥᠪᠳᠡᠯᠴᠡᠬᠦ᠂ ᠬᠠᠮᠲᠤ ᠪᠠᠷ ᠪᠠᠶᠢᠭᠤᠯᠵᠤ ᠬᠠᠮᠲᠤᠷᠠᠨ ᠵᠥᠪᠳᠡᠯᠴᠡᠬᠦ ᠵᠡᠷᠭᠡ ︽ᠥᠪᠡᠷᠲᠡᠭᠡᠨ ᠵᠠᠰᠠᠬᠤ︾ ᠳᠦᠷᠢᠮ ᠤᠨ

ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠤᠨ᠎ᠠ᠃ᠬᠠᠤᠯᠢ ᠴᠠᠭᠠᠵᠠ ᠶᠢᠨ ᠭᠠᠵᠠᠷ᠂ ᠬᠠᠷᠢᠶ᠎ᠠ ᠣᠷᠣᠨ ᠤ

ᠲᠣᠮᠢᠯᠠᠭᠰᠠᠨ ᠰᠠᠯᠪᠤᠷᠢ ᠲᠠᠢ ᠬᠠᠮᠲᠤᠷᠠᠨ ᠪᠠᠶᠢᠴᠠᠭᠠᠨ ᠰᠤᠷᠪᠤᠯᠵᠢᠯᠠᠵᠤ᠂ ᠤᠷᠤᠭ ᠤᠨ ᠵᠢᠭᠤᠷᠠᠯᠳᠤᠭᠠᠨ᠂ ᠬᠥᠷᠰᠢ

ᠵᠡᠷᠭᠡᠯᠡᠳᠡᠭᠡ ᠶᠢᠨ ᠵᠥᠷᠢᠴᠡᠯ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠵᠥᠷᠢᠴᠡᠯ ᠵᠢᠭᠤᠷᠠᠯᠳᠤᠭᠠᠨ ᠢ 20 ᠭᠠᠷᠤᠢ

ᠠᠷᠢᠯᠭᠠᠵᠤ᠂ ᠵᠢᠯ ᠪᠦᠷᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ 20 ᠤᠳᠠᠭ᠎ᠠ ᠠᠴᠠ ᠳᠤᠲᠠᠭᠤ ᠦᠭᠡᠢ

ᠥᠷᠨᠢᠭᠦᠯᠪᠡ᠃ᠨᠥᠭᠦᠭᠡ ᠲᠠᠯ᠎ᠠ ᠪᠠᠷ᠂ ᠨᠡᠶᠢᠭᠡᠮ ᠲᠣᠭᠤᠷᠢᠭ ᠤᠨ ᠺᠠᠳ᠋ᠷ᠂ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂

ᠨᠠᠮ ᠤᠨ ᠭᠡᠰᠢᠭᠦᠨ᠂ ᠡᠶᠡᠳᠡᠭᠦᠯᠦᠭᠴᠢ᠂ ᠰᠦᠯᠵᠢᠶᠡᠨ ᠤ ᠠᠵᠢᠯᠲᠠᠨ᠂ ᠲᠠᠪᠤᠨ ᠰᠠᠶᠢᠨᠲᠠᠢ ᠭᠡᠷ ᠪᠦᠯᠢ ᠵᠡᠷᠭᠡ ᠶᠢ ︽

ᠬᠠᠤᠯᠢ ᠪᠠᠷ ᠵᠠᠰᠠᠬᠤ ᠳᠠᠭᠠᠭᠤᠯᠤᠭᠴᠢ︾ ︽ᠬᠠᠤᠯᠢ ᠴᠠᠭᠠᠵᠠ ᠶᠢᠨ ᠮᠡᠷᠭᠡᠨ ᠬᠥᠮᠥᠨ︾ ᠤ ᠡᠩᠨᠡᠭᠡ ᠳᠤ ᠡᠯᠰᠡᠨ

ᠣᠷᠣᠭᠤᠯᠬᠤ ᠪᠠᠷ ᠳᠠᠮᠵᠢᠭᠤᠯᠤᠨ᠂ ᠲᠡᠳᠡᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ᠂ ᠵᠥᠷᠢᠴᠡᠯ

ᠵᠢᠭᠤᠷᠠᠯᠳᠤᠭᠠᠨ ᠢ ᠨᠠᠮᠳᠠᠭᠤᠯᠬᠤ᠂ ᠨᠡᠶᠢᠭᠡᠮ ᠤᠨ ᠵᠠᠰᠠᠯᠲᠠ ᠳᠤ ᠣᠷᠤᠯᠴᠠᠬᠤ ᠳᠤᠮᠳᠠᠬᠢ ᠵᠢᠱᠢᠶ᠎ᠡ ᠦᠵᠡᠭᠦᠯᠵᠦ

ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃

ᠬᠠᠯᠠᠭᠤᠨ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠬᠦ ᠪᠢᠴᠢᠯ ᠠᠴᠢᠶᠠᠯᠠᠪᠤᠷᠢ ᠶᠢ ᠴᠣᠭᠴᠠᠯᠠᠨ᠎ᠠ

    ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠠᠴᠠ ᠪᠣᠳᠣᠯᠬᠢᠯᠠᠨ᠂ ᠦᠢᠯᠡᠴᠢᠯᠡᠭᠡᠨ ᠤ ᠲᠠᠪᠴᠠᠩ ᠢ ᠥᠷᠭᠡᠳᠬᠡᠵᠦ᠂

ᠨᠡᠶᠢᠭᠡᠮ ᠲᠣᠭᠤᠷᠢᠭ ᠤᠨ ᠤᠯᠠᠨ ᠲᠦᠮᠡᠨ ᠤ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠢ ᠨᠠᠷᠢᠨ ᠨᠢᠮᠪᠠᠢ

ᠵᠣᠬᠢᠶᠠᠨ ᠪᠦᠲᠦᠭᠡᠨ᠎ᠡ᠃︽ᠭᠤᠷᠪᠠ ᠶᠢ ᠳᠤᠯᠠᠭᠠᠯᠠᠬᠤ︾ ᠦᠢᠯᠡᠴᠢᠯᠡᠭᠡᠨ ᠤ ᠰᠢᠰᠲ᠋ᠧᠮ ᠢ ᠲᠣᠭᠲᠠᠭᠠᠵᠤ᠂

ᠬᠦᠴᠢᠷᠳᠡᠯ ᠲᠠᠢ ᠬᠥᠮᠥᠰ ᠲᠤ ᠦᠢᠯᠡᠴᠢᠯᠡᠬᠦ ᠳᠤ ᠬᠠᠯᠠᠭᠤᠨ ᠲᠠᠢ ︽ᠪᠦᠯᠢᠶᠡᠨ ᠶᠠᠩ ᠦᠢᠯᠡᠴᠢᠯᠡᠭᠡᠨ ᠤ ᠠᠩᠭᠢ︾ ᠶᠢ

ᠪᠠᠶᠢᠭᠤᠯᠵᠤ᠂ ᠰᠠᠷ᠎ᠠ ᠪᠦᠷᠢ ︽ᠭᠤᠷᠪᠠ ᠦᠭᠡᠢ︾ ᠨᠠᠰᠤᠲᠠᠶᠢᠴᠤᠳ ᠲᠤ ᠨᠢᠭᠡ ᠤᠳᠠᠭ᠎ᠠ ︽ᠬᠠᠶᠢᠷ᠎ᠠ ᠰᠡᠳᠬᠢᠯᠭᠡ ᠶᠢ

ᠳᠤᠯᠠᠭᠠᠴᠠᠭᠤᠯᠬᠤ ᠰᠠᠶᠢᠨ ᠳᠤᠷ᠎ᠠ ᠶᠢᠨ ᠬᠠᠪᠰᠤᠷᠤᠯᠭ᠎ᠠ︾ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂

ᠤᠯᠠᠷᠢᠯ ᠪᠦᠷᠢ ᠬᠦᠴᠢᠷᠳᠡᠯᠲᠡᠢ ᠭᠡᠷ ᠪᠦᠯᠢ ᠳᠤ ᠨᠢᠭᠡ ᠤᠳᠠᠭ᠎ᠠ ︽ᠰᠡᠳᠬᠢᠯ ᠢ ᠳᠤᠯᠠᠭᠠᠴᠠᠭᠤᠯᠬᠤ ᠲᠣᠮᠣ ᠪᠡᠯᠡᠭ︾

ᠠᠮᠢᠳᠤᠷᠠᠯ ᠤᠨ ᠡᠳ᠋ ᠪᠣᠳᠠᠰ ᠬᠠᠨᠳᠢᠪᠯᠡᠬᠤ ᠦᠢᠯᠡᠴᠢᠯᠡᠭᠡ ᠬᠤᠷᠠᠮᠳᠤᠭᠤᠯᠵᠤ᠂ ᠰᠤᠷᠤᠯᠭ᠎ᠠ ᠶᠢᠨ ᠬᠤᠭᠤᠴᠠᠭ᠎ᠠ ᠪᠦᠷᠢ

