︽ᠬᠤᠤᠯᠢᠩᠭᠤᠤᠯ ᠬᠤᠲᠠ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠬᠦ ᠰᠠᠨᠠᠯ︾
ᠨᠡᠶᠢᠲᠡᠯᠡᠭᠰᠡᠨ ᠴᠠᠭ᠄
2023/8/12
   ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠪᠣᠯᠣᠨ ᠮᠠᠨ ᠤ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠤ ᠠᠮᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠶᠢᠨ ᠲᠤᠰᠠᠳᠠ᠂ ᠲᠣᠰ ᠬᠡᠷᠡᠭᠵᠢᠭᠦᠯᠬᠦ ᠰᠠᠨᠠᠯ ᠢ ᠣᠨᠴᠣᠭᠤᠶᠢᠯᠠᠨ ᠲᠣᠭᠲᠠᠭᠠᠪᠠ᠃ ᠨᠢᠭᠡ᠂ ︽ᠰᠠᠨᠠᠯ︾ ᠳᠤ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠤ ᠠᠮᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠳᠤ ᠬᠡᠷᠡᠭᠯᠡᠬᠦ ᠬᠡᠪᠴᠢᠶ᠎ᠡ ᠳᠤ ᠶᠠᠭᠤ ᠶᠠᠭᠤ ᠪᠠᠭᠲᠠᠬᠤ ᠪᠣᠶ︖    ᠬᠠᠷᠢᠭᠤᠯᠲᠠ᠄ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠶᠢᠨ ᠬᠠᠮᠲᠤ ᠠᠮᠠᠯᠠᠯᠲᠠ ᠶᠢᠨ ᠳᠦᠷᠢᠮ ᠤᠨ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠰᠠᠶᠢᠨ ᠳᠤᠷ᠎ᠠ   ᠠᠴᠠ ᠪᠠᠨ ᠰᠣᠩᠭᠤᠭᠰᠠᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠰᠢᠨ᠎ᠡ ᠪᠠᠷ ᠪᠠᠶᠢᠭᠤᠯᠬᠤ ᠪᠡᠯᠡ ᠣᠷᠣᠭᠤᠯᠤᠯᠲᠠ ᠶᠢᠨ ᠵᠦᠢᠯᠡᠰ ︵ᠬᠤᠲᠠ ᠶᠢᠨ ᠶᠠᠪᠤᠳᠠᠯ ᠤᠨ ᠰᠠᠭᠤᠷᠢ ᠲᠥᠷᠥᠯ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠤᠨ ᠵᠦᠢᠯᠡᠰ ᠪᠠᠭᠲᠠᠬᠤ ᠦᠭᠡᠢ᠂ ᠳᠣᠷᠣᠭᠰᠢ ᠠᠳᠠᠯᠢ︶︔ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠵᠦᠢᠯᠡᠰ; ᠳᠡᠭᠡᠳᠦ ᠱᠠᠲᠤᠨ   ᠠᠴᠠ ᠲᠤᠰᠢᠶᠠᠭᠰᠠᠨ ᠪᠤᠶᠤ ᠰᠢᠪᠠᠳᠠᠨ ᠰᠢᠢᠳᠪᠦᠷᠢᠯᠡᠭᠦᠯᠦᠭᠰᠡᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢᠶᠠᠷ ᠰᠤᠳᠤᠯᠤᠨ ᠪᠠᠲᠤᠯᠠᠭᠰᠠᠨ ᠪᠤᠰᠤᠳ ᠪᠡᠯᠡ ᠣᠷᠣᠭᠤᠯᠤᠯᠲᠠ ᠶᠢᠨ ᠲᠥᠷᠥᠯ ᠵᠦᠢᠯ᠃ ᠳᠣᠣᠷ᠎ᠠ ᠵᠢᠭᠰᠠᠭᠠᠭᠰᠠᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠡᠭᠦᠨ ᠳᠤ ᠪᠠᠭᠲᠠᠬᠤ ᠦᠭᠡᠢ᠄ ᠨᠣᠴᠣᠮᠠᠲᠠᠭᠠᠢ ᠲᠡᠰᠦᠷᠡᠮᠡᠲᠡᠭᠡᠢ ᠠᠶᠤᠯᠲᠤ ᠪᠣᠳᠠᠰ᠂ ᠠᠶᠤᠯᠲᠠᠢ ᠬᠢᠮᠢ ᠶᠢᠨ ᠪᠣᠳᠠᠰ᠂ ᠬᠢᠮᠢ ᠶᠢᠨ ᠠᠵᠤ ᠦᠢᠯᠡᠳᠪᠦᠷᠢ ᠵᠡᠷᠭᠡ ᠵᠦᠢᠯᠡᠰ᠂ ᠮᠡᠷᠭᠡᠵᠢᠯ ᠤᠨ ᠬᠦᠴᠢᠷᠳᠡᠯ ᠢᠶᠠᠷ ᠣᠨᠴᠠᠭᠠᠶ ᠥᠨᠳᠥᠷ᠂ ᠵᠢᠷᠤᠭ ᠲᠥᠯᠥᠪᠯᠡᠭᠡ ᠨᠢ ᠣᠨᠴᠠᠭᠠᠶ ᠪᠤᠳᠤᠯᠢᠶᠠᠨᠲᠠᠢ ᠵᠦᠢᠯᠡᠰ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ᠂ ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠵᠦᠢᠯᠡᠰ ᠵᠢᠴᠢ ᠣᠷᠣᠨ ᠪᠦᠰᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠬᠤ ᠵᠦᠢᠯᠡᠰ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠭᠢ ᠶᠢᠨ ᠰᠤᠷᠪᠤᠯᠵᠢ ᠵᠡᠷᠭᠡ ᠬᠦᠷᠢᠶᠡᠨ ᠳᠠᠬᠢ ᠴᠢᠬᠤᠯᠠ ᠶᠡᠭᠡ ᠵᠦᠢᠯᠡᠰ ᠪᠠᠭᠲᠠᠨ᠎ᠠ᠃ ᠬᠤᠶᠠᠷ᠂ ︽ᠰᠠᠨᠠᠯ︾ ᠳᠤ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠤ ᠠᠮᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠭᠤᠣᠯ ᠠᠷᠭ᠎ᠠ ᠬᠡᠮᠵᠢᠶ᠎ᠡ ᠨᠢ ᠶᠠᠭᠤ ᠶᠠᠭᠤ ᠪᠠᠶᠢᠬᠤ ᠪᠣᠶ︖ ᠬᠠᠷᠢᠭᠤᠯᠲᠠ᠄ 1.ᠠᠵᠤ ᠠᠬᠤᠶᠢᠯᠠᠯ ᠨᠢ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠶᠢ ᠬᠠᠩᠭᠠᠬᠤ ᠮᠥᠷᠲᠡᠭᠡᠨ ᠪᠠᠷᠢᠯᠭ᠎ᠠ ᠶᠢᠨ ᠵᠦᠢᠯᠡᠰ ᠤᠨ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ︵ᠡᠰᠡᠬᠦᠯ᠎ᠡ ᠬᠡᠰᠡᠭ ᠮᠡᠷᠭᠡᠵᠢᠯ ᠤᠨ ᠴᠢᠨᠠᠷᠲᠠᠢ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ︶ ᠪᠠᠶᠢᠪᠠᠯ᠂ ᠠᠮᠠᠯᠠᠯᠲᠠ ᠶᠢᠨ ᠪᠢᠴᠢᠭ ᠲᠣᠭᠲᠠᠭᠠᠵᠤ᠂ ᠨᠢᠭᠡ ᠠᠵᠢᠯᠯᠠᠬᠤ ᠡᠳᠦᠷ ᠤᠨ ᠳᠣᠲᠣᠷ᠎ᠠ ᠪᠠᠷᠢᠯᠭ᠎ᠠ ᠶᠢᠨ ᠠᠵᠢᠯ ᠤᠨ ᠮᠡᠳᠡᠭᠳᠡᠯ ᠤᠨ ᠪᠢᠴᠢᠭ ᠢ ᠬᠢᠨᠠᠨ ᠣᠯᠭᠤᠵᠤ ᠪᠣᠯᠣᠨ᠎ᠠ᠃ 2. ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ ᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠦᠬᠦᠯᠢ ᠴᠣᠭᠴᠠ ᠪᠤᠶᠤ ᠬᠡᠰᠡᠭ ᠢ ᠦᠨᠳᠦᠰᠦᠯᠡᠨ ᠬᠢᠨᠠᠨ ᠣᠯᠭᠤᠵᠤ ᠪᠣᠯᠣᠨ᠎ᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ ︵1︶ ᠰᠠᠭᠤᠷᠢ ᠪᠠᠷᠢᠯᠭ᠎ᠠ ᠶᠢᠨ ᠬᠡᠰᠡᠭ ︵2︶ ᠭᠤᠣᠯ ᠴᠣᠭᠴᠠᠲᠤ ᠪᠠᠷᠢᠯᠭ᠎ᠠ ᠶᠢᠨ ᠬᠡᠰᠡᠭ ︵3︶ ᠪᠤᠰᠤᠳ ᠪᠠᠷᠢᠯᠭ᠎ᠠ ᠶᠢᠨ ᠬᠡᠰᠡᠭ ᠭᠤᠷᠪᠠ᠂ ︽ᠰᠠᠨᠠᠯ︾ ᠳᠤ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠤ ᠠᠮᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠠᠮᠠᠯᠠᠯᠲᠠ ᠶᠢᠨ ᠵᠦᠢᠯᠡᠰ ᠲᠤ ᠶᠠᠭᠤ ᠶᠠᠭᠤ ᠪᠠᠶᠢᠬᠤ ᠪᠣᠶ︖ ᠬᠠᠷᠢᠭᠤᠯᠲᠠ᠄ ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ   ᠢ ᠬᠢᠨᠠᠨ ᠣᠯᠭᠤᠬᠤ   ᠠᠴᠠ ᠡᠮᠦᠨ᠎ᠡ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠨᠢᠭᠡᠴᠡ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠳᠣᠣᠷᠠᠬᠢ ᠬᠢᠨᠠᠨ ᠵᠥᠪᠰᠢᠶᠡᠷᠡᠬᠦ ᠵᠦᠢᠯᠡᠰ   ᠢ ᠭᠦᠢᠴᠡᠳᠬᠡᠬᠦ ᠪᠠᠷ ᠠᠮᠠᠯᠠᠬᠤ ᠬᠡᠷᠡᠭᠲᠡᠢ᠄ 1. ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠢ 1 ᠰᠠᠷ᠎ᠠ ᠶᠢᠨ ᠳᠣᠲᠣᠷ᠎ᠠ ᠭᠦᠢᠴᠡᠳᠬᠡᠵᠦ ᠳᠠᠭᠤᠰᠬᠠᠨ᠎ᠠ᠃ 2. ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ᢭ᠢ 4 ᠰᠠᠷ᠎ᠠ ᠶᠢᠨ ᠳᠣᠲᠣᠷ᠎ᠠ ᠭᠦᠢᠴᠡᠳᠬᠡᠵᠦ ᠳᠠᠭᠤᠰᠬᠠᠨ᠎ᠠ᠃ 3. ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠢ 6 ᠰᠠᠷ᠎ᠠ ᠶᠢᠨ ᠳᠣᠲᠣᠷ᠎ᠠ ᠭᠦᠢᠴᠡᠳᠬᠡᠵᠦ ᠳᠠᠭᠤᠰᠬᠠᠨ᠎ᠠ᠃ 4. ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠶᠢ ᠲᠥᠷᠥᠯ ᠵᠦᠢᠯ ᠤᠨ ᠡᠭᠦᠷᠢᠳᠡ ᠶᠢᠨ ᠴᠢᠨᠠᠷᠲᠠᠢ ᠢᠨᠵᠧᠨᠧᠷᠢᠩ ᠢ ᠵᠢᠩᠬᠢᠨᠢ ᠪᠠᠷ ᠡᠬᠢᠯᠡᠬᠦ  ᠠᠴᠠ ᠡᠮᠦᠨ᠎ᠡ ᠭᠦᠢᠴᠡᠳᠬᠡᠵᠦ ᠳᠠᠭᠤᠰᠬᠠᠨ᠎ᠠ᠃ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠬᠦ᠂ ᠲᠠᠯᠠᠪᠤᠷ ᠭᠠᠵᠠᠷ ᠢ ᠲᠡᠭᠰᠢᠯᠡᠬᠦ᠂ ᠬᠠᠭᠤᠴᠢᠨ ᠪᠠᠷᠢᠯᠭ᠎ᠠ ᠶᠢ ᠨᠤᠷᠠᠭᠠᠬᠤ᠂ ᠲᠦᠷ ᠴᠠᠭ ᠤᠨ ᠪᠠᠷᠢᠯᠭ᠎ᠠ᠂ ᠪᠠᠷᠢᠯᠭ᠎ᠠ ᠶᠢᠨ ᠠᠵᠢᠯ ᠳᠤ ᠬᠡᠷᠡᠭᠯᠡᠬᠦ ᠲᠦᠷ ᠴᠠᠭ ᠤᠨ ᠵᠠᠮ᠂ ᠤᠰᠤ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ ᠵᠡᠷᠭᠡ ᠶᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠳᠤ ᠲᠣᠭᠠᠴᠠᠭᠳᠠᠬᠤ ᠦᠭᠡᠢ︶ 5. ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠬᠢᠨᠠᠨ ᠵᠥᠪᠰᠢᠶᠡᠷᠡᠬᠦ᠂ ᠠᠮᠤᠷ ᠲᠦᠪᠰᠢᠨ ᠤ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢᠨ ᠲᠤᠰᠬᠠᠢ ᠬᠡᠰᠡᠭ ᠢ ᠬᠢᠨᠠᠨ ᠪᠠᠶᠢᠴᠠᠭᠠᠬᠤ᠂ ᠠᠵᠢᠯ ᠮᠡᠷᠭᠡᠵᠢᠯ ᠤᠨ ᠬᠤᠣᠷ ᠬᠥᠨᠥᠭᠡᠯ ᠤᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠲᠥᠷᠥᠯ ᠵᠦᠢᠯ ᠤᠨ ᠠᠵᠢᠯ ᠳᠠᠭᠤᠰᠬᠤ   ᠠᠴᠠ ᠡᠮᠦᠨ᠎ᠡ ᠭᠦᠢᠴᠡᠳᠬᠡᠵᠦ ᠳᠠᠭᠤᠰᠬᠠᠨ᠎ᠠ᠃ ᠳᠥᠷᠪᠡ᠂ ︽ᠰᠠᠨᠠᠯ︾ ᠳᠤ ᠪᠡᠯᠡ ᠣᠷᠣᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠳᠤ ᠠᠮᠠᠯᠠᠯᠲᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢᠨ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠣᠶ︖ ᠬᠠᠷᠢᠭᠤᠯᠲᠠ᠄ 1. ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ ᠪᠣᠯ ᠲᠦᠷ ᠴᠠᠭ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠭᠡᠷᠡᠴᠢ ᠪᠠᠷᠢᠮᠲᠠ ᠪᠣᠯᠣᠨ᠎ᠠ᠂ ᠲᠡᠭᠦᠨ ᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠪᠠ ᠪᠤᠰᠤᠳ ᠭᠠᠷ ᠭᠦᠢᠴᠡᠳᠬᠡᠯ ᠤᠨ ᠭᠡᠷᠡᠴᠢ ᠪᠠᠷᠢᠮᠲᠠ ᠪᠣᠯᠭᠠᠬᠤ ᠦᠭᠡᠢ᠃ ᠪᠠᠷᠢᠯᠭ᠎ᠠ ᠪᠠᠷᠢᠬᠤ ᠮᠡᠳᠡᠭᠳᠡᠯ  ᠪᠢᠴᠢᠭ ᠤᠨ ᠬᠦᠴᠦᠨ ᠲᠠᠢ ᠬᠤᠭᠤᠴᠠᠭ᠎ᠠ ᠨᠢ 6 ᠰᠠᠷ᠎ᠠ ᠪᠣᠯᠣᠨ᠎ᠠ᠂ ᠬᠡᠷᠪᠡ ᠤᠨᠴᠠᠭᠠᠢ ᠪᠠᠶᠢᠳᠠᠯ ᠲᠤᠯᠭᠠᠷᠠᠭᠠᠳ ᠬᠤᠭᠤᠴᠠᠭ᠎ᠠ ᠶᠣᠰᠣᠭᠠᠷ ᠪᠡᠶᠡᠯᠡᠭᠦᠯᠵᠦ ᠳᠡᠶᠢᠯᠬᠦ ᠦᠭᠡᠢ ᠪᠣᠯ ᠬᠤᠭᠤᠴᠠᠭ᠎ᠠ ᠲᠤᠯᠬᠤ ᠠᠴᠠ ᠡᠮᠦᠨ᠎ᠡ 1 ᠰᠠᠷ᠎ᠠ ᠲᠤ ᠬᠤᠭᠤᠴᠠᠭ᠎ᠠ ᠤᠷᠲᠤᠳᠬᠠᠬᠤ ᠪᠠᠷ ᠤᠷᠢᠳᠴᠢᠯᠠᠨ ᠭᠤᠶᠤᠴᠢᠯᠠᠵᠤ᠂ ᠬᠠᠮᠤᠭ ᠤᠨ ᠤᠳᠠᠭᠠᠨ ᠳᠠᠭᠠᠨ 3 ᠰᠠᠷ᠎ᠠ ᠤᠷᠲᠤᠳᠬᠠᠵᠤ ᠪᠣᠯᠣᠨ᠎ᠠ᠃ 2. ᠪᠠᠷᠢᠯᠭ᠎ᠠ ᠪᠠᠷᠢᠬᠤ ᠮᠡᠳᠡᠭᠳᠡᠯ ᠤᠨ ᠪᠢᠴᠢᠭ ᠢ ᠬᠢᠨᠠᠨ ᠣᠯᠭᠤᠭᠰᠠᠨ ᠤ ᠲᠠᠷᠠᠭ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠡ ᠨᠦᠭᠦᠳ ᠣᠷᠴᠢᠨ ᠲᠣᠭᠤᠷᠢᠨ ᠬᠠᠮᠠᠭᠠᠯᠠᠬᠤ᠂ ᠠᠶᠤᠯ ᠦᠭᠡᠢ ᠦᠢᠯᠡᠳᠪᠦᠷᠢᠯᠡᠬᠦ᠂ ᠣᠨᠴᠠ ᠲᠥᠷᠥᠯ ᠤᠨ ᠲᠥᠬᠦᠭᠡᠷᠦᠮᠵᠢ ᠶᠢ ᠠᠶᠤᠯ ᠦᠭᠡᠢ ᠬᠡᠷᠡᠭᠯᠡᠬᠦ ᠵᠡᠷᠭᠡ ᠬᠠᠮᠢᠶ᠎ᠠ ᠪᠦᠬᠦᠢ ᠠᠵᠢᠯ ᠢ ᠴᠢᠩᠭ᠎ᠠ ᠰᠠᠶᠢᠲᠤᠷ ᠬᠢᠬᠦ ᠬᠡᠷᠡᠭᠲᠡᠢ᠃ 3. ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠨᠢᠭᠡᠴᠡ ᠶᠢᠨ ᠠᠮᠠᠯᠠᠭᠰᠠᠨ ᠵᠦᠢᠯᠡᠰ ᠢ ᠲᠣᠬᠢᠷᠠᠭᠤᠯᠤᠨ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠡ ᠶᠢ  ᠱᠠᠯᠠᠪᠳᠠᠭᠤᠯᠵᠦ ᠪᠠᠶᠢᠭᠠᠳ ᠠᠮᠠᠯᠠᠭᠰᠠᠨ ᠴᠠᠭ ᠤᠨ ᠵᠠᠩᠭᠢᠶᠠᠰᠤ ᠶᠣᠰᠣᠭᠠᠷ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠵᠦᠢᠯᠡᠰ ᠢ ᠪᠡᠶᠡᠯᠡᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号