ᠠᠭᠤᠷᠬᠠᠢ ᠶᠢᠨ ᠮᠠᠰᠢᠨ ᠴᠠᠬᠢᠯᠭᠠᠨ ᠤ ᠪᠠᠶᠢᠴᠠᠭᠠᠨ ᠵᠠᠰᠠᠬᠤ ᠺᠣᠮᠫᠠᠨᠢ ᠶᠢᠨ ᠡᠪᠯᠡᠯ ᠤᠨ ᠬᠤᠷᠢᠶ᠎ᠠ 2023 ᠣᠨ ᠤ ︽ᠯᠧᠢ ᠹᠧᠩ ᠤᠨ ᠰᠠᠷ᠎ᠠ︾ ᠶᠢᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/3/7
    ᠯᠧᠢ ᠹᠧᠩ   ᠠᠴᠠ ᠰᠤᠷᠤᠯᠴᠠᠭᠰᠠᠨ 60 ᠳ᠋ᠤᠭᠠᠷ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ ᠯᠧᠢ ᠹᠧᠩ ᠤᠨ ᠵᠣᠷᠢᠭ ᠰᠠᠨᠠᠭ᠎ᠠ   ᠶᠢ ᠨᠡᠩ ᠰᠠᠶᠢᠨ ᠪᠠᠳᠠᠷᠠᠭᠤᠯᠵᠤ᠂ ᠨᠠᠮ ᠤᠨ ᠲᠤᠰᠠᠯᠠᠭᠴᠢ ᠪᠠ ᠪᠡᠯᠡᠳᠬᠡᠯ ᠴᠡᠷᠢᠭ ᠪᠣᠯᠬᠤ ᠡᠪᠯᠡᠯ ᠤᠨ ᠵᠣᠬᠢᠶᠠᠨ ᠪᠠᠶᠢᠭᠤᠯᠤᠯᠲᠠ   ᠶᠢᠨ ᠦᠢᠯᠡᠳᠦᠯ   ᠢ ᠪᠠᠳᠠᠷᠠᠭᠤᠯᠬᠤ   ᠶᠢᠨ ᠲᠥᠯᠥᠭᠡ᠂ 3 ᠰᠠᠷ᠎ᠠ   ᠶᠢᠨ 3 ᠤ ᠡᠳᠦᠷ᠂ ᠠᠭᠤᠷᠬᠠᠢ   ᠶᠢᠨ ᠮᠠᠰᠢᠨ ᠴᠠᠬᠢᠯᠭᠠᠨ ᠤ ᠪᠠᠶᠢᠴᠠᠭᠠᠨ ᠵᠠᠰᠠᠬᠤ ᠺᠣᠮᠫᠠᠨᠢ   ᠶᠢᠨ ᠡᠪᠯᠡᠯ ᠤᠨ ᠬᠤᠷᠢᠶ᠎ᠠ ︽ᠯᠧᠢ ᠹᠧᠩ ᠤᠨ ᠵᠣᠷᠢᠭ ᠰᠠᠨᠠᠭ᠎ᠠ   ᠶᠢ ᠦᠢᠯᠡᠳᠦᠯᠭᠡᠵᠢᠭᠦᠯᠵᠦ ᠵᠠᠯᠠᠭᠤ ᠨᠠᠰᠤᠨ ᠤ ᠬᠥᠳᠡᠯᠭᠡᠭᠴᠢ ᠡᠨᠧᠷᠭᠢ   ᠶᠢ ᠬᠤᠷᠠᠮᠳᠤᠭᠤᠯᠤᠨ ᠭᠠᠪᠢᠶ᠎ᠠ ᠪᠠᠶᠢᠭᠤᠯᠬᠤ ᠴᠠᠭ ᠦᠶ᠎ᠡ   ᠶᠢᠨ ᠰᠢᠨ᠎ᠡ ᠠᠶᠠᠨ ᠵᠠᠮ︾ ᠢ ᠵᠣᠬᠢᠶᠠᠨ ᠪᠠᠶᠢᠭᠤᠯᠵᠤ᠂ ᠯᠧᠢ ᠹᠧᠩ   ᠠᠴᠠ ᠰᠤᠷᠤᠯᠴᠠᠬᠤ ᠰᠠᠶᠢᠨ ᠳᠤᠷ᠎ᠠ   ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ   ᠶᠢ ᠵᠣᠬᠢᠶᠠᠨ ᠪᠠᠶᠢᠭᠤᠯᠵᠤ ᠥᠷᠨᠢᠭᠦᠯᠪᠡ᠃

 ᠠᠵᠢᠯᠯᠠᠭ᠎ᠠ ᠡᠬᠢᠯᠡᠬᠦ ᠠᠴᠠ ᠡᠮᠦᠨ᠎ᠡ᠂ ᠠᠭᠤᠷᠬᠠᠢ   ᠶᠢᠨ ᠮᠠᠰᠢᠨ ᠴᠠᠬᠢᠯᠭᠠᠨ ᠤ ᠪᠠᠶᠢᠴᠠᠭᠠᠨ ᠵᠠᠰᠠᠬᠤ ᠺᠣᠮᠫᠠᠨᠢ  

 ᠶᠢᠨ ᠵᠠᠯᠠᠭᠤᠴᠤᠳ ᠤᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠩᠭᠢ   ᠶᠢᠨ ᠬᠢᠨ ︽ᠯᠧᠢ ᠹᠧᠩ ᠨᠥᠬᠦᠷ ᠠᠴᠠ

ᠰᠤᠷᠤᠯᠴᠠᠨ᠎ᠠ︾ ᠭᠡᠵᠦ ᠲᠠᠩᠭᠠᠷᠢᠭᠯᠠᠭᠰᠠᠨ ᠪᠥᠭᠡᠳ ︽ᠯᠧᠢ ᠹᠧᠩ   ᠠᠴᠠ ᠰᠤᠷᠤᠯᠴᠠᠬᠤ︾ ᠠᠵᠢᠯᠯᠠᠭ᠎ᠠ   ᠶᠢᠨ

ᠭᠤᠣᠯ ᠰᠡᠳᠦᠪᠲᠦ ᠪᠢᠴᠢᠭᠡᠰᠦ ᠳᠡᠭᠡᠷ᠎ᠡ ᠭᠠᠷ ᠤᠨ ᠦᠰᠦᠭ ᠵᠢᠷᠤᠭᠰᠠᠨ ᠪᠥᠭᠡᠳ ᠯᠧᠢ ᠹᠧᠩ ᠨᠥᠬᠦᠷ ᠠᠴᠠ

ᠰᠤᠷᠤᠯᠴᠠᠬᠤ ᠰᠠᠨᠠᠭᠠᠴᠢᠯᠠᠭ᠎ᠠ   ᠶᠢᠨ ᠪᠢᠴᠢᠭ   ᠢ ᠤᠩᠰᠢᠵᠤ᠂ ᠯᠧᠢ ᠹᠧᠩ   ᠠᠴᠠ ᠰᠤᠷᠤᠯᠴᠠᠬᠤ ᠰᠢᠷᠢᠰ ᠠᠵᠢᠯᠯᠠᠭ᠎ᠠ

  ᠶᠢᠨ ᠬᠥᠰᠢᠭᠡ   ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃

  ᠠᠵᠢᠯᠯᠠᠭ᠎ᠠ ᠳᠤ ᠶᠠᠭᠤᠨ ᠤ ᠡᠮᠦᠨ᠎ᠡ ᠠᠵᠢᠯ   ᠠᠴᠠ ᠪᠠᠨ ᠠᠮᠠᠷᠠᠭᠰᠠᠨ ᠠᠬᠠᠮᠠᠳ ᠠᠵᠢᠯᠲᠠᠨ ᠰᠢᠶ᠋ᠧ ᠺᠧ ᠰᠢᠤᠸᠠᠢ  

 ᠶᠢ ᠤᠷᠢᠵᠤ ᠬᠤᠣᠯᠢᠨ ᠭᠤᠣᠯ ᠤᠨ ᠠᠭᠤᠷᠬᠠᠢ ᠪᠠᠶᠢᠭᠤᠯᠬᠤ ᠦᠶ᠎ᠡ   ᠶᠢᠨ ᠲᠡᠮᠡᠴᠡᠯ ᠤᠨ ᠦᠯᠢᠭᠡᠷ   ᠢ ᠶᠠᠷᠢᠭᠤᠯᠵᠤ᠂

︽ᠯᠧᠢ ᠹᠧᠩ ᠤᠨ ᠵᠣᠷᠢᠭ ᠰᠠᠨᠠᠭ᠎ᠠ︾ ᠶᠢᠨ ᠠᠵᠤ ᠠᠬᠤᠶᠢᠯᠠᠯ ᠤᠨ ᠬᠥᠭᠵᠢᠯᠲᠡ ᠳᠠᠬᠢ ᠠᠮᠢᠳᠤᠯᠢᠭ ᠦᠢᠯᠡᠳᠦᠯᠭᠡ  

 ᠶᠢ ᠣᠶᠢᠯᠠᠭᠠᠵᠠᠢ᠃ᠡᠭᠦᠨ ᠤ ᠳᠠᠷᠠᠭ᠎ᠠ ᠪᠠᠷ 10 ᠵᠠᠯᠠᠭᠤᠴᠤᠳ ᠤᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠩᠭᠢ

5 ᠠᠵᠢᠯᠯᠠᠭᠠᠨ ᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠠᠳᠠᠯ ᠦᠢᠯᠡᠰ ᠴᠣᠭᠴᠠᠯᠠᠬᠤ ᠨᠡᠶᠢᠭᠡᠮ

ᠲᠣᠭᠤᠷᠢᠭ᠂ ᠣᠷᠴᠢᠨ ᠠᠬᠤᠢ   ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠢᠭᠡᠳᠦᠭᠡᠷ ᠪᠠᠭ᠎ᠠ

ᠰᠤᠷᠭᠠᠭᠤᠯᠢ ᠵᠡᠷᠭᠡ ᠭᠠᠵᠠᠷ ᠲᠤ ᠬᠦᠷᠴᠦ᠂ ᠨᠠᠰᠤᠲᠠᠶᠢᠴᠤᠳ ᠲᠤ ᠲᠤᠰ ᠲᠤᠰ ᠬᠠᠶᠢᠷ᠎ᠠ ᠬᠠᠯᠠᠮᠵᠢ ᠬᠦᠷᠭᠡᠬᠦ ᠦᠳᠡ  

 ᠶᠢᠨ ᠬᠤᠭᠤᠯᠠ ᠬᠢᠵᠦ᠂ ᠪᠠᠭ᠎ᠠ ᠰᠤᠷᠭᠠᠭᠤᠯᠢ   ᠶᠢᠨ ᠰᠤᠷᠤᠭᠴᠢᠳ ᠤᠨ ᠵᠠᠮ ᠭᠡᠲᠦᠯᠬᠦ   ᠶᠢ ᠰᠠᠬᠢᠨ ᠬᠠᠮᠠᠭᠠᠯᠠᠵᠤ᠂

ᠣᠷᠴᠢᠨ ᠠᠬᠤᠢ   ᠶᠢᠨ ᠠᠷᠢᠭᠤᠨ ᠴᠡᠪᠡᠷ ᠤᠨ ᠠᠵᠢᠯᠴᠢᠳ ᠲᠤ ᠬᠠᠯᠠᠭᠤᠨ ᠤᠰᠤᠨ ᠤ ᠴᠣᠮᠣ ᠬᠦᠷᠭᠡᠵᠦ᠂ ᠪᠣᠳᠠᠲᠠᠢ

ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ   ᠶᠢ ᠦᠢᠯᠡᠳᠦᠯᠭᠡᠵᠢᠭᠦᠯᠦᠭᠰᠡᠨ ᠪᠠᠶᠢᠨ᠎ᠠ᠃

   ᠯᠧᠢ ᠹᠧᠩ   ᠠᠴᠠ ᠰᠤᠷᠤᠯᠴᠠᠬᠤ ᠠᠯᠢ ᠣᠯᠠᠨ ᠰᠠᠶᠢᠨ ᠳᠤᠷ᠎ᠠ   ᠶᠢᠨ ᠦᠢᠯᠡᠴᠢᠯᠡᠭᠡᠨ ᠤ ᠠᠵᠢᠯᠯᠠᠭ᠎ᠠ ᠪᠠᠷ

ᠳᠠᠮᠵᠢᠭᠤᠯᠤᠨ᠂ ᠠᠭᠤᠷᠬᠠᠢ   ᠶᠢᠨ ᠮᠠᠰᠢᠨ ᠴᠠᠬᠢᠯᠭᠠᠨ ᠤ ᠪᠠᠶᠢᠴᠠᠭᠠᠨ ᠰᠡᠯᠪᠢᠬᠦ ᠺᠣᠮᠫᠠᠨᠢ   ᠶᠢᠨ ᠥᠷᠭᠡᠨ ᠣᠯᠠᠨ

ᠡᠪᠯᠡᠯ ᠤᠨ ᠭᠡᠰᠢᠭᠦᠨ ᠵᠠᠯᠠᠭᠤᠴᠤᠳ ᠢᠯᠡᠷᠬᠡᠶᠢᠯᠡᠬᠦ ᠳᠡᠭᠡᠨ᠂ ᠬᠤᠶᠢᠰᠢᠳᠠ   ᠶᠢᠨ ᠠᠵᠢᠯ ᠤᠨ ᠳᠤᠮᠳᠠ ᠪᠠᠨ ᠯᠧᠢ

ᠹᠧᠩ ᠤᠨ ᠵᠣᠷᠢᠭ ᠰᠠᠨᠠᠭ᠎ᠠ   ᠶᠢ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠬᠦᠷᠲᠡᠯ᠎ᠡ ᠪᠠᠳᠠᠷᠠᠭᠤᠯᠵᠤ᠂ ︽

ᠬᠠᠷᠠᠮ ᠦᠭᠡᠢ ᠵᠢᠳᠬᠦᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ  

 ᠶᠢᠨ ᠠᠵᠢᠯᠯᠠᠭ᠎ᠠ   ᠶᠢᠨ ᠵᠣᠷᠢᠭ ᠰᠠᠨᠠᠭ᠎ᠠ   ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ᠂ ᠥᠨᠢᠳᠡ ᠵᠢᠪᠡᠷᠡᠬᠦ ᠦᠭᠡᠢ

ᠱᠤᠷᠠᠭ ᠬᠠᠳᠠᠭᠠᠰᠤ ᠪᠣᠯᠬᠤ ᠪᠠᠷ ᠴᠢᠷᠮᠠᠶᠢᠵᠤ᠂ ᠲᠡᠷᠢᠭᠦᠨ ᠤ ᠮᠠᠰᠢᠨ ᠰᠡᠯᠪᠢᠬᠦ ᠪᠦᠲᠦᠭᠡᠨ ᠪᠠᠶᠢᠭᠤᠯᠤᠯᠲᠠ ᠳᠤ ᠳᠠᠬᠢᠨ

ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号