ᠬᠦᠴᠢᠷᠳᠡᠯᠲᠡᠢ ᠰᠤᠷᠬᠤ ᠨᠠᠰᠤᠨ ᠤ ᠬᠡᠦᠬᠡᠳ ᠲᠤ ᠨᠢᠭᠡ ᠤᠳᠠᠭ᠎ᠠ ︽ᠶᠡᠭᠡ ᠭᠠᠷ ᠪᠠᠭ᠎ᠠ ᠭᠠᠷ ᠬᠤᠯᠪᠣᠯᠴᠠᠬᠤ︾

ᠰᠤᠷᠤᠯᠴᠠᠯᠭ᠎ᠠ ᠶᠢᠨ ᠬᠤᠣᠰᠯᠠᠯ ᠪᠠᠶᠢᠭᠤᠯᠤᠨ ᠬᠠᠪᠰᠤᠷᠤᠨ ᠲᠡᠳᠬᠦᠬᠦ ᠦᠢᠯᠡᠴᠢᠯᠡᠭᠡ ᠥᠷᠨᠢᠭᠦᠯᠵᠦ᠂ ︽ᠨᠢᠭᠡ

ᠨᠠᠰᠤᠲᠠᠨ ᠨᠢᠭᠡ ᠪᠠᠭ᠎ᠠ︾ ᠵᠡᠷᠭᠡ ᠣᠨᠴᠠᠭᠠᠶ ᠬᠠᠮᠲᠤᠯᠢᠭ ᠤᠨ ᠵᠣᠯ ᠵᠢᠷᠭᠠᠯ ᠤᠨ ᠲᠥᠷᠥᠭᠳᠡᠯ ᠢ ᠬᠦᠴᠦᠯᠡᠨ

ᠳᠡᠭᠡᠭᠰᠢᠯᠡᠭᠦᠯᠦᠨ᠎ᠡ᠃ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ᠂ ᠵᠢᠷᠤᠮᠵᠢᠭᠤᠯᠬᠤ᠂ ᠤᠨᠢᠨ ᠳᠡᠭᠡᠷ᠎ᠡ

 ᠨᠢ ᠬᠥᠭᠵᠢᠭᠦᠯᠬᠦ ᠶᠢ ᠴᠢᠨᠠᠭᠰᠢᠳᠠ ᠠᠬᠢᠭᠤᠯᠵᠤ᠂ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠬᠠᠮᠲᠤ ᠪᠠᠷ ᠪᠠᠶᠢᠭᠤᠯᠬᠤ

ᠨᠢᠭᠡᠴᠡ ᠪᠣᠯᠣᠨ ᠰᠠᠭᠤᠭᠠᠯᠢ ᠠᠷᠠᠳ ᠤᠨ ᠨᠠᠮ ᠤᠨ ᠭᠡᠰᠢᠭᠦᠨ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ

ᠬᠠᠮᠲᠤᠯᠢᠭ ᠢ ᠪᠣᠯᠪᠠᠰᠤᠨ ᠦᠢᠯᠡᠳᠦᠯᠭᠡ ᠶᠢᠨ ᠡᠩᠨᠡᠭᠡ ᠶᠢᠨ ᠴᠢᠬᠤᠯᠠ ᠬᠦᠴᠦᠨ ᠳᠤ ᠣᠷᠣᠭᠤᠯᠵᠤ᠂ ︽ᠪᠠᠢ ᠡᠭᠡᠴᠢ ᠶᠢᠨ

ᠠᠰᠢᠭ ᠲᠤᠰᠠ ᠶᠢ ᠬᠠᠮᠠᠭᠠᠯᠠᠬᠤ ᠬᠤᠯᠪᠣᠭ᠎ᠠ︾᠂︽ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ

ᠠᠩᠭᠢ︾᠂︽ᠬᠠᠶᠢᠷ᠎ᠠ ᠰᠡᠳᠬᠢᠯᠭᠡ ᠶᠢᠨ ᠲᠣᠭᠤᠷᠢᠨ ᠴᠠᠭᠳᠠᠬᠤ ᠰᠠᠯᠪᠤᠷᠢ ᠪᠠᠭ᠎ᠠ ᠠᠩᠭᠢ︾ ᠶᠢᠨ ᠰᠠᠶᠢᠨ ᠳᠤᠷ᠎ᠠ ᠶᠢᠨ

