ᠯᠧᠢ ᠹᠧᠩ ᠠᠴᠠ ᠰᠤᠷᠤᠯᠴᠠᠭᠰᠠᠨ 60 ᠳ᠋ᠤᠭᠠᠷ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ᠂ | ᠯᠧᠢ ᠹᠧᠩ ᠤᠨ ᠵᠣᠷᠢᠭ ᠰᠠᠨᠠᠭ᠎ᠠ ᠶᠢ ᠨᠡᠩ ᠰᠠᠶᠢᠨ ᠪᠠᠳᠠᠷᠠᠭᠤᠯᠵᠤ᠂ ᠨᠠᠮ ᠤᠨ ᠲᠤᠰᠠᠯᠠᠭᠴᠢ ᠪᠠ ᠪᠡᠯᠡᠳᠬᠡᠯ ᠴᠡᠷᠢᠭ | ᠪᠣᠯᠬᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 3 ᠰᠠᠷ᠎ᠠ | ᠶᠢᠨ 3 ᠤ ᠡᠳᠦᠷ᠂ ᠠᠭᠤᠷᠬᠠᠢ ᠶᠢᠨ ᠮᠠᠰᠢᠨ ᠴᠠᠬᠢᠯᠭᠠᠨ ᠤ ᠪᠠᠶᠢᠴᠠᠭᠠᠨ ᠵᠠᠰᠠᠬᠤ ᠺᠣᠮᠫᠠᠨᠢ ᠶᠢᠨ ᠡᠪᠯᠡᠯ ᠤᠨ | ᠬᠤᠷᠢᠶ᠎ᠠ ︽ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠵᠠᠯᠠᠭᠤ ᠨᠠᠰᠤᠨ ᠤ ᠬᠥᠳᠡᠯᠭᠡᠭᠴᠢ ᠡᠨᠧᠷᠭᠢ | ᠶᠢ ᠬᠤᠷᠠᠮᠳᠤᠭᠤᠯᠤᠨ ᠭᠠᠪᠢᠶ᠎ᠠ ᠪᠠᠶᠢᠭᠤᠯᠬᠤ ᠴᠠᠭ ᠦᠶ᠎ᠡ ᠶᠢᠨ ᠰᠢᠨ᠎ᠡ ᠠᠶᠠᠨ ᠵᠠᠮ︾ ᠢ ᠵᠣᠬᠢᠶᠠᠨ ᠪᠠᠶᠢᠭᠤᠯᠵᠤ᠂ | ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠷᠢᠰ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ | | | | | ᠠᠵᠢᠯᠯᠠᠭ᠎ᠠ ᠡᠬᠢᠯᠡᠬᠦ ᠠᠴᠠ ᠡᠮᠦᠨ᠎ᠡ᠂ ᠠᠭᠤᠷᠬᠠᠢ ᠶᠢᠨ ᠮᠠᠰᠢᠨ ᠴᠠᠬᠢᠯᠭᠠᠨ ᠤ ᠪᠠᠶᠢᠴᠠᠭᠠᠨ ᠵᠠᠰᠠᠬᠤ ᠺᠣᠮᠫᠠᠨᠢ | ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠢᠨ ︽ᠯᠧᠢ ᠹᠧᠩ ᠨᠥᠬᠦᠷ ᠠᠴᠠ | ᠰᠤᠷᠤᠯᠴᠠᠨ᠎ᠠ︾ ᠭᠡᠵᠦ ᠲᠠᠩᠭᠠᠷᠢᠭᠯᠠᠭᠰᠠᠨ ᠪᠥᠭᠡᠳ ︽ᠯᠧᠢ ᠹᠧᠩ ᠠᠴᠠ ᠰᠤᠷᠤᠯᠴᠠᠬᠤ︾ ᠠᠵᠢᠯᠯᠠᠭ᠎ᠠ ᠶᠢᠨ | ᠭᠤᠣᠯ ᠰᠡᠳᠦᠪᠲᠦ ᠪᠢᠴᠢᠭᠡᠰᠦ ᠳᠡᠭᠡᠷ᠎ᠡ ᠭᠠᠷ ᠤᠨ ᠦᠰᠦᠭ ᠵᠢᠷᠤᠭᠰᠠᠨ ᠪᠥᠭᠡᠳ ᠯᠧᠢ ᠹᠧᠩ ᠨᠥᠬᠦᠷ ᠠᠴᠠ | ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠵᠤ᠂ ᠯᠧᠢ ᠹᠧᠩ ᠠᠴᠠ ᠰᠤᠷᠤᠯᠴᠠᠬᠤ ᠰᠢᠷᠢᠰ ᠠᠵᠢᠯᠯᠠᠭ᠎ᠠ | ᠶᠢᠨ ᠬᠥᠰᠢᠭᠡ ᠶᠢ ᠵᠢᠩᠬᠢᠨᠢ ᠪᠠᠷ ᠨᠡᠭᠡᠭᠡᠭᠰᠡᠨ ᠪᠠᠶᠢᠨ᠎ᠠ᠃ | | | | | ᠠᠵᠢᠯᠯᠠᠭ᠎ᠠ ᠳᠤ ᠶᠠᠭᠤᠨ ᠤ ᠡᠮᠦᠨ᠎ᠡ ᠠᠵᠢᠯ ᠠᠴᠠ ᠪᠠᠨ ᠠᠮᠠᠷᠠᠭᠰᠠᠨ ᠠᠬᠠᠮᠠᠳ ᠠᠵᠢᠯᠲᠠᠨ ᠰᠢᠶ᠋ᠧ ᠺᠧ ᠰᠢᠤᠸᠠᠢ | ᠶᠢ ᠤᠷᠢᠵᠤ ᠬᠤᠣᠯᠢᠨ ᠭᠤᠣᠯ ᠤᠨ ᠠᠭᠤᠷᠬᠠᠢ ᠪᠠᠶᠢᠭᠤᠯᠬᠤ ᠦᠶ᠎ᠡ ᠶᠢᠨ ᠲᠡᠮᠡᠴᠡᠯ ᠤᠨ ᠦᠯᠢᠭᠡᠷ ᠢ ᠶᠠᠷᠢᠭᠤᠯᠵᠤ᠂ | ︽ᠯᠧᠢ ᠹᠧᠩ ᠤᠨ ᠵᠣᠷᠢᠭ ᠰᠠᠨᠠᠭ᠎ᠠ︾ ᠶᠢᠨ ᠠᠵᠤ ᠠᠬᠤᠶᠢᠯᠠᠯ ᠤᠨ ᠬᠥᠭᠵᠢᠯᠲᠡ ᠳᠠᠬᠢ ᠠᠮᠢᠳᠤᠯᠢᠭ ᠦᠢᠯᠡᠳᠦᠯᠭᠡ | ᠶᠢ ᠣᠶᠢᠯᠠᠭᠠᠵᠠᠢ᠃ᠡᠭᠦᠨ ᠤ ᠳᠠᠷᠠᠭ᠎ᠠ ᠪᠠᠷ 10 ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ | 5 ᠠᠵᠢᠯᠯᠠᠭᠠᠨ ᠤ ᠳᠤᠭᠤᠶᠢᠯᠠᠩ ᠪᠠᠶᠢᠭᠤᠯᠵᠤ᠂ ᠤᠷᠢᠳ ᠬᠤᠵᠢᠳ ᠠᠳᠠᠯ ᠦᠢᠯᠡᠰ ᠴᠣᠭᠴᠠᠯᠠᠬᠤ ᠨᠡᠶᠢᠭᠡᠮ | ᠲᠣᠭᠤᠷᠢᠭ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠢᠭᠡᠳᠦᠭᠡᠷ ᠪᠠᠭ᠎ᠠ | ᠰᠤᠷᠭᠠᠭᠤᠯᠢ ᠵᠡᠷᠭᠡ ᠭᠠᠵᠠᠷ ᠲᠤ ᠬᠦᠷᠴᠦ᠂ ᠨᠠᠰᠤᠲᠠᠶᠢᠴᠤᠳ ᠲᠤ ᠲᠤᠰ ᠲᠤᠰ ᠬᠠᠶᠢᠷ᠎ᠠ ᠬᠠᠯᠠᠮᠵᠢ ᠬᠦᠷᠭᠡᠬᠦ ᠦᠳᠡ | ᠶᠢᠨ ᠬᠤᠭᠤᠯᠠ ᠬᠢᠵᠦ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠵᠠᠮ ᠭᠡᠲᠦᠯᠬᠦ ᠶᠢ ᠰᠠᠬᠢᠨ ᠬᠠᠮᠠᠭᠠᠯᠠᠵᠤ᠂ | ᠣᠷᠴᠢᠨ ᠠᠬᠤᠢ ᠶᠢᠨ ᠠᠷᠢᠭᠤᠨ ᠴᠡᠪᠡᠷ ᠤᠨ ᠠᠵᠢᠯᠴᠢᠳ ᠲᠤ ᠬᠠᠯᠠᠭᠤᠨ ᠤᠰᠤᠨ ᠤ ᠴᠣᠮᠣ ᠬᠦᠷᠭᠡᠵᠦ᠂ ᠪᠣᠳᠠᠲᠠᠢ | ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠦᠭᠰᠡᠨ ᠪᠠᠶᠢᠨ᠎ᠠ᠃ | | | | | ᠯᠧᠢ ᠹᠧᠩ ᠠᠴᠠ ᠰᠤᠷᠤᠯᠴᠠᠬᠤ ᠠᠯᠢ ᠣᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ | ᠳᠠᠮᠵᠢᠭᠤᠯᠤᠨ᠂ ᠠᠭᠤᠷᠬᠠᠢ ᠶᠢᠨ ᠮᠠᠰᠢᠨ ᠴᠠᠬᠢᠯᠭᠠᠨ ᠤ ᠪᠠᠶᠢᠴᠠᠭᠠᠨ ᠰᠡᠯᠪᠢᠬᠦ ᠺᠣᠮᠫᠠᠨᠢ ᠶᠢᠨ ᠥᠷᠭᠡᠨ ᠣᠯᠠᠨ | ᠡᠪᠯᠡᠯ ᠤᠨ ᠭᠡᠰᠢᠭᠦᠨ ᠵᠠᠯᠠᠭᠤᠴᠤᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠤᠨ ᠳᠤᠮᠳᠠ ᠪᠠᠨ ᠯᠧᠢ | ᠹᠧᠩ ᠤᠨ ᠵᠣᠷᠢᠭ ᠰᠠᠨᠠᠭ᠎ᠠ ᠶᠢ ᠲᠤᠬᠠᠶᠢᠯᠠᠭᠰᠠᠨ ᠠᠵᠢᠯ ᠤᠨ ᠪᠠᠶᠢᠷᠢᠨ ᠳᠠᠭᠠᠨ ᠬᠦᠷᠲᠡᠯ᠎ᠡ ᠪᠠᠳᠠᠷᠠᠭᠤᠯᠵᠤ᠂ ︽ | ᠬᠠᠷᠠᠮ ᠦᠭᠡᠢ ᠵᠢᠳᠬᠦᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ | ᠶᠢᠨ ᠠᠵᠢᠯᠯᠠᠭ᠎ᠠ ᠶᠢᠨ ᠵᠣᠷᠢᠭ ᠰᠠᠨᠠᠭ᠎ᠠ ᠶᠢ ᠢᠳᠡᠪᠬᠢᠲᠡᠢ ᠪᠠᠷ ᠦᠢᠯᠡᠳᠦᠯᠭᠡᠵᠢᠭᠦᠯᠵᠦ᠂ ᠥᠨᠢᠳᠡ ᠵᠢᠪᠡᠷᠡᠬᠦ ᠦᠭᠡᠢ | ᠱᠤᠷᠠᠭ ᠬᠠᠳᠠᠭᠠᠰᠤ ᠪᠣᠯᠬᠤ ᠪᠠᠷ ᠴᠢᠷᠮᠠᠶᠢᠵᠤ᠂ ᠲᠡᠷᠢᠭᠦᠨ ᠤ ᠮᠠᠰᠢᠨ ᠰᠡᠯᠪᠢᠬᠦ ᠪᠦᠲᠦᠭᠡᠨ ᠪᠠᠶᠢᠭᠤᠯᠤᠯᠲᠠ ᠳᠤ ᠳᠠᠬᠢᠨ | ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃ |