ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ | ᠭᠡᠰᠢᠭᠦᠨ ᠳᠤ᠄ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ | ᠴᠢᠩᠭᠠᠷᠠᠭᠤᠯᠤᠨ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠬᠤᠥᠯᠢᠨ ᠭᠤᠣᠯ | ᠬᠤᠲᠠ ᠶᠢᠨ ᠬᠥᠮᠥᠨ ᠨᠢᠭᠡᠪᠦᠷᠢ ᠶᠢᠨ ᠬᠠᠮᠲᠤ ᠶᠢᠨ ᠬᠦᠰᠡᠯ ᠡᠷᠡᠮᠡᠯᠵᠡᠯ ᠮᠥᠨ᠂ ᠨᠠᠩ ᠴᠤ ᠪᠥᠬᠦ ᠬᠤᠲᠠ ᠶᠢᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠵᠠᠶᠢᠯᠠᠭᠤᠯᠵᠤ ᠪᠣᠯᠣᠰᠢ | ᠦᠭᠡᠢ ᠬᠠᠷᠢᠭᠤᠴᠠᠯᠭ᠎ᠠ ᠮᠥᠨ᠃ᠣᠳᠣᠬᠠᠨ ᠳᠤ᠂ ᠮᠠᠨ ᠤ ᠬᠤᠲᠠ ᠶᠠᠭ ᠬᠤᠳᠠᠯᠳᠤᠭᠠᠴᠢᠨ ᠤᠷᠢᠵᠤ | ᠬᠤᠳᠠᠯᠳᠤᠭᠠᠴᠢᠨ ᠲᠠᠲᠠᠬᠤ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠵᠦ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠨᠠᠷᠢᠯᠢᠭ | ᠣᠨᠣᠴᠠᠲᠠᠢ᠂ ᠪᠣᠳᠠᠲᠠᠢ ᠶᠢ ᠡᠷᠬᠢᠮᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ | ᠪᠣᠯ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠮ᠎ᠠ ᠱᠠᠭᠠᠷᠳᠠᠯᠭ᠎ᠠ ᠪᠣᠯᠣᠨ᠎ᠠ᠃ᠬᠤᠳᠠ ᠶᠢᠨ | ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠠ ᠬᠤᠷᠠᠯ ᠵᠢᠴᠢ ᠪᠦᠬᠦ ᠬᠤᠳᠠ ᠶᠢᠨ | ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠬᠤᠳᠠᠯᠳᠤᠭ᠎ᠠ | ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ | ᠪᠦᠬᠦ ᠬᠤᠳᠠ ᠳᠤ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠤᠰᠢᠭᠤᠴᠢ ᠠᠵᠢᠯᠯᠠᠭ᠎ᠠ︾ | ᠥᠷᠨᠢᠭᠦᠯᠬᠦ ᠪᠠᠷ ᠲᠣᠭᠲᠠᠪᠠ᠃ᠡᠳᠦᠭᠡ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ | ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄ | ᠨᠢᠭᠡ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠶᠡᠭᠡ ᠲᠠᠯ᠎ᠠ ᠳᠤ ᠦᠢᠯᠡᠴᠢᠯᠡᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠷᠡᠰ ᠪᠠᠲᠤ ᠬᠠᠮᠠᠭᠠᠯᠠᠭᠴᠢ ᠪᠣᠯᠬᠤ ᠪᠠᠷ ᠴᠢᠷᠮᠠᠶᠢᠨ᠎ᠠ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠬᠥᠭᠵᠢᠯᠲᠡ ᠶᠢᠨ ᠪᠦᠬᠦ | ᠲᠠᠯ᠎ᠠ ᠶᠢᠨ ᠬᠠᠷᠠᠭᠠᠰᠤ ᠠᠴᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ | ᠴᠢᠨᠠᠷ ᠪᠣᠯᠣᠨ ᠲᠤᠯᠭᠠᠮ᠎ᠠ ᠴᠢᠨᠠᠷ ᠢ ᠲᠠᠨᠢᠨ ᠡᠵᠡᠮᠰᠢᠵᠦ᠂ ︽ᠬᠥᠮᠥᠨ ᠪᠦᠬᠦᠨ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ᠂ ᠬᠥᠮᠥᠨ ᠪᠦᠬᠦᠨ ᠬᠤᠳᠠ ᠶᠢᠨ ᠳᠦᠷᠢ ᠲᠥᠷᠬᠦ︾ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠬᠠᠮᠠᠭᠠᠯᠠᠬᠤ ᠶᠢ ᠦᠨᠡᠨᠴᠢ ᠰᠢᠳᠤᠷᠭᠤ ᠪᠠᠷ ︽ᠬᠤᠶᠠᠷ ᠢ ᠲᠣᠭᠲᠠᠭᠠᠬᠤ︾ | ︾ ᠶᠢ ᠬᠦᠷᠢᠶᠡᠯᠡᠬᠦ ᠶᠢ ᠰᠢᠯᠭᠠᠵᠤ᠂ ︽ᠬᠤᠶᠠᠷ ᠢ ᠬᠠᠮᠠᠭᠠᠯᠠᠬᠤ︾︾ ᠶᠢ ᠡᠷᠡᠰ ᠪᠡᠶᠡᠯᠡᠭᠦᠯᠬᠦ ︽ᠰᠢᠯᠭᠠᠭᠤᠷ︾ᠪᠣᠯᠭᠠᠬᠤ | ᠬᠡᠷᠡᠭᠲᠡᠢ᠃ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠬᠢ ᠪᠠᠷ ᠪᠠᠷᠢᠮᠵᠢᠶᠠᠯᠠᠬᠤ᠂ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠬᠦ ᠦᠵᠡᠭᠳᠡᠯ ᠪᠠ | ᠦᠢᠯᠡ ᠠᠵᠢᠯᠯᠠᠭ᠎ᠠ ᠳᠤ ᠡᠷᠡᠰ ᠬᠠᠨᠳᠤᠬᠤ ᠳᠤ︽ᠪᠣᠯᠬᠤ ᠦᠭᠡᠢ︾ᠭᠡᠵᠦ ᠬᠡᠯᠡᠬᠦ ᠬᠡᠷᠡᠭᠲᠡᠢ᠃ᠲᠣᠰ ᠪᠡᠶ᠎ᠡ ᠶᠢᠨ ᠠᠵᠢᠯ ᠤᠨ | ᠪᠠᠶᠢᠷᠢ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠳᠤ ᠠᠰᠢᠭᠲᠠᠢ ᠶᠠᠪᠤᠳᠠᠯ ᠢ ᠢᠯᠡᠭᠦᠬᠡᠨ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ︽ᠮᠡᠷᠭᠡᠨ ᠠᠷᠭ᠎ᠠ︾ ᠶᠢ ᠢᠯᠡᠭᠦᠬᠡᠨ ᠳᠤᠷᠠᠳᠴᠤ᠂ ᠠᠵᠢᠯ ᠤᠨ ᠪᠠᠶᠢᠷᠢ ᠳᠡᠭᠡᠷ᠎ᠡ ᠪᠠᠨ ᠪᠣᠯᠪᠠᠰᠤᠨ | ᠶᠠᠪᠤᠳᠠᠯ ᠬᠢᠵᠦ᠂ ᠠᠮᠢᠳᠤᠷᠠᠯ ᠤᠨ ᠳᠤᠮᠳᠠ ᠪᠣᠯᠪᠠᠰᠤᠨ ᠬᠥᠮᠥᠨ ᠪᠣᠯᠵᠤ᠂ ᠢᠳᠡᠪᠬᠢ ᠬᠦᠴᠦᠨ ᠢ ᠳᠠᠮᠵᠢᠭᠤᠯᠵᠤ᠂ | ᠪᠣᠯᠪᠠᠰᠤᠨ ᠬᠤᠲᠠ ᠶᠢ ᠰᠠᠬᠢᠨ ᠬᠠᠮᠠᠭᠠᠯᠠᠬᠤ ᠬᠡᠷᠡᠭᠲᠡᠢ᠃ | ᠬᠤᠶᠠᠷ᠂ ᠡᠭᠦᠷᠭᠡ ᠴᠢᠳᠠᠪᠬᠢ ᠶᠢᠨ ᠤᠨᠢᠨ ᠳᠡᠭᠡᠷ᠎ᠡ ᠨᠢ ᠬᠦᠴᠦᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠵᠡᠩᠨᠡᠯᠲᠡ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠢᠳᠡᠪᠬᠢᠲᠡᠢ ᠠᠬᠢᠭᠤᠯᠤᠭᠴᠢ ᠪᠣᠯᠬᠤ ᠪᠠᠷ | ᠴᠢᠷᠮᠠᠶᠢᠨ᠎ᠠ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ︽ᠪᠦᠬᠦ | ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ︽ᠦᠴᠦᠬᠡᠨ ᠪᠢ︾ ᠶᠢ ᠪᠦᠬᠦ | ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ︽ᠠᠤᠭ᠎ᠠ ᠪᠢ︾ ᠳᠤ ᠠᠭᠤᠰᠬᠠᠵᠤ᠂ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠰᠢᠯᠢᠳᠡᠭᠵᠢᠭᠦᠯᠬᠦ ︽ᠭᠤᠣᠯ ᠬᠦᠴᠦᠨ︾ ᠪᠣᠯᠬᠤ ᠪᠠᠷ ᠴᠢᠷᠮᠠᠶᠢᠬᠤ ᠬᠡᠷᠡᠭᠲᠡᠢ᠃ᠠᠵᠤ | ᠠᠬᠤᠶᠢᠯᠠᠯ ᠤᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠶᠢ ᠪᠠᠷᠢᠮᠲᠠᠯᠠᠵᠤ᠂ ᠦᠢᠯᠡᠴᠢᠯᠡᠭᠡᠨ ᠤ | ᠤᠬᠠᠮᠰᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠵᠣᠪᠠᠯᠠᠩ ᠢ ᠰᠢᠢᠳᠪᠦᠷᠢᠯᠡᠵᠦ᠂ ᠠᠵᠤ | ᠠᠬᠤᠶᠢᠯᠠᠯ ᠳᠤ ᠨᠡᠩ ᠲᠣᠭᠲᠠᠭᠤᠨ᠂ ᠵᠢᠱᠢᠵᠦ ᠪᠣᠯᠬᠤᠶᠢᠴᠠ ᠥᠰᠦᠯᠲᠡ ᠶᠢᠨ ᠨᠥᠬᠦᠴᠡᠯ ᠪᠦᠷᠢᠯᠳᠦᠭᠦᠯᠦᠨ ᠥᠭᠴᠦ᠂ | ︽ᠳᠡᠯᠭᠡᠭᠦᠷ ᠤᠨ ᠵᠠᠷᠤᠴᠠ︾ ᠪᠣᠯᠵᠤ᠂ ︽ᠵᠠᠮᠴᠢᠯᠠᠭᠴᠢ︾ ᠶᠢ ᠰᠠᠶᠢᠲᠤᠷ ᠬᠢᠵᠦ᠂ ︽ᠥᠨᠳᠥᠷ ᠪᠦᠲᠦᠮᠵᠢᠲᠡᠶ | ᠠᠵᠢᠯᠯᠠᠬᠤ᠂ ᠬᠦᠴᠦᠲᠡᠢ ᠬᠡᠷᠡᠭᠵᠢᠭᠦᠯᠬᠦ᠂ ᠪᠣᠳᠠᠲᠠᠢ ᠦᠢᠯᠡᠴᠢᠯᠡᠬᠦ︾ ᠪᠠᠷ ᠬᠠᠮᠤᠭ ᠤᠨ ᠬᠦᠴᠦᠷᠬᠡᠭ ︽ᠵᠥᠭᠡᠯᠡᠨ | ᠪᠣᠳᠠᠲᠤ ᠬᠦᠴᠦᠨ︾ ᠢ ᠪᠣᠶ ᠪᠣᠯᠭᠠᠵᠤ᠂ ᠦᠭᠡ ᠶᠠᠷᠢᠶ᠎ᠠ ᠦᠶᠯᠡ ᠠᠵᠢᠯᠯᠠᠭ᠎ᠠ ᠨᠢᠭᠡᠪᠦᠷᠢ ᠬᠥᠳᠡᠯᠦᠯ ᠪᠠᠷᠢᠯ ᠢᠶᠠᠷ | ᠬᠠᠮᠲᠤ ᠪᠠᠷ ᠪᠠᠶᠢᠭᠤᠯᠬᠤ᠂ ᠬᠠᠮᠲᠤ ᠪᠠᠷ ᠪᠣᠶᠢᠵᠢᠭᠤᠯᠬᠤ᠂ ᠬᠠᠮᠲᠤ ᠪᠠᠷ ᠠᠰᠢᠭ ᠭᠥᠷᠳᠡᠬᠦ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ︽ᠬᠦᠰᠡᠭᠰᠡᠨ ᠪᠦᠬᠦᠨ ᠢ | ᠬᠠᠷᠢᠭᠤᠯᠵᠤ᠂ ᠬᠡᠷᠡᠭ ᠦᠭᠡᠢ ᠪᠦᠬᠦᠨ ᠢ ᠬᠠᠷᠰᠢᠯᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠵᠦ᠂ ᠠᠵᠤ | ᠠᠬᠤᠶᠢᠯᠠᠯ ᠤᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ | ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠭᠤᠷᠪᠠ᠂ ᠬᠠᠷᠢᠭᠤᠴᠠᠯᠭ᠎ᠠ ᠪᠠᠨ ᠡᠭᠦᠷᠭᠡᠯᠡᠵᠦ ᠰᠠᠨᠠᠭᠠᠴᠢᠯᠠᠭ᠎ᠠ ᠠᠴᠠ ᠪᠠᠨ ᠠᠵᠢᠯᠯᠠᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠦᠨᠡᠨᠴᠢ ᠰᠢᠳᠤᠷᠭᠤ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠵᠤ᠂ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠪᠠ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠦᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠮᠠᠨ ᠤ ᠬᠤᠲᠠ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠳᠦᠷᠢᠮ ᠲᠣᠭᠲᠠᠭᠠᠯ ᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠳᠤᠮᠳᠠ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ | ᠴᠢᠳᠠᠮᠵᠢ ᠶᠢ ᠲᠤᠪᠤᠶᠢᠯᠭᠠᠵᠤ᠂ ᠠᠵᠢᠯ ᠤᠨ ᠪᠠᠶᠢᠷᠢ ᠶᠢᠨ ᠥᠷᠢᠰᠦᠯᠳᠦᠭᠡᠨ᠂ ᠬᠢᠨᠠᠨ ᠰᠢᠯᠭᠠᠵᠤ ᠠᠳᠠᠯᠢᠳᠬᠠᠨ | ᠰᠢᠯᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠦᠢᠯᠡᠳᠦᠯᠭᠡᠵᠢᠭᠦᠯᠦᠭᠴᠢ ᠪᠣᠯᠭᠠᠵᠤ᠂ ᠤᠯᠠᠨ ᠲᠦᠮᠡᠨ ᠢ ᠠᠵᠢᠯ ᠶᠠᠪᠤᠳᠠᠯ ᠬᠢᠬᠦ ᠳᠡᠭᠡᠨ ᠳᠤᠲᠠᠭᠤ ᠭᠦᠶᠦᠯᠭᠡᠵᠦ᠂ ᠠᠵᠤ | ᠠᠬᠤᠶᠢᠯᠠᠯ ᠠᠵᠢᠯ ᠶᠠᠪᠤᠳᠠᠯ ᠬᠢᠬᠦ ᠳᠡᠭᠡᠨ ᠬᠥᠮᠥᠨ ᠢ ᠱᠠᠭᠠᠷᠳᠠᠬᠤ ᠦᠭᠡᠢ ᠪᠣᠯᠭᠠᠵᠤ᠂ ᠠᠵᠢᠯ ᠢ | ᠨᠠᠶᠢᠳᠠᠪᠤᠷᠢᠵᠢᠭᠤᠯᠬᠤ ᠳᠤ ᠲᠣᠬᠢᠷᠠᠭᠤᠯᠬᠤ ᠴᠢᠬᠤᠯᠠ ᠦᠭᠡᠢ᠂ ᠤᠯᠠᠨ ᠲᠦᠮᠡᠨ ᠢ ᠰᠢᠢᠳᠪᠦᠷᠢᠯᠡᠬᠦ᠂ ᠠᠵᠤ | ᠠᠬᠤᠶᠢᠯᠠᠯ ᠤᠨ ᠠᠰᠠᠭᠤᠳᠠᠯ ᠢ ᠰᠢᠪᠠᠳᠠᠨ ᠰᠢᠢᠳᠪᠦᠷᠢᠯᠡᠭᠦᠯᠬᠦ ᠴᠢᠬᠤᠯᠠ ᠦᠭᠡᠢ ᠪᠣᠯᠭᠠᠬᠤ ᠬᠡᠷᠡᠭᠲᠡᠢ᠃ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂︽ᠡᠵᠡᠨ | ᠬᠥᠮᠥᠨ︾︾ ᠤ ᠬᠠᠷᠢᠭᠤᠴᠠᠯᠭᠠᠲᠤ ᠰᠡᠳᠬᠢᠯᠭᠡ ᠪᠠᠷ ᠥᠪᠡᠷ ᠢ ᠪᠠᠨ ᠠᠭᠤᠰᠤᠯᠴᠠᠭᠤᠯᠵᠤ᠂ ᠠᠵᠢᠯ ᠢᠶᠠᠨ | ᠠᠭᠤᠰᠤᠯᠴᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠠᠭᠤᠰᠤᠯᠴᠠᠭᠤᠯᠵᠤ᠂ ᠲᠤᠬᠠᠶᠢᠯᠠᠭᠰᠠᠨ ᠠᠵᠢᠯ ᠳᠠᠭᠠᠨ | ᠰᠠᠭᠤᠷᠢᠯᠠᠵᠤ᠂ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠭᠠᠪᠢᠶ᠎ᠠ | ᠵᠢᠳᠬᠦᠯ ᠨᠢ ᠨᠠᠳᠠ ᠳᠤ ᠪᠠᠶᠢᠬᠤ ᠪᠢᠰᠢ᠂ ᠭᠠᠪᠢᠶ᠎ᠠ ᠵᠢᠳᠬᠦᠯ ᠨᠢ ᠡᠴᠦᠰ ᠲᠤ ᠮᠢᠨᠦᠬᠢ ᠪᠠᠶᠢᠬᠤ︾ᠡᠷᠴᠢ ᠵᠣᠷᠢᠭ | ᠪᠣᠯᠣᠨ ᠬᠠᠯᠠᠭᠤᠨ ᠰᠡᠳᠬᠢᠯᠭᠡ ᠪᠠᠷ ᠤᠯᠠᠨ ᠲᠦᠮᠡᠨ ᠬᠠᠨᠤᠮᠵᠢᠲᠠᠢ ᠪᠠᠶᠢᠬᠤ᠂ ᠠᠵᠤ ᠠᠬᠤᠶᠢᠯᠠᠯ ᠬᠠᠨᠤᠮᠵᠢᠲᠠᠢ ᠪᠠᠶᠢᠬᠤ | ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | ︽ᠤᠶᠠᠩᠭᠠᠲᠤ ᠮᠣᠳᠣ ᠶᠢ ᠰᠠᠶᠢᠲᠤᠷ ᠵᠠᠶᠢᠯᠠᠪᠠᠰᠤ ᠭᠠᠷᠤᠳᠢ ᠭᠠᠯᠪᠢᠩᠭ᠎ᠠ ᠠᠶᠠᠨᠳᠠᠭᠠᠨ ᠢᠷᠡᠮᠤᠢ︾᠃ᠪᠦᠬᠦ | ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠳᠠᠭᠠᠵᠤ᠂ | ᠣᠳᠣ ᠠᠴᠠ ᠡᠬᠢᠯᠡᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠡᠵᠡᠩᠨᠡᠯᠲᠡ ᠶᠢᠨ ᠣᠷᠴᠢᠨ ᠲᠣᠭᠤᠷᠢᠨ ᠤ | ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠶᠠᠪᠤᠴᠠ ᠳᠤ ᠢᠳᠡᠪᠬᠢᠲᠡᠢ ᠣᠷᠣᠯᠴᠠᠵᠤ᠂ ︽ᠭᠠᠪᠰᠢᠭᠠᠶᠢᠯᠠᠬᠤ︾ | ᠵᠣᠷᠢᠭ ᠰᠠᠨᠠᠭ᠎ᠠ᠂ ︽ᠰᠢᠨ᠎ᠡ ᠶᠢ ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ ᠡᠭᠦᠷᠢᠳᠡ | ᠪᠠᠲᠤᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠠᠵᠢᠯᠯᠠᠭ᠎ᠠ ᠪᠠᠨ | ᠵᠢᠷᠤᠮᠵᠢᠭᠤᠯᠵᠤ᠂ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠯᠠᠪᠳᠠᠭᠤᠨ ᠪᠠᠲᠤᠲᠠᠢ᠂ | ᠬᠦᠴᠦᠯᠡᠨ ᠴᠢᠷᠮᠠᠶᠢᠵᠤ ᠠᠵᠢᠯ ᠦᠢᠯᠡᠰ ᠪᠦᠲᠦᠭᠡᠬᠦ ᠬᠠᠷᠢᠭᠤᠴᠠᠯᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠴᠢᠨᠠᠷ | ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠳᠤ᠂ ᠰᠢᠨ᠎ᠡ ᠴᠠᠭ ᠦᠶ᠎ᠡ ᠶᠢᠨ ᠴᠢᠨᠠᠷ | ᠰᠠᠶᠢᠲᠠᠢ ᠬᠥᠭᠵᠢᠯᠲᠡ ᠶᠢᠨ︽ᠬᠤᠤᠯᠢᠩᠭᠤᠤᠯ ᠤᠨ ᠦᠢᠯᠡᠳᠦᠯᠭᠡ︾ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠨᠠᠯ | ᠵᠥᠪᠯᠡᠯᠭᠡ ᠳᠤᠷᠠᠳᠴᠤ᠂ ᠤᠶᠤᠨ ᠤᠬᠠᠭᠠᠨ ᠢᠶᠠᠨ ᠡᠷᠭᠦᠵᠦ᠂ ᠴᠤᠭ ᠵᠢᠪᠬᠤᠭ᠎ᠠ ᠪᠠᠨ ᠭᠠᠶᠢᠬᠠᠭᠤᠯᠤᠶᠠ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠤᠯᠢᠩᠭᠤᠤᠯ ᠬᠤᠲᠠ ᠶᠢᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ | 2023 ᠣᠨ ᠤ 4 ᠰᠠᠷ᠎ᠠ ᠶᠢᠨ 4 | |