ᠨᠢᠭᠡ᠂ ᠠᠬᠤᠢ ᠪᠠᠶᠢᠳᠠᠯ ᠤᠨ ᠪᠠᠶᠢᠳᠠᠯ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠯ ᠢᠮᠠᠭᠲᠠ ᠮᠠᠨ ᠤ ᠬᠤᠲᠠ ᠶᠢᠨ ︽ | ᠨᠢᠭᠡᠳᠦᠭᠡᠷ ᠢᠨᠵᠧᠨᠧᠷᠢᠩ︾ ᠮᠥᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠳᠤ ᠣᠷᠣᠬᠤ ᠶᠢ | ᠵᠥᠪᠰᠢᠶᠡᠷᠡᠬᠦ ᠪᠠ ᠵᠥᠪᠰᠢᠶᠡᠷᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠪᠣᠯ ︽ᠠᠵᠤ | ᠠᠬᠤᠶᠢᠯᠠᠯ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡ ᠶᠢ ᠪᠣᠶ ᠪᠣᠯᠭᠠᠬᠤ ᠶᠢᠨ | ᠠᠩᠬᠠᠨ ᠤ ᠠᠯᠬᠤᠮ ᠮᠥᠨ᠃ ᠮᠠᠨ ᠤ ᠬᠤᠲᠠ ᠶᠢᠨ ᠬᠤᠶᠠᠳᠤᠭᠠᠷ ᠠᠵᠤ ᠦᠢᠯᠡᠰ ᠬᠠᠷᠢᠴᠠᠯᠠᠰᠢ ᠦᠭᠡᠢ ᠬᠥᠭᠵᠢᠭᠰᠡᠨ᠂ | ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠣᠷᠣᠨ ᠵᠠᠢ ᠬᠠᠷᠢᠴᠠᠩᠭᠤᠢ ᠪᠠᠷ ᠨᠡᠯᠢᠶᠡᠳ ᠪᠠᠭ᠎ᠠ᠂ | ᠬᠥᠭᠵᠢᠯᠲᠡ ᠶᠢᠨ ᠬᠥᠳᠡᠯᠭᠡᠬᠦ ᠬᠦᠴᠦᠨ ᠨᠡᠯᠢᠶᠡᠳ ᠪᠠᠭᠤᠷᠠᠢ ᠪᠠᠶᠢᠭ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠴᠢᠳᠠᠪᠬᠢ ᠪᠠᠨ ᠨᠡᠶᠢᠳᠬᠡᠬᠦ᠂ ᠰᠠᠯᠠᠭ᠎ᠠ ᠮᠥᠴᠢᠷ ᠤᠨ ᠬᠤᠭᠤᠷᠣᠨᠳᠣᠬᠢ | ᠡᠵᠡᠩᠨᠡᠯᠲᠡ ᠶᠢᠨ ᠵᠥᠪᠰᠢᠶᠡᠷᠡᠯ ᠢ ᠬᠠᠷᠢᠯᠴᠠᠨ ᠮᠡᠳᠡᠷᠡᠬᠦ ᠶᠢ ᠠᠬᠢᠭᠤᠯᠬᠤ᠂ ᠬᠢᠨᠠᠯᠲᠠ ᠬᠠᠮᠢᠶᠠᠷᠤᠯᠲᠠ ᠶᠢᠨ ᠠᠷᠭ᠎ᠠ | ᠬᠡᠯᠪᠡᠷᠢ ᠶᠢ ᠰᠢᠯᠢᠳᠡᠭᠵᠢᠭᠦᠯᠦᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠠᠷᠠᠯᠲᠠ ᠶᠢ ᠪᠡᠶᠡᠯᠡᠭᠦᠯᠪᠡ᠃ | | ᠬᠤᠶᠠᠷ᠂ ᠠᠵᠢᠯ ᠤᠨ ᠠᠷᠭ᠎ᠠ ᠬᠡᠮᠵᠢᠶ᠎ᠡ | ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ︽︿ᠨᠢᠭᠡ ᠠᠵᠢᠯ ᠲᠥᠷᠥᠯ ᠨᠢᠭᠡ ᠦᠨᠡᠮᠯᠡᠯ﹀ | ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠥᠯ︾᠂ ︽︿ᠨᠢᠭᠡ | ᠠᠵᠢᠯ ᠲᠥᠷᠥᠯ ᠨᠢᠭᠡ ᠦᠨᠡᠮᠯᠡᠯ﹀ ᠤᠨ ᠥᠭᠡᠷᠡᠴᠢᠯᠡᠯᠲᠡ ᠶᠢᠨ ᠠᠵᠢᠯ ᠲᠥᠷᠥᠯ ᠤᠨ ᠶᠡᠷᠦᠩᠬᠡᠶᠢᠯᠡᠭᠰᠡᠨ | ᠵᠥᠪᠰᠢᠶᠡᠷᠡᠯ ᠤᠨ ᠳᠦᠷᠢᠮ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠨᠢᠭᠡ ᠠᠵᠢᠯ ᠲᠥᠷᠥᠯ ᠨᠢᠭᠡ ᠦᠨᠡᠮᠯᠡᠯ | ︾ ᠤᠨ ᠬᠢᠨᠠᠨ ᠵᠥᠪᠰᠢᠶᠡᠷᠡᠬᠦ ᠵᠠᠭᠪᠤᠷ ᠳᠣᠣᠷᠠᠬᠢ ᠡᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠲᠤᠬᠠᠶᠢᠯᠠᠭᠰᠠᠨ | ᠠᠵᠢᠯ ᠤᠨ ᠡᠷᠭᠢᠯᠲᠡ ᠶᠢᠨ ᠲᠠᠰ ᠳᠠᠷᠠᠭᠠᠯᠠᠯ ᠵᠡᠷᠭᠡ ᠶᠢ ᠲᠣᠳᠣᠷᠬᠠᠶᠢᠯᠠᠨ᠎ᠠ᠃ | ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠢ ᠬᠦᠴᠦᠨ ᠦᠭᠡᠢ ᠪᠣᠯᠭᠠᠬᠤ ᠦᠭᠡᠢ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠭᠤᠣᠯ | ᠴᠣᠭᠴᠠ᠂ ᠬᠠᠤᠯᠢ ᠴᠠᠭᠠᠵᠠ ᠶᠢᠨ ᠬᠦᠴᠦᠨ ᠪᠠ ᠬᠠᠤᠯᠢ ᠴᠠᠭᠠᠵᠠ ᠶᠢᠨ ᠬᠠᠷᠢᠴᠠᠭ᠎ᠠ ᠶᠢ ᠬᠤᠪᠢᠷᠠᠭᠤᠯᠬᠤ ᠦᠭᠡᠢ | ᠤᠷᠢᠲᠠᠯ ᠳᠣᠣᠷ᠎ᠠ᠂ ᠣᠲᠣ ᠶᠢᠨ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠳᠤ ᠹᠢᠽᠢᠺ ᠤᠨ ᠬᠤᠷᠠᠮᠠᠯ ᠢ | ᠬᠡᠷᠡᠭᠵᠢᠭᠦᠯᠵᠦ᠂ ︽ᠨᠢᠭᠡ ᠬᠠᠭᠤᠳᠠᠰᠤ ᠪᠠᠷ ᠮᠡᠳᠡᠭᠳᠡᠬᠦ᠂ ᠨᠢᠭᠡ ᠢᠵᠢ ᠮᠠᠲ᠋ᠧᠷᠢᠶᠠᠯ᠂ ᠨᠢᠭᠡ ᠴᠣᠩᠬᠤ ᠪᠠᠷ ᠭᠥᠯᠢᠶᠡᠨ | ᠠᠪᠴᠤ ᠰᠢᠢᠳᠪᠦᠷᠢᠯᠡᠬᠦ᠂ ᠨᠢᠭᠡ ᠯᠡ ᠴᠣᠩᠬᠤ ᠪᠠᠷ ᠬᠢᠨᠠᠨ ᠵᠥᠪᠰᠢᠶᠡᠷᠡᠬᠦ᠂ ᠨᠢᠭᠡ ᠦᠨᠡᠮᠯᠡᠯ ᠢᠶᠠᠷ ᠡᠵᠡᠩᠨᠡᠬᠦ ᠶᠢ | ᠵᠥᠪᠰᠢᠶᠡᠷᠡᠬᠦ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠬᠤᠷᠠᠮᠠᠯ ᠦᠢᠯᠡᠴᠢᠯᠡᠭᠡᠨ ᠤ ᠵᠠᠭᠪᠤᠷ ᠢ ᠪᠥᠬᠦ | ᠲᠠᠯ᠎ᠠ ᠪᠠᠷ ᠬᠡᠷᠡᠭᠵᠢᠭᠦᠯᠦᠨ᠎ᠡ᠃ | ᠪᠥᠬᠦ ᠲᠠᠯ᠎ᠠ ᠪᠠᠷ ᠲᠣᠬᠢᠷᠠᠭᠤᠯᠤᠨ ᠪᠠᠶᠢᠷᠢᠯᠠᠭᠤᠯᠪᠠ᠃ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠪᠠᠷ ᠤᠳᠤᠷᠢᠳᠤᠮᠵᠢ ᠪᠣᠯᠭᠠᠵᠤ᠂ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ | ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠢ ᠲᠦᠷᠦᠭᠦᠯᠡᠨ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠲᠤᠰᠬᠠᠢ ᠰᠡᠳᠦᠪᠲᠦ ᠰᠤᠳᠤᠯᠭᠠᠨ ᠪᠠ ᠨᠤᠲᠠᠯᠠᠯᠲᠠ ᠬᠢᠨ᠎ᠡ︔ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠬᠤᠷᠠᠯᠳᠤᠭᠤᠯᠵᠤ᠂ ᠴᠣᠩᠬᠤᠪᠴᠢ ᠶᠢᠨ ᠠᠵᠢᠯᠲᠠᠨ ᠤ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠲᠣᠭᠲᠠᠭᠠᠨ᠎ᠠ᠃ ︽ᠪᠢ ᠵᠢᠵᠢᠭ ᠬᠤᠭᠤᠯᠠᠨ ᠭᠡᠷ ᠨᠡᠭᠡᠭᠡᠨ᠎ᠡ᠂ ᠪᠢ | ᠳᠥᠭᠦᠮ ᠳᠡᠯᠭᠡᠭᠦᠷ ᠨᠡᠭᠡᠭᠡᠨ᠎ᠡ᠂ ᠪᠢ ᠵᠢᠮᠢᠰ ᠤᠨ ᠳᠡᠯᠭᠡᠭᠦᠷ ᠨᠡᠭᠡᠭᠡᠨ᠎ᠡ᠂ ᠪᠢ ᠦᠰᠦ ᠵᠠᠰᠠᠬᠤ ᠭᠠᠵᠠᠷ ᠨᠡᠭᠡᠭᠡᠨ᠎ᠡ︾ | ᠵᠡᠷᠭᠡ ᠡᠷᠬᠢᠯᠡᠬᠦ ᠵᠦᠢᠯ ᠤᠨ ᠳᠠᠪᠲᠠᠮᠵᠢ ᠨᠢ ᠥᠨᠳᠥᠷ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ | ᠬᠠᠷᠢᠴᠠᠩᠭᠤᠢ ᠪᠠᠷ ᠲᠥᠪᠯᠡᠷᠡᠭᠰᠡᠨ 16 ᠵᠦᠢᠯᠡᠰ ᠢ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠬᠥᠳᠡᠯᠦᠩᠭᠦᠢ ᠪᠠᠷ | ᠲᠣᠬᠢᠷᠠᠭᠤᠯᠤᠯᠲᠠ ᠬᠢᠨ᠎ᠡ᠃ | |