ᠬᠤᠤᠯᠢᠩᠭᠤᠤᠯ ᠬᠤᠲᠠ ᠶᠢᠨ ᠰᠦᠢᠳᠬᠡᠯ ᠥᠯᠥ ᠬᠤᠷᠢᠶᠠᠬᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2023/3/30
     ︽ᠬᠤᠶᠠᠷ ᠥᠮᠡᠨ︾ ᠭᠡᠳᠡᠭ ᠨᠢ ᠬᠥᠬᠦᠨ ᠪᠤᠯᠴᠢᠷᠬᠠᠢ ᠶᠢᠨ ᠥᠮᠡᠨ ᠪᠠ ᠰᠠᠪᠠ ᠶᠢᠨ ᠬᠦᠵᠦᠭᠦᠨ ᠤ ᠥᠮᠡᠨ ᠢ ᠵᠢᠭᠠᠵᠤ ᠪᠣᠶ᠂ ᠣᠳᠣᠬᠠᠨ ᠳᠤ ᠡᠮᠡᠭᠲᠡᠶᠢᠴᠦᠳ ᠤᠨ ᠠᠮᠢ ᠨᠠᠰᠤ ᠶᠢ ᠰᠦᠷᠳᠡᠭᠦᠯᠵᠦ ᠪᠠᠶᠢᠭ᠎ᠠ ᠬᠤᠶᠠᠷ ᠭᠤᠣᠯ ᠶᠠᠷᠭᠠᠴᠢᠨ ᠮᠥᠨ᠃ᠬᠥᠬᠦᠨ ᠪᠤᠯᠴᠢᠷᠬᠠᠢ ᠶᠢᠨ ᠥᠮᠡᠨ ᠪᠠ ᠰᠠᠪᠠ ᠶᠢᠨ ᠬᠦᠵᠦᠭᠦᠨ ᠤ ᠥᠮᠡᠨ ᠨᠢ ᠡᠮᠡᠭᠲᠡᠢ ᠶᠢᠨ ᠬᠤᠣᠷᠲᠤ ᠬᠠᠪᠤᠳᠠᠷ ᠤᠨ ᠳᠣᠲᠣᠷ᠎ᠠ ᠲᠣᠰ ᠲᠣᠰ ᠨᠢᠭᠡᠳᠦᠭᠡᠷ᠂ ᠬᠤᠶᠠᠳᠤᠭᠠᠷ ᠪᠠᠶᠢᠷᠢᠨ ᠳᠤ ᠪᠠᠶᠢᠬᠤ ᠪᠥᠭᠡᠳ ᠣᠶᠢᠷ᠎ᠠ ᠶᠢᠨ ᠵᠢᠯ ᠳᠤ ᠨᠡᠮᠡᠭᠳᠡᠬᠦ ᠬᠠᠨᠳᠤᠰᠢ ᠲᠠᠢ ᠪᠣᠯᠵᠤ᠂ ᠨᠠᠰᠤ ᠨᠢ ᠵᠠᠯᠠᠭᠤᠵᠢᠬᠤ ᠬᠠᠨᠳᠤᠰᠢ ᠲᠠᠢ ᠪᠠᠶᠢᠨ᠎ᠠ᠃︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠶᠢᠨ ᠵᠣᠷᠢᠯᠭ᠎ᠠ ᠨᠢ ᠡᠮᠡᠭᠲᠡᠶᠢᠴᠦᠳ ᠤᠨ ᠡᠷᠡᠭᠦᠯ ᠮᠡᠨᠳᠦ ᠳᠤ ᠬᠤᠣᠷ ᠬᠥᠨᠥᠭᠡᠯ ᠲᠠᠢ ᠡᠨᠡ ᠬᠤᠶᠠᠷ ᠵᠦᠢᠯ ᠤᠨ ᠡᠪᠡᠳᠴᠢᠨ ᠢ ᠡᠷᠲᠡᠬᠡᠨ ᠵᠢᠭᠰᠠᠭᠠᠨ ᠪᠠᠶᠢᠴᠠᠭᠠᠵᠤ᠂ ᠡᠷᠲᠡ ᠰᠡᠷᠭᠡᠶᠢᠯᠡᠵᠦ᠂ ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠨ ᠵᠠᠰᠠᠬᠤ ᠶᠢᠨ ᠲᠥᠯᠥᠭᠡ ᠶᠤᠮ᠃ ᠪᠥᠬᠦ ᠬᠤᠲᠠ ᠶᠢᠨ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ ᠡᠮᠡᠭᠲᠡᠶᠢᠴᠦᠳ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠳᠤ ᠢᠳᠡᠪᠬᠢᠲᠡᠢ ᠣᠷᠤᠯᠴᠠᠬᠤ ᠶᠢ ᠬᠦᠰᠡᠵᠦ ᠪᠠᠶᠢᠨ᠎ᠠ᠃ᠰᠢᠭᠰᠢᠨ ᠪᠠᠶᠢᠴᠠᠭᠠᠭᠳᠠᠬᠤ ᠡᠲᠡᠭᠡᠳ᠄ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠲᠠᠩᠰᠠ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ 45 ︱ 64 ᠪᠦᠬᠦᠯᠢ ᠨᠠᠰᠤᠨ ᠤ ᠡᠮᠡᠭᠲᠡᠶᠢᠴᠦᠳᠰᠢᠭᠰᠢᠨ ᠪᠠᠶᠢᠴᠠᠭᠠᠬᠤ ᠭᠠᠷ ᠭᠦᠢᠴᠡᠳᠬᠡᠯ᠄ ᠬᠤᠪᠢ ᠬᠥᠮᠥᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠡᠪᠲᠡᠷ ᠢᠶᠠᠨ ᠠᠪᠴᠤ ᠶᠠᠪᠤᠨ᠎ᠠᠰᠢᠭᠰᠢᠨ ᠪᠠᠶᠢᠴᠠᠭᠠᠬᠤ ᠴᠠᠭ᠄ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ ᠶᠢᠨ 8 ᠄ 30 ︱ 11᠄ 00ᠦᠳᠡ ᠶᠢᠨ ᠬᠤᠶᠢᠨᠠᠬᠢ 2᠄ 30 ︱ 4᠄ 30ᠰᠢᠭᠰᠢᠨ ᠪᠠᠶᠢᠴᠠᠭᠠᠬᠤ ᠭᠠᠵᠠᠷ᠄ ᠬᠤᠤᠯᠢᠩᠭᠤᠤᠯ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩᠪᠠᠶᠢᠴᠠᠭᠠᠬᠤ ᠠᠴᠠ ᠡᠮᠦᠨ᠎ᠡ ᠠᠩᠬᠠᠷᠬᠤ ᠵᠦᠢᠯ᠄1.ᠵᠢᠷᠮᠦᠰᠦᠨ ᠬᠤᠭᠤᠴᠠᠭ᠎ᠠ᠂ ᠬᠥᠬᠦᠭᠦᠯᠬᠦ ᠬᠤᠭᠤᠴᠠᠭ᠎ᠠ ᠠᠴᠠ ᠵᠠᠶᠢᠯᠠᠬᠤ2.ᠪᠠᠶᠢᠴᠠᠭᠠᠯᠲᠠ ᠬᠢᠬᠦ ᠠᠴᠠ ᠡᠮᠦᠨ᠎ᠡ3 ᠡᠳᠦᠷ ᠤᠨ ᠳᠣᠲᠣᠷ᠎ᠠ ᠬᠤᠷᠢᠴᠠᠯ ᠤᠨ ᠠᠮᠢᠳᠤᠷᠠᠯ ᠦᠭᠡᠢ ᠪᠣᠯ ᠤᠮᠠᠢ ᠪᠠᠷ ᠤᠬᠢᠶᠠᠬᠤ᠂ ᠡᠮ ᠬᠡᠷᠡᠭᠯᠡᠬᠦ ᠠᠴᠠ ᠵᠠᠶᠢᠯᠠᠰᠬᠢᠨ᠎ᠡ᠃3.ᠰᠠᠷ᠎ᠠ ᠶᠢᠨ ᠭᠬᠢᠷ ᠤᠨ ᠬᠤᠭᠤᠴᠠᠭᠠᠨ ᠤ ᠪᠤᠰᠤ ᠪᠠᠶᠢᠴᠠᠭᠠᠯᠲᠠ᠂ ᠰᠠᠷ᠎ᠠ ᠶᠢᠨ ᠭᠬᠢᠷ ᠴᠡᠪᠡᠷᠰᠢᠭᠰᠡᠨ ᠤ ᠳᠠᠷᠠᠭ᠎ᠠ3 ᠡᠳᠦᠷ ᠠᠴᠠ ᠳᠡᠭᠡᠭᠰᠢ4.ᠬᠡᠦᠬᠡᠨ ᠬᠡᠪᠲᠡᠰᠢ ᠶᠢ ᠣᠭᠲᠣᠯᠵᠤ ᠠᠪᠤᠭᠰᠠᠨ ᠬᠥᠮᠥᠨ ᠬᠡᠦᠬᠡᠨ ᠬᠡᠪᠲᠡᠰᠢ ᠶᠢᠨ ᠬᠦᠵᠦᠭᠦᠨ ᠤ ᠥᠮᠡᠨ ᠤ ᠰᠢᠭᠰᠢᠨ ᠪᠠᠶᠢᠴᠠᠭᠠᠯᠲᠠ ᠳᠤ ᠣᠷᠤᠯᠴᠠᠬᠤ ᠦᠭᠡᠢ᠂ ᠭᠡᠪᠡᠴᠦ ᠬᠥᠬᠦᠨ ᠪᠤᠯᠴᠢᠷᠬᠠᠢ ᠶᠢᠨ ᠥᠮᠡᠨ ᠤ ᠰᠢᠭᠰᠢᠨ ᠪᠠᠶᠢᠴᠠᠭᠠᠯᠲᠠ ᠳᠤ ᠣᠷᠣᠯᠴᠠᠵᠤ ᠪᠣᠯᠣᠨ᠎ᠠ5.ᠬᠥᠬᠦᠨ ᠪᠤᠯᠴᠢᠷᠬᠠᠢ ᠶᠢ ᠣᠭᠲᠣᠯᠣᠭᠰᠠᠳ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠳᠤ ᠣᠷᠤᠯᠴᠠᠬᠤ ᠦᠭᠡᠢ᠂ ᠭᠡᠪᠡᠴᠦ ᠰᠠᠪᠠ ᠶᠢᠨ ᠬᠦᠵᠦᠭᠦᠨ ᠤ ᠥᠮᠡᠨ ᠢ ᠰᠢᠭᠰᠢᠨ ᠪᠠᠶᠢᠴᠠᠭᠠᠬᠤ ᠳᠤ ᠣᠷᠣᠯᠴᠠᠵᠤ ᠪᠣᠯᠣᠨ᠎ᠠ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号