ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠤᠤᠯᠢᠩᠭᠤᠤᠯᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢ ᠡᠭᠦᠳᠦᠨ ᠪᠠᠶᠢᠭᠤᠯᠬᠤ | ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | ᠬᠤᠤᠯᠢᠨ ᠵᠠᠰᠠᠭ ᠦᠰᠦᠭ 〔2023〕 88 ᠳ᠋ᠤᠭᠠᠷ ᠲᠣᠭᠠᠲᠤ | ᠰᠤᠮᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ | ᠵᠠᠰᠠᠭ ᠤᠨ ᠣᠷᠳᠣᠨ ᠤ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ︽ᠬᠤᠤᠯᠢᠩᠭᠤᠤᠯ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | | ᠳᠠᠭᠠᠯᠳᠤᠭᠤᠯᠤᠯ᠄ 1. ᠬᠤᠤᠯᠢᠩᠭᠤᠤᠯ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ | ᠲᠥᠰᠥᠯ | 2. ᠬᠤᠤᠯᠢᠩᠭᠤᠤᠯ ᠬᠤᠲᠠ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠤᠳᠤᠷᠢᠳᠬᠤ ᠳᠤᠭᠤᠶᠢᠯᠠᠩ ᠢ ᠡᠭᠦᠳᠦᠨ ᠪᠠᠶᠢᠭᠤᠯᠪᠠ | 3. ᠬᠤᠤᠯᠢᠩᠭᠤᠤᠯ ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ | 4. ᠬᠤᠤᠯᠢᠩᠭᠤᠤᠯ ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠢ ᠵᠣᠬᠢᠴᠠᠭᠤᠯᠤᠨ ᠠᠬᠢᠭᠤᠯᠬᠤ ᠳᠦᠷᠢᠮ | 5. ᠬᠤᠤᠯᠢᠩᠭᠤᠤᠯ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ | 2023 ᠣᠨ ᠤ 5 ᠰᠠᠷ᠎ᠠ ᠶᠢᠨ 16 | | ᠳᠠᠭᠠᠯᠳᠤᠭᠤᠯᠤᠯ 1 | ᠬᠤᠤᠯᠢᠩᠭᠤᠤᠯ ᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢ ᠡᠭᠦᠳᠦᠨ | ᠪᠠᠶᠢᠭᠤᠯᠪᠠ | ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠬᠡᠷᠡᠭᠵᠢᠭᠦᠯᠬᠦ ᠲᠥᠰᠥᠯ | ᠮᠠᠨ ᠤ ᠬᠤᠲᠠ ᠶᠢᠨ ᠬᠢᠲᠠᠳ ᠡᠮ ᠡᠮᠨᠡᠯᠭᠡ ᠶᠢᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠶᠢᠨ ᠲᠥᠯᠥᠭᠡ᠂ ᠬᠢᠲᠠᠳ ᠡᠮ ᠡᠮᠨᠡᠯᠭᠡ ᠶᠢᠨ ᠣᠨᠴᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠭᠡᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠮᠡᠳᠡᠭᠳᠡᠯ︾ ︵ᠥᠪᠥᠷ ᠮᠣᠩᠭᠤᠯ ᠤᠨ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠬᠢᠲᠠᠳ ︵ᠮᠣᠩᠭᠤᠯ︶ | ᠬᠠᠮᠢᠶᠠᠷᠤᠯᠲᠠ ᠥᠰᠥᠭ ﹇2022﹈ 73 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ | ᠰᠢ ᠶᠢᠨ ᠫᠢᠩ ᠶᠡᠷᠦᠩᠬᠡᠢ ᠱᠦᠵᠢ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ | ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠩᠭᠠᠯᠭ᠎ᠠ ᠶᠢ | ᠰᠢᠯᠢᠳᠡᠭᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠮᠠᠨ ᠤ ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠪᠦᠬᠦᠯᠢ | ᠴᠣᠭᠴᠠ ᠶᠢᠨ ᠳᠡᠭᠡᠭᠰᠢᠯᠡᠯᠲᠡ ᠶᠢ ᠠᠬᠢᠭᠤᠯᠵᠤ᠂ ᠠᠷᠠᠳ ᠣᠯᠠᠨ ᠳᠤ ᠨᠠᠩ ᠴᠢᠨᠠᠷ ᠰᠠᠶᠢᠲᠠᠢ ᠥᠨᠳᠥᠷ ᠪᠦᠲᠦᠮᠵᠢᠲᠡᠶ | ᠬᠢᠲᠠᠳ ᠡᠮ ᠡᠮᠨᠡᠯᠭᠡ ᠶᠢᠨ ᠦᠢᠯᠡᠴᠢᠯᠡᠭᠡ ᠬᠠᠩᠭᠠᠨ᠎ᠠ | ᠬᠤᠶᠠᠷ᠂ ᠠᠵᠢᠯ ᠤᠨ ᠬᠠᠷᠠᠯᠲᠠ | ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ | 2022 ︱ 2024 ᠣᠨ ᠤ ᠡᠭᠦᠳᠦᠨ ᠪᠠᠶᠢᠭᠤᠯᠬᠤ ᠦᠶᠡᠯᠡᠯ ᠤᠨ ᠬᠤᠭᠤᠴᠠᠭᠠᠨ ᠤ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ | ᠡᠭᠦᠳᠦᠨ ᠪᠠᠶᠢᠭᠤᠯᠬᠤ ᠬᠢᠨᠠᠨ ᠲᠣᠭᠲᠠᠭᠠᠬᠤ ᠠᠵᠢᠯ ᠤᠨ ᠲᠥᠰᠥᠯ︾ ︽ᠪᠥᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ | ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ 2023 ᠣᠨ ᠳᠤ ᠪᠦᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠬᠤᠲᠠ ᠶᠢᠨ ᠬᠢᠲᠠᠳ ᠡᠮ | ᠡᠮᠨᠡᠯᠭᠡ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ | ᠰᠦᠯᠵᠢᠶ᠎ᠡ ᠶᠢ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ | ᠮᠡᠨᠳᠦ ᠶᠢᠨ ᠬᠥᠮᠦᠵᠢᠯ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠠᠬᠢ ᠦᠢᠯᠡᠴᠢᠯᠡᠭᠡᠨ ᠤ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠣᠯᠠᠨ ᠳᠤ ᠠᠮᠤᠷ ᠲᠦᠪᠰᠢᠨ᠂ ᠪᠦᠲᠦᠮᠵᠢᠲᠡᠶ᠂ ᠬᠢᠮᠳᠠ | ᠂ ᠳᠥᠭᠦᠮ ᠳᠥᠲᠡ᠂ ᠶᠡᠷᠦᠩᠬᠡᠶᠢᠯᠡᠭᠰᠡᠨ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠦᠷᠲᠡᠭᠡᠵᠦ᠂ 2023 | ᠣᠨ ᠳᠤ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ | ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠬᠠᠷᠠᠯᠲᠠᠲᠤ ᠡᠭᠦᠷᠭᠡ ᠳᠤ ᠬᠦᠷᠦᠭᠦᠯᠦᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠤᠯᠢᠩᠭᠤᠤᠯ ᠬᠤᠲᠠ ᠨᠢ ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ | ︶ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ 1︶ ᠢ ᠡᠭᠦᠳᠦᠨ ᠪᠠᠶᠢᠭᠤᠯᠵᠤ᠂ ᠬᠤᠣᠯᠢᠨ ᠭᠤᠣᠯ | ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠳᠦᠷᠢᠮ ︵ᠳᠠᠭᠠᠯᠳᠤᠭᠤᠯᠤᠯ 2︶ | ᠢ ᠪᠠᠶᠢᠭᠤᠯᠤᠨ᠂ ᠬᠤᠣᠯᠢᠨ ᠭᠤᠣᠯ ᠬᠤᠲᠠ ᠶᠢᠨ ᠬᠢᠲᠠᠳ ᠡᠮ ᠡᠮᠨᠡᠯᠭᠡ ᠶᠢᠨ ᠠᠵᠢᠯ ᠢ ᠵᠣᠬᠢᠴᠠᠭᠤᠯᠤᠨ ᠠᠬᠢᠭᠤᠯᠬᠤ | ᠳᠦᠷᠢᠮ ︵ᠳᠠᠭᠠᠯᠳᠤᠭᠤᠯᠤᠯ 3︶ ᠢ ᠲᠣᠭᠲᠠᠭᠠᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠶᠡᠷᠦᠩᠬᠡᠢ ᠱᠦᠵᠢ ᠰᠢ ᠶᠢᠨ ᠫᠢᠩ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ᠂ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ︽ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠪᠠ᠃ ᠬᠢᠲᠠᠳ ᠡᠮ ᠡᠮᠨᠡᠯᠭᠡ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢ | ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ᠂ ᠬᠢᠲᠠᠳ ᠡᠮ ᠡᠮᠨᠡᠯᠭᠡ ᠶᠢᠨ | ᠬᠥᠭᠵᠢᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠵᠣᠬᠢᠴᠠᠭᠤᠯᠵᠤ ᠰᠢᠢᠳᠪᠦᠷᠢᠯᠡᠨ᠎ᠡ᠃ ᠬᠢᠲᠠᠳ | ᠡᠮ ᠡᠮᠨᠡᠯᠭᠡ ᠶᠢᠨ ᠠᠵᠢᠯ ᠤᠨ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠲᠥᠯᠦᠪᠵᠢᠭᠦᠯᠭᠡ᠂ ᠶᠠᠰᠤ ᠴᠢᠨᠠᠷ ᠤᠨ ᠬᠠᠮᠢᠶᠠᠷᠤᠯᠲᠠ ᠵᠡᠷᠭᠡ ᠠᠵᠢᠯ ᠢ | ᠰᠠᠶᠢᠲᠤᠷ ᠬᠢᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠪᠦᠷᠢᠨ ᠪᠦᠲᠦᠨ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠤᠨ᠎ᠠ᠃ | ︵ᠬᠤᠶᠠᠷ︶ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠤᠨ᠎ᠠ᠃ ᠡᠳ᠋ ᠤᠨ ᠵᠠᠰᠠᠭ ᠤᠨ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠬᠢᠲᠠᠳ ᠡᠮ ᠡᠮᠨᠡᠯᠭᠡ ᠶᠢᠨ ᠡᠳ᠋ ᠤᠨ ᠵᠠᠰᠠᠭ ᠤᠨ ᠲᠤᠰᠬᠠᠢ ᠪᠡᠯᠡ ᠮᠥᠩᠭᠦ ᠶᠢ ᠢᠳᠡᠪᠬᠢᠲᠡᠢ ᠪᠠᠷ | ᠲᠡᠮᠡᠴᠡᠨ ᠣᠯᠵᠤ᠂ ᠬᠢᠲᠠᠳ ᠡᠮ ᠡᠮᠨᠡᠯᠭᠡ ᠶᠢᠨ ᠦᠢᠯᠡᠰ ᠤᠨ ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠲᠠᠳ ᠡᠮ | ᠡᠮᠨᠡᠯᠭᠡ ᠶᠢᠨ ᠲᠤᠬᠠᠢ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠬᠢᠲᠠᠳ ᠡᠮᠨᠡᠯᠭᠡ ᠶᠢ | ᠮᠡᠳᠡᠬᠦ᠂ ᠬᠢᠲᠠᠳ ᠡᠮᠨᠡᠯᠭᠡ ᠶᠢ ᠢᠲᠡᠭᠡᠬᠦ᠂ ᠬᠢᠲᠠᠳ ᠡᠮᠨᠡᠯᠭᠡ ᠶᠢ ᠬᠡᠷᠡᠭᠯᠡᠬᠦ᠂ ᠬᠢᠲᠠᠳ ᠡᠮᠨᠡᠯᠭᠡ ᠶᠢ ᠬᠠᠶᠢᠷᠠᠯᠠᠬᠤ | ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠬᠢᠲᠠᠳ ᠡᠮ ᠡᠮᠨᠡᠯᠭᠡ ᠶᠢᠨ ᠬᠥᠭᠵᠢᠯᠲᠡ ᠶᠢᠨ ᠪᠡᠯᠡ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ | ᠡᠮᠴᠢᠯᠡᠭᠡᠨ ᠤ ᠪᠠᠶᠢᠭᠤᠯᠤᠮᠵᠢ ᠶᠢᠨ ᠲᠦᠷᠦᠯ ᠵᠦᠢᠯ ᠲᠣᠭᠲᠠᠭᠠᠬᠤ᠂ ᠪᠦᠲᠦᠭᠡᠨ ᠪᠠᠶᠢᠭᠤᠯᠬᠤ ᠪᠠ ᠵᠠᠰᠠᠭ ᠤᠨ | ᠣᠷᠳᠣᠨ ᠤ ᠣᠷᠣᠭᠤᠯᠤᠯᠲᠠ ᠶᠢ ᠪᠠᠲᠤᠯᠠᠵᠤ᠂ ᠦᠨᠳᠦᠰᠦᠨ ᠱᠠᠲᠤᠨ ᠤ ᠪᠠᠶᠢᠭᠤᠯᠤᠮᠵᠢ ᠶᠢᠨ ︽ᠬᠢᠲᠠᠳ ᠡᠮᠨᠡᠯᠭᠡ ᠶᠢᠨ | ᠣᠷᠳᠣᠨ︾ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠢᠲᠠᠳ ᠡᠮ ᠡᠮᠨᠡᠯᠭᠡ ᠶᠢᠨ ᠡᠮᠴᠢᠯᠡᠭᠡᠨ ᠤ | ᠪᠠᠲᠤᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠵᠦᠢ ᠵᠣᠬᠢᠰᠲᠠᠢ ᠰᠠᠨᠠᠭᠤᠯᠭ᠎ᠠ ᠶᠢ | ᠳᠤᠷᠠᠳᠴᠤ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠢᠲᠠᠳ ᠡᠮ ᠡᠮᠨᠡᠯᠭᠡ ᠶᠢᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠲᠦᠯᠬᠢᠨ ᠠᠬᠢᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠬᠢᠲᠠᠳ ᠡᠸᠦ᠋ᠷᠦᠫᠡ ᠡᠮᠨᠡᠯᠭᠡ ᠶᠢ ᠵᠡᠷᠭᠡᠪᠡᠷ ᠴᠢᠬᠤᠯᠠᠴᠢᠯᠠᠬᠤ ᠶᠢ | ᠪᠠᠷᠢᠮᠲᠠᠯᠠᠵᠤ᠂ ᠡᠯ᠎ᠡ ᠵᠦᠢᠯ ᠤᠨ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ ᠃ | ︵ᠭᠤᠷᠪᠠ︶ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠳᠣᠲᠣᠷᠠᠬᠢ ᠮᠣᠩᠭᠤᠯ | ᠡᠮᠨᠡᠯᠭᠡ ᠶᠢᠨ ᠬᠤᠷᠢᠶ᠎ᠠ ᠶᠢ ᠬᠤᠶᠠᠳᠤᠭᠠᠷ ᠳᠡᠰ ᠤᠨ ᠬᠥᠬᠡ ᠲᠠᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠳᠤ | ᠬᠦᠷᠦᠭᠦᠯᠵᠦ᠂ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠎ᠡ᠃ ᠬᠥᠲᠥᠴᠢ ᠳᠠᠶᠢᠴᠢᠯᠠᠬᠤ | ᠦᠢᠯᠡᠳᠦᠯ ᠢ ᠪᠠᠳᠠᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠬᠢᠲᠠᠳ ᠡᠮ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠵᠤ᠂ ᠡᠮᠴᠢᠯᠡᠭᠡᠨ ᠤ | ᠬᠠᠮᠲᠤ ᠶᠢᠨ ᠴᠣᠭᠴᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠬᠢᠲᠠᠳ ᠡᠮᠨᠡᠯᠭᠡ ᠶᠢᠨ ᠣᠨᠴᠠᠯᠢᠭᠲᠤ ᠲᠤᠰᠬᠠᠢ | ᠰᠠᠯᠠᠭ᠎ᠠ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠬᠢᠲᠠᠳ ᠡᠮᠨᠡᠯᠭᠡ ᠶᠢᠨ ᠳᠠᠪᠠᠭᠤᠯᠢᠭ | ᠡᠪᠡᠳᠴᠢᠨ ᠤ ᠲᠦᠷᠦᠯ ᠤᠨ ᠣᠨᠣᠰᠢᠯᠠᠨ ᠡᠮᠨᠡᠬᠦ ᠴᠢᠳᠠᠪᠤᠷᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠲᠣᠬᠢᠷᠠᠮᠵᠢᠲᠠᠢ ᠮᠡᠷᠭᠡᠵᠢᠯ ᠢ ᠳᠡᠯᠭᠡᠷᠡᠭᠦᠯᠬᠦ ᠲᠥᠪ ᠢ ᠪᠠᠶᠢᠭᠤᠯᠤᠨ᠎ᠠ᠃ | ᠬᠢᠲᠠᠳ ᠡᠮ ᠡᠮᠨᠡᠯᠭᠡ ᠶᠢᠨ ᠣᠨᠴᠠᠯᠢᠭ ᠪᠠ ᠳᠠᠪᠠᠭᠤᠯᠢᠭ ᠲᠠᠢ ᠡᠮᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ | ᠲᠡᠳᠬᠦᠨ ᠳᠡᠮᠵᠢᠵᠦ᠂ ᠠᠯᠪᠠᠨ ᠠᠴᠠ ᠪᠠᠶᠢᠭᠤᠯᠤᠭᠰᠠᠨ ᠬᠢᠲᠠᠳ ᠡᠮᠨᠡᠯᠭᠡ ᠶᠢᠨ ᠪᠤᠰᠤ ᠲᠥᠷᠥᠯ ᠤᠨ ᠡᠮᠴᠢᠯᠡᠭᠡᠨ ᠤ | ᠪᠠᠶᠢᠭᠤᠯᠤᠮᠵᠢ ᠳᠤ ᠪᠠᠷᠢᠮᠵᠢᠶᠠᠵᠢᠭᠰᠠᠨ ᠬᠢᠲᠠᠳ ᠡᠮ ᠡᠮᠨᠡᠯᠭᠡ ᠶᠢᠨ ᠰᠠᠯᠠᠭ᠎ᠠ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ︽ᠬᠢᠲᠠᠳ ᠡᠮᠨᠡᠯᠭᠡ ᠶᠢᠨ ᠣᠷᠳᠣᠨ︾ ᠭᠠᠷᠭᠠᠵᠤ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ᠂ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠲᠤ ︽ᠬᠢᠲᠠᠳ ᠡᠮᠨᠡᠯᠭᠡ ᠶᠢᠨ ᠲᠠᠭᠲᠤ︾ ᠭᠠᠷᠭᠠᠵᠤ᠂ ᠰᠠᠭᠤᠭᠠᠯᠢ ᠠᠷᠠᠳ ᠲᠤ ᠬᠢᠲᠠᠳ ᠡᠮ ᠡᠮᠨᠡᠯᠭᠡ ᠶᠢᠨ | ᠦᠢᠯᠡᠴᠢᠯᠡᠭᠡ ᠬᠠᠩᠭᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠡᠮᠨᠡᠯᠭᠡ ᠶᠢᠨ ᠠᠵᠢᠯᠲᠠᠨ ᠤ | ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠲᠠᠳ ᠡᠮ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠤ ᠬᠢᠲᠠᠳ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ | ᠪᠠᠳᠠᠷᠠᠭᠤᠯᠬᠤ ᠶᠢ ᠴᠢᠬᠤᠯᠠᠴᠢᠯᠠᠵᠤ᠂ ᠬᠢᠲᠠᠳ ᠡᠮ ᠡᠮᠨᠡᠯᠭᠡ ᠶᠢᠨ ᠤᠷᠢᠳᠴᠢᠯᠠᠨ ᠤᠳᠠᠭᠠᠨ ᠴᠢᠨᠠᠷᠲᠠᠢ ᠡᠪᠡᠳᠴᠢᠨ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤᠮᠳᠠᠬᠢ ᠬᠢᠲᠠᠳ ᠡᠮ ᠡᠮᠨᠡᠯᠭᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠢᠲᠠᠳ ᠡᠮ ᠡᠮᠨᠡᠯᠭᠡ ᠶᠢᠨ ᠰᠣᠶᠣᠯ ᠤᠨ ᠤᠬᠠᠭᠤᠯᠭ᠎ᠠ ᠶᠢ ᠴᠢᠩᠭᠠᠳᠬᠠᠨ᠂ ᠬᠢᠲᠠᠳ ᠡᠮ | ᠡᠮᠨᠡᠯᠭᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠎ᠡ᠃ | ︵ᠳᠥᠷᠪᠡ︶ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢ ᠪᠦᠷᠢᠨᠰᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠬᠢᠲᠠᠳ ᠡᠮ | ᠡᠮᠨᠡᠯᠭᠡ ᠶᠢᠨ ᠲᠤᠰᠬᠠᠢ ᠬᠢᠲᠠᠳ ᠡᠮ ᠡᠮᠨᠡᠯᠭᠡ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠪᠠᠭᠰᠢ | ᠵᠠᠯᠭᠠᠮᠵᠢᠯᠠᠬᠤ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠡᠮᠨᠡᠯᠭᠡ ᠶᠢᠨ | ᠠᠵᠢᠯᠲᠠᠨ ᠤ ᠬᠢᠲᠠᠳ ᠡᠮ ᠡᠮᠨᠡᠯᠭᠡ ᠶᠢᠨ ᠦᠨᠳᠦᠰᠦᠨ ᠮᠡᠳᠡᠯᠭᠡ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠨ᠂ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠤ ᠬᠢᠲᠠᠳ ᠡᠮ ᠡᠮᠨᠡᠯᠭᠡ ᠶᠢᠨ ᠲᠣᠬᠢᠷᠠᠬᠤ | ᠮᠡᠷᠭᠡᠵᠢᠯ ᠤᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ | ︵ᠲᠠᠪᠤ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠨᠠᠶᠢᠳᠠᠪᠤᠷᠢᠵᠢᠭᠤᠯᠤᠨ᠎ᠠ᠃ ᠬᠢᠲᠠᠳ ᠡᠮ ᠡᠮᠨᠡᠯᠭᠡ ᠶᠢᠨ | ᠦᠢᠯᠡᠴᠢᠯᠡᠭᠡᠨ ᠤ ᠠᠵᠢᠯ ᠤᠨ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ᠶᠢᠨ | ᠠᠭᠤᠯᠭ᠎ᠠ ᠶᠢ ᠣᠨ ᠤ ᠠᠵᠢᠯ ᠤᠨ ᠰᠢᠯᠭᠠᠨ ᠬᠢᠨᠠᠬᠤ ᠬᠠᠷᠠᠯᠲᠠ ᠳᠤ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠠ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠲᠤ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠠᠵᠢᠯ ᠢ ᠲᠤᠰᠬᠠᠢ ᠬᠥᠮᠥᠨ ᠢᠶᠠᠷ | ᠬᠠᠷᠢᠭᠤᠴᠠᠭᠤᠯᠤᠨ᠎ᠠ᠃ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠶᠠᠰᠤ ᠴᠢᠨᠠᠷ ᠢ | ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ | ᠤᠨ ᠪᠠᠶᠢᠭᠤᠯᠤᠮᠵᠢ ᠶᠢ ᠰᠢᠮᠳᠠᠭᠤᠯᠵᠤ ᠪᠠᠶᠢᠭᠠᠳ ᠦᠢᠯᠡᠴᠢᠯᠡᠭᠡᠨ ᠤ ᠥᠢᠯᠡ ᠠᠵᠢᠯᠯᠠᠭ᠎ᠠ ᠶᠢ ᠨᠢ ᠵᠢᠷᠤᠮᠵᠢᠭᠤᠯᠵᠤ᠂ | ᠦᠢᠯᠡᠴᠢᠯᠡᠭᠡᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ᠂ ᠡᠮᠴᠢᠯᠡᠭᠡᠨ ᠤ ᠠᠶᠤᠯ ᠦᠭᠡᠢ ᠶᠢ ᠪᠠᠲᠤᠯᠠᠬᠤ ᠬᠡᠷᠡᠭᠲᠡᠢ᠃ | | ︵ᠵᠢᠷᠭᠤᠭ᠎ᠠ︶ ᠰᠡᠳᠬᠢᠯ ᠬᠠᠩᠬᠤ ᠨᠣᠷᠮ᠎ᠠ ᠪᠠ ᠮᠡᠳᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠣᠯᠠᠨ ᠲᠦᠮᠡᠨ ᠤ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠳᠤ ᠬᠠᠨᠤᠮᠵᠢᠲᠠᠶ ᠪᠠᠶᠢᠬᠤ ᠨᠣᠷᠮ᠎ᠠ᠂ ᠬᠢᠲᠠᠳ ᠡᠮ | ᠡᠮᠨᠡᠯᠭᠡ ᠶᠢᠨ ᠮᠡᠳᠡᠯᠭᠡ ᠶᠢ ᠣᠶᠢᠯᠠᠭᠠᠬᠤ ᠨᠣᠷᠮ᠎ᠠ᠂ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠤ ᠠᠭᠤᠯᠭ᠎ᠠ ᠶᠢ | ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠠᠵᠢᠯᠲᠠᠨ ᠤ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ᠶᠢᠨ ᠤᠯᠠᠮᠵᠢᠯᠠᠯᠲᠤ | ᠰᠣᠶᠣᠯ ᠢ ᠪᠠᠳᠠᠷᠠᠭᠤᠯᠤᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠲᠣᠬᠢᠷᠠᠭᠤᠯᠤᠨ ᠪᠠᠶᠢᠷᠢᠯᠠᠭᠤᠯᠬᠤ ᠱᠠᠲᠤ ᠦᠶ᠎ᠡ ︵2023 ᠣᠨ ᠤ 5 ᠳ᠋ᠤᠭᠠᠷ ᠰᠠᠷ᠎ᠠ︶᠃ ︽ᠪᠥᠬᠦ | ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ | ︶ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠲᠠᠢ ᠬᠠᠷᠢᠴᠠᠭᠤᠯᠤᠨ ᠪᠥᠬᠦ ᠬᠤᠲᠠ ᠶᠢᠨ ᠡᠭᠦᠳᠦᠨ | ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ ᠪᠠ ᠠᠵᠢᠯ ᠤᠨ ᠲᠥᠯᠥᠪᠯᠡᠭᠡ ᠶᠢ ᠲᠣᠭᠲᠠᠭᠠᠵᠤ᠂ ᠡᠭᠦᠳᠦᠨ | ᠪᠠᠶᠢᠭᠤᠯᠬᠤ ᠬᠠᠷᠠᠯᠲᠠ ᠪᠠ ᠡᠭᠦᠷᠭᠡ ᠶᠢ ᠲᠣᠳᠣᠷᠬᠠᠶᠢᠯᠠᠨ᠂ ᠵᠣᠬᠢᠶᠠᠨ ᠪᠠᠶᠢᠭᠤᠯᠤᠯᠲᠠ ᠶᠢᠨ ᠪᠦᠷᠢᠨ ᠲᠡᠭᠦᠯᠳᠡᠷ᠂ | ᠪᠦᠷᠢᠯᠳᠦᠭᠦᠨ ᠨᠢᠭᠡᠴᠡ ᠶᠢᠨ ᠠᠵᠢᠯ ᠤᠨ ᠬᠤᠪᠢᠶᠠᠷᠢᠯᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠪᠥᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ | ᠪᠠᠶᠢᠭᠤᠯᠬᠤ ᠶᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠵᠦᠢᠯ ᠤᠨ ᠠᠵᠢᠯ ᠤᠨ | ᠡᠭᠦᠷᠭᠡ ︵ᠳᠠᠭᠠᠯᠳᠤᠭᠤᠯᠤᠯ 4︶ ᠶᠢ ᠵᠠᠳᠠᠯᠤᠨ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠠᠵᠢᠯ ᠢ ᠪᠥᠬᠦ | ᠲᠠᠯ᠎ᠠ ᠪᠠᠷ ᠠᠬᠢᠭᠤᠯᠤᠨ᠎ᠠ᠃ | ︵ᠬᠤᠶᠠᠷ︶ ᠪᠥᠬᠦ ᠲᠠᠯ᠎ᠠ ᠪᠠᠷ ᠠᠬᠢᠭᠤᠯᠬᠤ ᠱᠠᠲᠤ ᠦᠶ᠎ᠡ ︵2023 ᠣᠨ ᠤ 6 ᠳ᠋ᠤᠭᠠᠷ ᠰᠠᠷ᠎ᠠ︶᠃ ᠪᠥᠬᠦ | ᠬᠤᠲᠠ ᠶᠢᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠭᠦᠳᠦᠨ ᠪᠠᠶᠢᠭᠤᠯᠬᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ | ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠤᠨ ᠠᠬᠢᠭᠤᠯᠤᠨ᠎ᠠ᠃ ᠡᠭᠦᠳᠦᠨ ᠪᠠᠶᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠨᠢ ᠡᠭᠦᠳᠦᠨ ᠪᠠᠶᠢᠭᠤᠯᠬᠤ ᠲᠤᠰᠬᠠᠢ ᠰᠡᠳᠦᠪᠲᠦ ᠬᠤᠷᠠᠯ ᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ | ᠠᠵᠢᠯ ᠢ ᠵᠣᠬᠢᠴᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ | ᠴᠠᠭ ᠲᠤᠬᠠᠢ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠳᠤ ᠬᠦᠷᠦᠭᠦᠯᠦᠨ᠎ᠡ᠃ | | ︵ᠭᠤᠷᠪᠠ︶ ᠬᠢᠨᠠᠨ ᠲᠣᠭᠲᠠᠭᠠᠵᠤ ᠰᠢᠯᠭᠠᠨ ᠠᠪᠬᠤ ᠱᠠᠲᠤ ᠦᠶ᠎ᠡ ︵2023 ᠣᠨ ᠤ 7 ᠳ᠋ᠤᠭᠠᠷ ᠰᠠᠷ᠎ᠠ ︱ 11 | ᠳ᠋ᠦᠭᠡᠷ ᠰᠠᠷ᠎ᠠ︶᠃ ᠡᠯ᠎ᠡ ᠨᠢᠭᠡᠴᠡ ᠨᠦᠭᠦᠳ ᠡᠭᠦᠳᠦᠨ ᠪᠠᠶᠢᠭᠤᠯᠬᠤ ᠪᠠᠷᠢᠮᠵᠢᠶ᠎ᠠ ᠶᠣᠰᠣᠭᠠᠷ ᠵᠦᠢᠯ ᠳᠠᠷᠠᠭᠠᠯᠠᠨ | ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠳᠤᠲᠠᠭᠤ ᠶᠢ ᠪᠠᠶᠢᠴᠠᠭᠠᠵᠤ ᠳᠤᠲᠠᠭᠤ ᠶᠢ | ᠨᠥᠬᠦᠪᠦᠷᠢᠯᠡᠵᠦ᠂ ᠥᠪᠡᠷ ᠢ ᠪᠠᠨ ᠪᠠᠶᠢᠴᠠᠭᠠᠵᠤ ᠬᠤᠪᠢ ᠲᠣᠭᠲᠠᠭᠠᠬᠤ ᠬᠦᠰᠦᠨᠦᠭᠲᠦ ᠪᠠ ᠥᠪᠡᠷ ᠢ ᠪᠠᠨ | ᠪᠠᠶᠢᠴᠠᠭᠠᠭᠰᠠᠨ ᠮᠡᠳᠡᠭᠦᠯᠦᠯᠲᠡ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠠᠴᠠ ᠮᠠᠨ ᠤ ᠬᠤᠲᠠ ᠶᠢᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ | ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ ᠡᠭᠦᠳᠦᠨ ᠪᠠᠶᠢᠭᠤᠯᠬᠤ ᠶᠢ ᠬᠢᠨᠠᠨ ᠲᠣᠭᠲᠠᠭᠠᠵᠤ ᠰᠢᠯᠭᠠᠨ ᠠᠪᠬᠤ ᠶᠢ | ᠤᠭᠲᠤᠨ᠎ᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠬᠤ ᠬᠡᠷᠡᠭᠲᠡᠢ᠃ ᠡᠯ᠎ᠡ | ᠨᠢᠭᠡᠴᠡ ᠨᠦᠭᠦᠳ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠤᠳᠤᠷᠢᠳᠤᠯᠭ᠎ᠠ ᠶᠢᠨ | ᠳᠣᠣᠷ᠎ᠠ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠲᠠᠳ ᠡᠮ ᠡᠮᠨᠡᠯᠭᠡ ᠶᠢᠨ ᠬᠠᠤᠯᠢ︾ ᠵᠢᠴᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ | ᠲᠡᠳᠬᠦᠨ ᠠᠬᠢᠭᠤᠯᠬᠤ ᠲᠤᠬᠠᠢ ᠰᠠᠨᠠᠯ ᠪᠠ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠬᠢᠨᠠᠨ | ᠲᠣᠭᠲᠠᠭᠠᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠡᠯ᠎ᠡ | ᠪᠠᠶᠢᠭᠤᠯᠤᠯᠭ᠎ᠠ ᠶᠢᠨ ᠬᠢᠨ ᠥᠪᠡᠷ ᠥᠪᠡᠷ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ | ᠪᠠᠶᠢᠴᠠᠭᠠᠬᠤ ᠠᠵᠢᠯ ᠢ ᠤᠭᠲᠤᠬᠤ ᠶᠢ ᠠᠵᠢᠯ ᠤᠨ ᠢᠶᠠᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ | ᠱᠠᠲᠤ ᠱᠠᠲᠤ ᠪᠠᠷ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠭᠤᠣᠯ ᠤᠳᠤᠷᠢᠳᠤᠯᠭ᠎ᠠ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠳᠠᠲᠠᠢ ᠠᠳᠬᠤᠵᠤ᠂ | ᠠᠵᠢᠯ ᠤᠨ ᠳᠤᠮᠳᠠᠬᠢ ᠪᠠᠭᠤᠷᠠᠢ ᠭᠤᠭᠴᠤᠭ᠎ᠠ ᠵᠢᠴᠢ ᠭᠤᠣᠯᠳᠠᠯᠭ᠎ᠠ ᠲᠠᠢ᠂ ᠬᠦᠴᠢᠷ ᠠᠰᠠᠭᠤᠳᠠᠯ ᠳᠤ ᠴᠢᠭᠯᠡᠭᠦᠯᠦᠨ᠂ | ᠴᠠᠭ ᠬᠤᠭᠤᠴᠠᠭ᠎ᠠ ᠶᠢ ᠲᠥᠪᠯᠡᠷᠡᠭᠦᠯᠵᠦ᠂ ᠤᠶᠤᠨ ᠴᠢᠳᠠᠯ ᠢᠶᠠᠨ ᠲᠥᠪᠯᠡᠷᠡᠭᠦᠯᠵᠦ᠂ ᠴᠠᠭ ᠲᠤᠬᠠᠢ ᠳᠤᠨᠢ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠬᠠᠮᠲᠤᠪᠠᠷ ᠠᠬᠢᠭᠤᠯᠵᠤ᠂ ᠪᠠᠶᠢᠴᠠᠭᠠᠬᠤ | ᠠᠵᠢᠯ ᠢ ᠤᠭᠲᠤᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ᠃ | ︵ᠭᠤᠷᠪᠠ︶ ᠤᠬᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠨ᠎ᠠ᠃ ᠪᠥᠬᠦ ᠤᠯᠤᠰ ᠤᠨ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢ | ᠡᠭᠦᠳᠦᠨ ᠪᠠᠶᠢᠭᠤᠯᠬᠤ ᠭᠤᠣᠯ ᠰᠡᠳᠦᠪ ᠲᠠᠢ ᠤᠶᠠᠯᠳᠤᠭᠤᠯᠤᠨ᠂ ᠬᠢᠲᠠᠳ ᠡᠮ ᠡᠮᠨᠡᠯᠭᠡ ᠶᠢᠨ ᠥᠭᠡᠷᠡᠴᠢᠯᠡᠯᠲᠡ | ᠬᠢᠭᠡᠳ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠥᠷᠭᠡᠨ ᠢᠶᠠᠷ ᠬᠢᠲᠠᠳ ᠡᠮ ᠡᠮᠨᠡᠯᠭᠡ ᠶᠢᠨ ᠡᠷᠡᠭᠦᠯ ᠮᠡᠨᠳᠦ ᠶᠢᠨ | ᠮᠡᠳᠡᠯᠭᠡ ᠶᠢ ᠲᠦᠭᠡᠮᠡᠯᠵᠢᠭᠦᠯᠵᠦ᠂ ᠬᠢᠲᠠᠳ ᠡᠮ ᠡᠮᠨᠡᠯᠭᠡ ᠶᠢᠨ ᠰᠣᠶᠣᠯ ᠤᠨ ᠠᠭᠤᠯᠤᠭᠳᠠᠬᠤᠨ᠂ ᠡᠪᠡᠳᠴᠢᠨ ᠢ | ᠰᠡᠷᠭᠡᠶᠢᠯᠡᠵᠦ ᠡᠪᠡᠳᠴᠢᠨ ᠢ ᠵᠠᠰᠠᠬᠤ ᠣᠶᠢᠯᠠᠭᠠᠭᠳᠠᠬᠤᠨ᠂ ᠮᠡᠳᠡᠯᠭᠡ ᠪᠠ ᠦᠢᠯᠡᠳᠦᠯ ᠢ ᠤᠬᠠᠭᠤᠯᠵᠤ᠂ ᠠᠷᠠᠳ ᠣᠯᠠᠨ ᠤ | ᠬᠢᠲᠠᠳ ᠡᠮ ᠡᠮᠨᠡᠯᠭᠡ ᠶᠢ ᠠᠰᠢᠭᠯᠠᠨ ᠡᠪᠡᠳᠴᠢᠨ ᠢ ᠰᠡᠷᠭᠡᠶᠢᠯᠡᠵᠦ ᠡᠪᠡᠳᠴᠢᠨ ᠢ ᠵᠠᠰᠠᠬᠤ᠂ ᠥᠪᠡᠷ ᠢ ᠪᠠᠨ | ᠡᠷᠡᠭᠦᠯᠵᠢᠭᠦᠯᠬᠦ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ᠃ | | ᠳᠠᠭᠠᠯᠳᠤᠭᠤᠯᠤᠯ 2 | ᠬᠤᠤᠯᠢᠩᠭᠤᠤᠯ ᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢ ᠡᠭᠦᠳᠦᠨ | ᠪᠠᠶᠢᠭᠤᠯᠪᠠ | ᠠᠵᠢᠯ ᠤᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠤᠳᠤᠷᠢᠳᠬᠤ ᠳᠤᠭᠤᠶᠢᠯᠠᠩ᠄ | ᠳᠤᠭᠤᠶᠢᠯᠠᠩ ᠤᠨ ᠳᠠᠷᠤᠭ᠎ᠠ᠄ ᠵᠢᠢ ᠬᠠᠢ ᠶᠠᠩ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠬᠤᠲᠠ ᠶᠢᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠵᠧᠦ ᠬᠠᠢ ᠮᠢᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ | ᠨᠠᠰᠤᠨ ᠳᠤ ᠬᠦᠷᠦᠭᠰᠡᠳ᠄ ᠪᠦᠦ ᠴᠦᠨ ᠰᠢᠶᠠ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ | ᠡᠷᠬᠢᠯᠡᠭᠴᠢ | ᠴᠧᠨ ᠬᠠᠢ ᠲᠤᠸ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠶᠠᠩ ᠵᠢᠩ ᠺᠦᠨ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠵᠣᠣ ᠶᠦᠩ ᠱᠧᠩ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠤᠨ ᠡᠷᠬᠢᠯᠡᠭᠴᠢ | ᠵᠧᠦ ᠭᠦᠸᠧ ᠬᠠᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ | ᠸᠠᠩ ᠵᠢᠩ ᠹᠠᠩ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ | ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠬᠤᠷᠢᠶᠠᠨ ᠤ ᠱᠦᠵᠢ | ᠮᠢ ᡁᠢ ᠾᠦᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ | ᠲᠦᠩ ᠹᠦ᠋ ᠮᠢᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ | ᠵᠠᠩ ᠴᠦᠨ ᠭᠤᠸᠠᠩ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ | ᠯᠢ ᠱᠤ᠋ ᠸᠧᠢ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ | ᠪᠦᠦ ᠬᠤᠩ ᠷᠠᠨ ᠬᠤᠲᠠ ᠶᠢᠨ ᠰᠣᠶᠣᠯ ᠤᠨ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ | ᠹᠧᠩ ᠭᠠᠩ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠮᠧᠩ ᠹᠠᠨ ᠳ᠋ᠠ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠬᠦᠷᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ | ᠹᠧᠩ ᠪᠦᠦ ᠵᠢᠶᠦ᠋ᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ | ᠪᠦᠦ ᠬᠠᠢ ᠹᠧᠩ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠳᠡᠳ᠋ ᠳᠠᠷᠤᠭ᠎ᠠ᠂ ᠠᠵᠢᠯ ᠣᠯᠭᠤᠯᠲᠠ ᠶᠢᠨ | ᠯᠢᠦ ᠬᠠᠢ ᠨᠠ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ᠄ ᠪᠥᠬᠦ ᠤᠯᠤᠰ ᠤᠨ ᠦᠨᠳᠦᠰᠦᠨ ᠱᠠᠲᠤᠨ ᠤ | ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠳᠠ ︵ᠰᠢᠶᠠᠨ︶ ᠶᠢ ᠡᠭᠦᠳᠦᠨ ᠪᠠᠶᠢᠭᠤᠯᠬᠤ ᠠᠵᠢᠯ | ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠪᠥᠬᠦ | ᠬᠤᠳᠠ ᠶᠢᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠴᠢᠭᠯᠡᠯᠲᠡ ᠲᠥᠷᠥ ᠶᠢᠨ | ᠪᠣᠳᠣᠯᠭ᠎ᠠ ᠶᠢ ᠰᠤᠳᠤᠯᠵᠤ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠰᠢᠮᠳᠠᠭᠤᠯᠵᠤ᠂ ᠪᠥᠬᠦ ᠬᠤᠳᠠ ᠶᠢᠨ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠢ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ | ᠵᠥᠪᠯᠡᠯ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠹᠧᠩ ᠭᠠᠩ ᠬᠠᠪᠰᠤᠷᠭᠠᠨ ᠬᠠᠷᠢᠭᠤᠴᠠᠨ᠎ᠠ᠃ | ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ︵ | ᠰᠢᠶᠠᠨ︶ ᠶᠢ ᠡᠭᠦᠳᠦᠨ ᠪᠠᠶᠢᠭᠤᠯᠬᠤ ᠠᠵᠢᠯ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ᠎ᠠ᠃ ᠠᠯᠪᠠᠨ | ᠭᠡᠷ ᠤᠨ ᠪᠦᠷᠢᠯᠳᠦᠭᠦᠨ ᠢ ᠡᠷᠡᠭᠦᠯ ᠬᠠᠮᠠᠭᠠᠯᠠᠯ ᠤᠨ ᠵᠥᠪᠯᠡᠯ | |