ᠦᠢᠯᠡᠴᠢᠯᠡᠭᠡ ᠶᠢ ᠰᠢᠨ᠎ᠡ ᠶᠢ ᠡᠭᠦᠳᠴᠦ ᠬᠡᠷᠡᠭᠵᠢᠭᠦᠯᠦᠨ᠎ᠡ᠃

ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠰᠢᠨ᠎ᠡ ᠬᠡᠪ ᠰᠤᠷᠲᠠᠯ ᠢ ᠪᠤᠢ

ᠪᠣᠯᠭᠠᠬᠤ ᠬᠡᠷᠡᠭᠲᠡᠢ

   ᠬᠥᠲᠥᠯᠥᠨ ᠳᠠᠭᠠᠭᠤᠯᠬᠤ ᠦᠢᠯᠡᠳᠦᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠬᠠᠨᠳᠤᠭᠤᠯᠵᠤ᠂ ᠨᠡᠶᠢᠭᠡᠮ

ᠨᠡᠶᠢᠲᠡ   ᠶᠢᠨ ᠶᠣᠰᠣ ᠮᠣᠷᠠᠯ᠂ ᠭᠡᠷ ᠪᠦᠯᠢ   ᠶᠢᠨ ᠰᠠᠶᠢᠬᠠᠨ ᠰᠤᠷᠲᠠᠯ   ᠢ ᠶᠡᠭᠡ ᠪᠠᠷ ᠪᠠᠳᠠᠷᠠᠭᠤᠯᠵᠤ᠂ ᠰᠢᠨᠵᠢᠯᠡᠬᠦ

ᠤᠬᠠᠭᠠᠨᠴᠢ᠂ ᠡᠷᠡᠭᠦᠯ ᠴᠢᠭᠢᠷᠠᠭ᠂ ᠪᠣᠯᠪᠠᠰᠤᠨ ᠰᠠᠶᠢᠬᠠᠨ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠢ ᠪᠠᠷ

ᠰᠠᠨᠠᠭᠠᠴᠢᠯᠠᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠰᠣᠶᠣᠯ ᠤᠨ ︽ᠬᠤᠪᠢᠰᠬᠠᠯ ᠤᠨ ᠬᠡᠪ

ᠳᠠᠭᠤᠷᠢᠶᠠᠯ︾ ᠢ ᠪᠤᠶ ᠪᠣᠯᠭᠠᠶ᠎ᠠ ᡺ ᠵᠣᠯ ᠵᠢᠷᠭᠠᠯᠲᠤ ᠠᠮᠢᠳᠤᠷᠠᠯ ᠤᠨ ︽ᠭᠡᠷ︾ ᠤᠨ ᠨᠡᠷᠡᠲᠦ ᠲᠡᠮᠳᠡᠭ ᠲᠡᠷᠢᠭᠦᠨ ᠤ

 ᠬᠢ ᠪᠠᠷ ᠴᠢᠷᠮᠠᠶᠢᠵᠤ ᠰᠢᠯᠢᠳᠡᠭ ᠢ ᠡᠭᠦᠳᠬᠦ ᠬᠥᠳᠡᠯᠭᠡᠭᠦ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ᠨᠠᠢᠮᠠᠨ

ᠰᠠᠷ᠎ᠠ ᠶᠢᠨ ᠠᠷᠪᠠᠨ ᠲᠠᠪᠤᠨ ᠤ ᠪᠠᠶᠠᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠤᠯᠤᠰ ᠤᠨ ᠪᠠᠶᠠᠷ

ᠵᠡᠷᠭᠡ ᠴᠢᠬᠤᠯᠠ ᠶᠡᠭᠡ ᠪᠠᠶᠠᠷ ᠤᠨ ᠡᠳᠦᠷ ᠢ ᠠᠰᠢᠭᠯᠠᠵᠤ᠂ ︽ᠵᠢᠩ ᠱᠠᠨ ᠤ ᠰᠠᠶᠢᠨ ᠬᠥᠮᠥᠨ︾ ︽ᠪᠣᠯᠪᠠᠰᠤᠨ ᠢᠶᠠᠷ

ᠨᠣᠬᠠᠢ ᠲᠡᠵᠢᠭᠡᠬᠦ ᠭᠡᠷ ᠪᠦᠯᠢ ᠶᠢᠨ ᠵᠢᠱᠢᠶ᠎ᠡ ᠦᠵᠡᠭᠦᠯᠬᠦ ᠡᠷᠦᠬᠡ︾ ︽ᠦᠵᠡᠰᠬᠦᠯᠡᠩᠲᠦ ᠰᠠᠶᠢᠬᠠᠨ ᠠᠰᠠᠷ ᠪᠠᠶᠢᠰᠢᠩ︾

︽ᠵᠣᠯ ᠵᠢᠷᠭᠠᠯᠲᠤ ᠨᠢᠭᠡᠴᠡ︾ ︽ᠪᠤᠶᠠᠨ ᠦᠢᠯᠡᠳᠬᠦ ᠬᠤᠳᠠᠯᠳᠤᠭᠠᠴᠢᠨ ᠡᠷᠦᠬᠡ︾ ᠶᠢᠨ ᠭᠤᠣᠯ ᠰᠡᠳᠦᠪᠲᠦ

ᠰᠢᠯᠭᠠᠷᠠᠭᠤᠯᠤᠯᠲᠠ ᠶᠢᠨ ᠠᠵᠢᠯᠯᠠᠭ᠎ᠠ  ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠶᠠᠩᠭᠠᠷ ᠪᠥᠵᠢᠭ ᠤᠨ ᠠᠩᠭᠢ᠂

ᠨᠡᠷᠡᠬᠦᠢ ᠰᠡᠯᠡᠮ᠎ᠡ ᠶᠢᠨ ᠠᠩᠭᠢ᠂ ᠲᠠᠯᠠᠪᠠᠶ ᠶᠢᠨ ᠪᠥᠵᠢᠭ ᠵᠡᠷᠭᠡ ᠠᠷᠠᠳ ᠤᠨ ᠵᠣᠬᠢᠶᠠᠨ ᠪᠠᠶᠢᠭᠤᠯᠤᠯᠲᠠ ᠶᠢ

ᠬᠥᠭᠵᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠰᠣᠶᠣᠯ ᠴᠡᠩᠭᠡᠯ ᠤᠨ

ᠤᠬᠠᠭᠤᠯᠭ᠎ᠠ ᠶᠢᠨ ᠬᠦᠴᠦᠨ ᠢ ᠭᠦᠢᠴᠡᠳ ᠬᠥᠭᠵᠢᠭᠡᠵᠦ᠂ ᠪᠣᠯᠪᠠᠰᠤᠨ ᠬᠤᠲᠠ ᠶᠢᠨ ᠠᠷᠠᠳ ᠪᠣᠯᠬᠤ ᠪᠠᠷ ᠴᠢᠷᠮᠠᠶᠢᠬᠤ᠂

ᠭᠡᠷ ᠪᠦᠯᠢ ᠶᠢᠨ ᠡᠶ᠎ᠡ ᠨᠠᠶᠢᠷᠠᠮᠳᠠᠭᠤ ᠪᠠᠶᠢᠬᠤ ᠶᠢ ᠬᠠᠮᠠᠭᠠᠯᠠᠬᠤ᠂ ᠬᠥᠷᠰᠢ ᠵᠡᠷᠭᠡᠯᠡᠳᠡᠭᠡ ᠶᠢᠨ ᠪᠦᠯᠬᠦᠮᠳᠡᠨ

ᠬᠠᠪᠰᠤᠷᠤᠯᠴᠠᠬᠤ᠂ ᠡᠶ᠎ᠡ ᠵᠣᠬᠢᠴᠠᠯ ᠲᠠᠢ ᠨᠡᠶᠢᠭᠡᠮ ᠢ ᠬᠠᠮᠲᠤ ᠪᠠᠷ ᠪᠦᠲᠦᠭᠡᠨ ᠪᠠᠶᠢᠭᠤᠯᠬᠤ ᠰᠠᠶᠢᠨ ᠰᠠᠶᠢᠬᠠᠨ ᠠᠭᠤᠷ

ᠠᠮᠢᠰᠬᠤᠯ ᠢ ᠪᠣᠶ ᠪᠣᠯᠭᠠᠵᠤ᠂ ᠨᠡᠶᠢᠭᠡᠮ ᠳᠤ ᠬᠤᠪᠢ ᠨᠡᠮᠡᠷᠢ ᠦᠵᠡᠭᠦᠯᠬᠦ᠂ ᠦᠨᠡᠨᠴᠢ ᠢᠲᠡᠭᠡᠮᠵᠢᠲᠡᠢ ᠪᠠᠶᠢᠬᠤ᠂

ᠨᠠᠰᠤᠲᠠᠨ ᠢᠶᠠᠨ ᠬᠦᠨᠳᠦᠯᠡᠵᠦ ᠡᠷᠳᠡᠮᠲᠡᠨ ᠮᠡᠷᠭᠡᠳ ᠢ ᠬᠦᠨᠳᠦᠯᠡᠬᠦ ᠶᠢ ᠬᠡᠪ ᠵᠠᠩᠰᠢᠯ ᠪᠣᠯᠭᠠᠨ᠂ ᠰᠠᠭᠤᠭᠠᠯᠢ

ᠠᠷᠠᠳ ᠤᠨ ᠶᠡᠷᠦᠩᠬᠡᠶᠢᠯᠡᠭᠰᠡᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号