ᠰᠢᠯᠭᠠᠯᠲᠠ ᠶᠢᠨ ᠬᠠᠭᠤᠳᠠᠰᠤ ᠪᠠᠨ ᠲᠤᠰᠢᠶᠠᠪᠠ᠄ 2023 ᠣᠨ ᠳᠤ᠂ ᠬᠤᠩ ᠢᠦᠢ ᠬᠡᠲᠦ ᠳᠡᠯᠭᠡᠭᠦᠷ᠂ | ᠱᠤᠸᠠᠩ ᠯᠢ ᠬᠡᠲᠦ ᠳᠡᠯᠭᠡᠭᠦᠷ ᠢ ᠬᠥᠲᠥᠯᠥᠨ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠰ ᠤᠨ ︽ | ᠰᠠᠨᠠᠭ᠎ᠠ ᠠᠮᠤᠷ ᠮᠢᠬ᠎ᠠ ᠨᠣᠭᠤᠭ᠎ᠠ ᠶᠢᠨ ᠵᠢᠱᠢᠶ᠎ᠡ ᠦᠵᠡᠭᠦᠯᠬᠦ ᠬᠡᠲᠦ ᠳᠡᠯᠭᠡᠭᠦᠷ︾ ᠢ ᠪᠠᠶᠢᠭᠤᠯᠵᠤ᠂ ᠣᠲᠣ ᠨᠢᠭᠡᠨᠲᠡ | ᠰᠢᠯᠭᠠᠷᠠᠭᠤᠯᠤᠯᠲᠠ ᠳᠤ ᠬᠢᠷᠢ ᠲᠡᠩᠴᠡᠪᠡ︔ ᠢᠳᠡᠭᠡᠨ ᠤᠮᠳᠠᠭᠠᠨ ᠬᠢᠭᠡᠳ ᠢᠳᠡᠭᠡᠨ ᠤᠮᠳᠠᠭᠠᠨ ᠤ ᠠᠵᠢᠯ | ᠲᠥᠷᠥᠯ ᠤᠨ ᠨᠡᠶᠢᠭᠡᠮᠯᠢᠭ ᠢ ᠵᠣᠬᠢᠶᠠᠨ ᠪᠠᠶᠢᠭᠤᠯᠤᠨ ᠪᠠᠶᠢᠭᠤᠯᠵᠤ᠂ 150 ᠭᠡᠰᠢᠭᠦᠨ ᠨᠢᠭᠡᠴᠡ ᠶᠢ ᠡᠯᠰᠡᠨ ᠠᠪᠴᠤ᠂ | ᠲᠦᠩᠯᠢᠶᠣᠣ ᠬᠤᠲᠠ ᠶᠢᠨ ᠢᠳᠡᠭᠡᠨ ᠤᠮᠳᠠᠭᠠᠨ ᠬᠢᠭᠡᠳ ᠵᠣᠴᠢᠳ ᠤᠨ ᠪᠠᠭᠤᠳᠠᠯ ᠤᠨ ᠠᠵᠢᠯ ᠲᠥᠷᠥᠯ ᠤᠨ | ᠨᠡᠶᠢᠭᠡᠮᠯᠢᠭ ᠲᠠᠢ ᠬᠠᠮᠲᠤᠷᠠᠨ 200 ︽ᠰᠠᠨᠠᠭ᠎ᠠ ᠠᠮᠤᠷ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠳᠡᠯᠭᠡᠭᠦᠷ︾ ᠢ | ᠰᠢᠯᠭᠠᠷᠠᠭᠤᠯᠤᠨ ᠭᠠᠷᠭᠠᠬᠤ ᠶᠢᠨ ᠬᠠᠮᠲᠤ ᠫᠠᠶᠢᠰᠠ ᠣᠯᠭᠤᠪᠠ︔ ᠢᠳᠡᠭᠡᠨ ᠤᠮᠳᠠᠭᠠᠨ ᠤ 4 ᠵᠢᠱᠢᠶ᠎ᠡ ᠦᠵᠡᠭᠦᠯᠬᠦ | ᠵᠡᠭᠡᠯᠢ᠂ 260 ᠵᠢᠱᠢᠶ᠎ᠡ ᠦᠵᠡᠭᠦᠯᠬᠦ ᠳᠡᠯᠭᠡᠭᠦᠷ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ︽ᠨᠠᠢᠮᠠ ᠶᠢ | ᠪᠠᠷᠢᠮᠵᠢᠶ᠎ᠠ ᠳᠤ ᠬᠦᠷᠭᠡᠬᠦ︾ ᠪᠠ ︽ᠭᠤᠷᠪᠠ ᠶᠢ 100%︾ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠡᠭᠦᠨ ᠳᠤ᠂ ᠵᠢᠶᠠ | ᠶᠤᠸᠠᠨ ᠪᠠᠭ᠎ᠠ ᠲᠣᠭᠤᠷᠢᠭ ᠤᠨ ᠴᠢᠨᠠᠷ ᠰᠠᠶᠢᠲᠠᠢ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠵᠡᠭᠡᠯᠢ ᠶᠢ ᠥᠪᠡᠷᠲᠡᠭᠡᠨ | ᠵᠠᠰᠠᠬᠤ ᠣᠷᠣᠨ ᠠᠴᠠ ᠪᠦᠬᠦ ᠣᠷᠣᠨ ᠤ ᠠᠷᠪᠠᠨ ᠵᠤᠷᠪᠤᠰ ᠰᠠᠨᠠᠭ᠎ᠠ ᠠᠮᠤᠷ ᠬᠡᠷᠡᠭᠯᠡᠭᠡᠨ ᠤ ᠢᠳᠡᠭᠡᠨ ᠤᠮᠳᠠᠭᠠᠨ ᠤ | ᠵᠢᠱᠢᠶ᠎ᠡ ᠦᠵᠡᠭᠦᠯᠬᠦ ᠵᠡᠭᠡᠯᠢ ᠶᠢᠨ ᠨᠢᠭᠡ ᠪᠠᠷ ᠦᠨᠡᠯᠡᠪᠡ︔ ᠰᠠᠨᠠᠭ᠎ᠠ ᠠᠮᠤᠷ ᠬᠡᠷᠡᠭᠯᠡᠭᠡ ᠶᠢ ᠡᠭᠦᠳᠦᠨ ᠪᠠᠶᠢᠭᠤᠯᠬᠤ | ᠪᠠᠷᠢᠮᠵᠢᠶ᠎ᠠ ᠲᠠᠢ ᠬᠠᠷᠢᠴᠠᠭᠤᠯᠵᠤ᠂ ᠬᠤᠩ ᠢᠦᠢ ᠬᠤᠳᠠᠯᠳᠤᠭᠠᠨ ᠤ ᠲᠠᠯᠠᠪᠠᠶ ᠶᠢᠨ A ᠰᠠᠭᠤᠳᠠᠯ ᠢ ᠬᠥᠲᠥᠯᠥᠨ | ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠠᠨᠠᠭ᠎ᠠ ᠠᠮᠤᠷ ᠬᠡᠷᠡᠭᠯᠡᠭᠡ ᠶᠢᠨ ᠵᠢᠱᠢᠶ᠎ᠡ | ᠦᠵᠡᠭᠦᠯᠬᠦ ᠵᠡᠭᠡᠯᠢ ᠲᠣᠭᠤᠷᠢᠭ︾ ︵ᠬᠤᠳᠠᠯᠳᠤᠭᠠᠨ ᠤ ᠲᠣᠭᠤᠷᠢᠭ︶ ᠢ ᠪᠠᠶᠢᠭᠤᠯᠵᠤ᠂ ᠣᠲᠣ ᠨᠢᠭᠡᠨᠲᠡ ᠬᠢᠨᠠᠨ | ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠪᠠᠶᠢᠨ᠎ᠠ᠃ | | | | | | | ︱ ︽ᠬᠤᠤᠯᠢᠩᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2023 | ᠣᠨ ᠤ ᠠᠵᠢᠯ ᠤᠨ ᠳ᠋ᠦᠩᠨᠡᠯᠲᠡ ᠪᠠ 2024 ᠣᠨ ᠤ ᠠᠵᠢᠯ ᠤᠨ ᠲᠥᠯᠥᠪᠯᠡᠭᠡ︾ | ᠬᠡᠷᠡᠭᠯᠡᠭᠡ ᠪᠣᠯ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠮᠥᠨ᠂ ᠬᠡᠷᠡᠭᠯᠡᠭᠡᠨ ᠤ ᠣᠷᠴᠢᠨ | ᠲᠣᠭᠤᠷᠢᠨ ᠨᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ | ᠲᠥᠷᠥᠭᠳᠡᠯ ᠲᠠᠢ ᠰᠢᠭᠤᠳ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠠᠴᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠲᠡᠷᠢᠭᠦᠨ ᠪᠠᠶᠢᠷᠢᠨ ᠳᠤ | ᠲᠠᠯᠪᠢᠵᠤ ᠪᠣᠳᠣᠯᠬᠢᠯᠠᠨ ᠲᠥᠯᠥᠪᠵᠢᠭᠦᠯᠵᠦ᠂ ︽ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ | ᠬᠡᠷᠡᠭᠯᠡᠭᠴᠢᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ︾ ᠪᠠᠷ ᠭᠤᠣᠯ ᠰᠢᠵᠢᠮ ᠪᠣᠯᠭᠠᠵᠤ᠂ ᠰᠢᠨ᠎ᠡ ᠳᠦᠷᠰᠦ | ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ | ᠠᠮᠢᠳᠤᠷᠠᠯ ᠢ ᠬᠠᠮᠠᠭᠠᠯᠠᠪᠠ᠃ | ︽ᠵᠠᠰᠠᠭ ᠤᠨ ᠣᠷᠳᠣᠨ ᠤ ᠳᠡᠮᠵᠢᠯᠭᠡ ᠪᠠ ᠵᠢᠯᠣᠭᠤᠳᠤᠯᠭ᠎ᠠ ᠶᠢᠨ ᠳᠣᠣᠷ᠎ᠠ᠂ ᠮᠠᠨ ᠤ ᠳᠡᠯᠭᠡᠭᠦᠷ ᠢᠳᠡᠭᠡᠨ ᠤ | ᠠᠮᠤᠷ ᠲᠦᠪᠰᠢᠨ ᠢ ᠤᠯᠠᠮ ᠠᠴᠠ ᠤᠯᠠᠮ ᠴᠢᠬᠤᠯᠠᠴᠢᠯᠠᠵᠤ ᠪᠠᠶᠢᠭ᠎ᠠ ᠪᠥᠭᠡᠳ ᠲᠣᠭᠤᠭᠠᠨ ᠭᠡᠷ᠂ ᠬᠤᠭᠤᠯᠠ | ᠢᠳᠡᠬᠦ ᠣᠷᠴᠢᠨ ᠲᠣᠭᠤᠷᠢᠨ ᠳᠤ ᠲᠤᠰᠬᠠᠢ ᠥᠭᠡᠷᠡᠴᠢᠯᠡᠯᠲᠡ ᠬᠢᠵᠦ᠂ ᠪᠠᠰᠠ ︿ᠢᠳᠡᠭᠡᠨ ᠤᠮᠳᠠᠭᠠᠨ ᠤ ᠵᠢᠱᠢᠶ᠎ᠡ | ᠦᠵᠡᠭᠦᠯᠬᠦ ᠳᠡᠯᠭᠡᠭᠦᠷ﹀ ᠤᠨ ᠫᠠᠶᠢᠰᠠ ᠶᠢ ᠡᠯᠭᠦᠭᠰᠡᠨ ᠪᠠᠶᠢᠨ᠎ᠠ᠂ ᠡᠨᠡ ᠨᠢ ᠪᠢᠳᠡᠨ ᠢ ᠤᠷᠮᠠᠰᠢᠭᠤᠯᠤᠨ | ᠵᠣᠷᠢᠭᠵᠢᠭᠤᠯᠤᠭᠰᠠᠨ ᠢᠶᠠᠷ ᠪᠠᠷᠠᠬᠤ ᠦᠭᠡᠢ᠂ ᠬᠡᠷᠡᠭᠯᠡᠭᠴᠢᠳ ᠤᠨ ᠢᠲᠡᠭᠡᠯ ᠢ ᠤᠯᠠᠮ ᠳᠡᠭᠡᠭᠰᠢᠯᠡᠭᠦᠯᠵᠦ ᠪᠠᠶᠢᠨ᠎ᠠ᠂ | ᠣᠳᠣ ᠮᠠᠨ ᠤ ᠪᠣᠷᠤᠯᠠᠭᠤᠯᠭ᠎ᠠ ᠶᠢᠨ ᠬᠡᠮᠵᠢᠶ᠎ᠡ ᠴᠦ ᠨᠡᠮᠡᠭᠳᠡᠭᠰᠡᠭᠡᠷ ᠪᠠᠶᠢᠨ᠎ᠠ︾ ᠭᠡᠵᠦ ᠬᠡᠯᠡᠭᠰᠡᠨ ᠪᠠᠶᠢᠨ᠎ᠠ᠃ | ᠵᠠᠰᠠᠭ ᠤᠨ ᠣᠷᠳᠣᠨ ᠤ ᠳᠡᠮᠵᠢᠯᠭᠡ ᠪᠠ ᠵᠢᠯᠣᠭᠤᠳᠤᠯᠭ᠎ᠠ ᠶᠢᠨ ᠳᠣᠣᠷ᠎ᠠ ᠮᠠᠨ ᠤ ᠳᠡᠯᠭᠡᠭᠦᠷ ᠢᠳᠡᠭᠡᠨ ᠤ ᠠᠮᠤᠷ | ᠲᠦᠪᠰᠢᠨ ᠢ ᠤᠯᠠᠮ ᠢᠯᠡᠭᠦᠦ ᠴᠢᠬᠤᠯᠠᠴᠢᠯᠠᠨ ᠦᠵᠡᠵᠦ ᠪᠠᠶᠢᠨ᠎ᠠ᠂ ᠡᠨᠡ ᠨᠢ ᠮᠠᠨ ᠤ ᠪᠣᠷᠤᠯᠠᠭᠤᠯᠭ᠎ᠠ ᠶᠢᠨ | ᠬᠡᠮᠵᠢᠶ᠎ᠡ ᠶᠢ ᠳᠡᠭᠡᠭᠰᠢᠯᠡᠭᠦᠯᠵᠦ ᠪᠠᠶᠢᠨ᠎ᠠ︾ ᠬᠡᠮᠡᠨ ᠬᠠᠨ ᠰᠢᠶᠠᠩ ᠭᠧ ᠲᠠᠭᠲᠤ ᠶᠢᠨ ᠪᠠᠢ ᠣᠪᠣᠭᠲᠤ ᠶᠢᠨ | ᠬᠠᠭᠤᠴᠢᠨ ᠳᠡᠯᠭᠡᠭᠦᠷ ᠤᠨ ᠳᠠᠷᠤᠭ᠎ᠠ ᠯᠢᠦ ᠠᠪᠤᠭᠠᠢ ᠪᠠᠶᠠᠷᠲᠠᠢ ᠪᠠᠷ ᠬᠡᠯᠡᠪᠡ᠃ | | | | | ᠰᠠᠨᠠᠭ᠎ᠠ ᠠᠮᠤᠷ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠵᠡᠭᠡᠯᠢ ᠶᠢ ᠡᠭᠦᠳᠦᠨ ᠪᠠᠶᠢᠭᠤᠯᠬᠤ ᠰᠢᠷᠢᠰ | ᠠᠵᠢᠯᠯᠠᠭ᠎ᠠ ᠶᠢ ᠬᠦᠴᠦᠲᠡᠢ ᠥᠷᠨᠢᠭᠦᠯᠬᠦ ᠶᠢᠨ ᠲᠥᠯᠥᠭᠡ᠂ ᠲᠤᠰ ᠲᠣᠪᠴᠢᠶ᠎ᠠ ᠨᠢ ︽ᠪᠠᠷᠢᠮᠵᠢᠶ᠎ᠠ ᠲᠣᠭᠲᠠᠭᠠᠵᠤ᠂ ᠬᠡᠪ | ᠳᠠᠭᠤᠷᠢᠶᠠᠯ ᠦᠵᠡᠭᠦᠯᠵᠦ᠂ ᠳᠡᠭᠡᠭᠰᠢᠯᠡᠭᠦᠯᠬᠦ ᠶᠢ ᠠᠬᠢᠭᠤᠯᠬᠤ︾ ᠪᠠᠷ ᠬᠠᠷᠠᠯᠲᠠ ᠪᠣᠯᠭᠠᠵᠤ᠂ ︽1234︾ | ᠠᠵᠢᠯ ᠤᠨ ᠠᠷᠭ᠎ᠠ ᠶᠢ ᠬᠡᠷᠡᠭᠵᠢᠭᠦᠯᠵᠦ᠂ ᠳᠠᠷᠤᠢ ︽ᠨᠠᠢᠮᠠ ᠶᠢ ᠪᠠᠷᠢᠮᠵᠢᠶ᠎ᠠ ᠳᠤ ᠬᠦᠷᠭᠡᠬᠦ︾ ᠪᠠ ︽ᠭᠤᠷᠪᠠᠨ | 100%︾ ᠪᠠᠷ ᠪᠠᠷᠢᠮᠵᠢᠶ᠎ᠠ ᠪᠣᠯᠭᠠᠵᠤ᠂ ᠰᠠᠨᠠᠭ᠎ᠠ ᠠᠮᠤᠷ ᠢᠳᠡᠭᠡᠨ ᠤᠮᠳᠠᠭᠠᠨ ᠤ ᠵᠢᠱᠢᠶ᠎ᠡ ᠦᠵᠡᠭᠦᠯᠬᠦ ᠵᠡᠭᠡᠯᠢ ᠶᠢ | ᠡᠭᠦᠳᠦᠨ ᠪᠠᠶᠢᠭᠤᠯᠬᠤ ᠶᠢ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠯᠤᠭ᠎ᠠ | ᠬᠠᠷᠢᠯᠴᠠᠨ ᠤᠶᠠᠯᠳᠤᠭᠤᠯᠵᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢ ᠵᠢᠷᠤᠮᠵᠢᠭᠤᠯᠤᠨ᠂ ᠳᠦᠷᠢᠮ ᠢ | ᠵᠢᠷᠤᠮᠵᠢᠭᠤᠯᠤᠨ ᠲᠡᠭᠦᠯᠳᠡᠷᠵᠢᠭᠦᠯᠵᠦ᠂ ᠪᠠᠶᠢᠷᠢᠰᠢᠭᠤᠯᠤᠯᠲᠠ ᠶᠢᠨ ᠴᠤᠪᠤᠷᠠᠯ ᠢ ᠵᠢᠷᠤᠮᠵᠢᠭᠤᠯᠤᠨ᠂ ᠣᠶᠤᠨᠴᠢ ᠪᠠᠷ | ᠬᠢᠨᠠᠨ ᠬᠠᠮᠢᠶᠠᠷᠬᠤ᠂ ᠬᠡᠮᠵᠢᠶᠡᠵᠢᠭᠦᠯᠦᠨ ᠲᠠᠰ ᠬᠤᠪᠢᠶᠠᠬᠤ᠂ ᠰᠠᠯᠬᠢᠨ ᠤ ᠡᠵᠡᠮᠳᠡᠯ ᠤᠨ ᠲᠠᠪᠴᠠᠩ᠂ ᠪᠡᠯᠡᠳᠬᠡᠮᠵᠢ ᠶᠢᠨ | ᠬᠤᠷᠴᠠ ᠵᠡᠪᠰᠡᠭ ᠵᠡᠷᠭᠡ ᠳᠥᠷᠪᠡᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ︽ᠢᠨᠲ᠋ᠧᠷ ᠰᠦᠯᠵᠢᠶ᠎ᠡ + | ᠣᠶᠤᠨᠴᠢ ᠪᠠᠷ ᠬᠢᠨᠠᠨ ᠬᠠᠮᠢᠶᠠᠷᠬᠤ︾ ᠶᠢᠨ ᠰᠢᠨ᠎ᠡ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠢᠱᠢᠶ᠎ᠡ ᠦᠵᠡᠭᠦᠯᠬᠦ | ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠵᠦ︾᠂ ︽ᠥᠨᠳᠥᠷ ᠬᠢᠷᠢ ᠲᠦᠪᠰᠢᠨ︾ | ᠢ ᠢᠯᠡᠷᠡᠭᠦᠯᠬᠦ ᠶᠢ ᠠᠬᠢᠭᠤᠯᠤᠨ᠎ᠠ᠃ | ᠡᠭᠦᠨ ᠤ ᠬᠠᠮᠲᠤ᠂ ᠲᠤᠰ ᠲᠣᠪᠴᠢᠶ᠎ᠠ ᠠᠵᠤ ᠠᠬᠤᠶᠢᠯᠠᠯ ᠳᠤ ᠠᠰᠢᠭ ᠬᠦᠷᠲᠡᠭᠡᠵᠦ ᠠᠵᠤ ᠠᠬᠤᠶᠢᠯᠠᠯ ᠳᠤ | ᠠᠰᠢᠭ ᠬᠦᠷᠲᠡᠭᠡᠬᠦ ᠤᠳᠤᠷᠢᠳᠤᠮᠵᠢ ᠶᠢ ᠪᠠᠷᠢᠮᠲᠠᠯᠠᠵᠤ᠂ ᠲᠣᠭᠲᠠᠭᠠᠯ ᠤᠨ ᠲᠠᠯ᠎ᠠ ᠪᠠᠷ ᠬᠢ ᠠᠵᠤ ᠠᠬᠤᠶᠢᠯᠠᠯ᠂ ᠳᠤᠮᠳᠠ | ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠡᠯ᠎ᠡ ᠠᠵᠢᠯ | ᠲᠥᠷᠥᠯ ᠡᠯ᠎ᠡ ᠬᠦᠷᠢᠶᠡᠨ ᠳᠠᠬᠢ 20 ᠲᠥᠯᠥᠭᠡᠯᠡᠬᠦ ᠴᠢᠨᠠᠷᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠣᠩᠭᠤᠨ | ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢ ᠬᠢᠨᠠᠨ ᠬᠡᠮᠵᠢᠬᠦ ︽ᠬᠠᠷᠠᠭᠤᠯ ᠤᠨ ᠴᠡᠭ︾ | ᠪᠣᠯᠭᠠᠵᠤ᠂ ᠭᠤᠣᠯᠳᠠᠭᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ᠂ ᠠᠵᠢᠯ | ᠲᠥᠷᠥᠯ ᠤᠨ ᠨᠡᠶᠢᠭᠡᠮᠯᠢᠭ ᠤᠨ ᠰᠦᠢᠳᠬᠡᠯ ᠬᠤᠷᠢᠶᠠᠯᠲᠠ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠦᠨ᠎ᠡ ᠬᠠᠩᠰᠢ | ᠵᠡᠷᠭᠡ ᠶᠢ ᠬᠢᠨᠠᠨ ᠬᠡᠮᠵᠢᠵᠦ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠬᠡᠯ ᠬᠤᠷᠢᠶᠠᠯᠲᠠ ᠶᠢᠨ ᠲᠠᠯ᠎ᠠ ᠶᠢᠨ | ᠠᠰᠠᠭᠤᠳᠠᠯ᠂ ᠰᠠᠨᠠᠭᠤᠯᠭ᠎ᠠ᠂ ᠰᠦᠪᠡᠭᠴᠢ ᠶᠢ ᠬᠤᠷᠢᠶᠠᠨ ᠴᠤᠭᠯᠠᠭᠤᠯᠵᠤ ᠬᠠᠷᠢᠭᠤ ᠲᠤᠰᠬᠠᠨ᠂ ᠡᠷᠬᠡ ᠲᠡᠭᠰᠢ ᠪᠠᠷ | ᠥᠷᠢᠰᠦᠯᠳᠦᠬᠦ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ︔ ᠢᠳᠡᠭᠡᠨ ᠤ ᠠᠮᠤᠷ ᠲᠦᠪᠰᠢᠨ ᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠷᠭᠠᠭᠤᠯᠢ ᠶᠢᠨ ᠬᠤᠭᠤᠯᠠᠨ ᠭᠡᠷ᠂ ᠲᠣᠮᠣ ᠬᠡᠯᠪᠡᠷᠢ ᠶᠢᠨ | ᠬᠤᠳᠠᠯᠳᠤᠭᠠᠨ ᠤ ᠬᠡᠲᠦ ᠳᠡᠯᠭᠡᠭᠦᠷ᠂ ᠢᠳᠡᠭᠡᠨ ᠤ ᠵᠢᠵᠢᠭ ᠦᠢᠯᠡᠳᠬᠡᠯ᠂ ᠠᠵᠤ ᠠᠬᠤᠶᠢᠯᠠᠯ ᠤᠨ ᠬᠤᠭᠤᠯᠠᠨ ᠭᠡᠷ᠂ | ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠯᠠᠪᠤᠷ ᠭᠠᠵᠠᠷ ᠲᠤ ᠬᠢᠨᠠᠯᠲᠠ ᠲᠠᠯᠪᠢᠬᠤ ᠡᠷᠴᠢᠮ ᠢᠶᠠᠨ | ᠴᠢᠩᠭᠠᠷᠠᠭᠤᠯᠵᠤ᠂ ᠬᠠᠮᠢᠶᠠᠷᠤᠯᠲᠠ ᠶᠢᠨ ︽ᠬᠠᠲᠠᠭᠤ ᠪᠣᠳᠠᠲᠤ ᠬᠦᠴᠦᠨ︾ ᠢ ᠳᠡᠭᠡᠭᠰᠢᠯᠡᠭᠦᠯᠦᠨ᠂ ᠦᠢᠯᠡᠴᠢᠯᠡᠭᠡᠨ ᠤ | ︽ᠵᠥᠭᠡᠯᠡᠨ ᠣᠷᠴᠢᠨ ᠲᠣᠭᠤᠷᠢᠨ︾ ᠢ ᠲᠠᠰ ᠳᠡᠪᠰᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠦᠢᠯᠡᠳᠬᠦᠨ ᠤ ᠶᠠᠩᠵᠤ ᠬᠡᠯᠪᠡᠷᠢ ᠶᠢ ᠰᠢᠨ᠎ᠡ ᠪᠠᠷ ᠡᠭᠦᠳᠴᠦ᠂ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠦᠨᠡᠨᠴᠢ ᠰᠡᠳᠬᠢᠯ ᠢᠶᠠᠷ ᠮᠠᠭᠲᠠᠭᠠᠯ ᠰᠠᠶᠢᠰᠢᠶᠠᠯ ᠢ ᠣᠯᠵᠤ᠂ | ᠬᠡᠷᠡᠭᠯᠡᠭᠴᠢᠳ ᠤᠨ ᠣᠯᠠᠨ ᠳᠠᠪᠬᠤᠷ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | | | | | ᠬᠡᠷᠡᠭᠯᠡᠭᠡᠨ ᠤ ᠣᠷᠴᠢᠨ ᠨᠥᠬᠦᠴᠡᠯ ᠰᠠᠶᠢᠵᠢᠷᠠᠪᠠᠯ᠂ ᠬᠡᠷᠡᠭᠯᠡᠭᠡᠨ ᠤ ᠢᠲᠡᠭᠡᠯ ᠵᠣᠷᠢᠭ ᠢ ᠳᠡᠭᠡᠭᠰᠢᠯᠡᠭᠦᠯᠵᠦ᠂ | ᠬᠡᠷᠡᠭᠯᠡᠭᠡᠨ ᠤ ᠵᠠᠬ᠎ᠠ ᠳᠡᠯᠭᠡᠭᠦᠷ ᠢ ᠳᠤᠯᠠᠭᠠᠯᠠᠵᠤ ᠴᠢᠳᠠᠨ᠎ᠠ᠃ ᠳᠠᠷᠠᠭ᠎ᠠ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢᠶᠠᠨ ᠤᠯᠠᠮ | ᠴᠢᠨᠠᠭᠰᠢᠳᠠ ᠲᠡᠭᠦᠯᠳᠡᠷᠵᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢᠨ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠡᠷᠡᠭᠯᠡᠭᠡ ᠶᠢᠨ ᠲᠡᠰ ᠳᠡᠪᠰᠢᠬᠦ ᠰᠢᠨ᠎ᠡ ᠬᠡᠷᠡᠭᠴᠡᠭᠡ ᠶᠢ ᠬᠠᠩᠭᠠᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠠᠷᠠᠳ ᠤᠯᠠᠨ ᠤ | ᠬᠡᠷᠡᠭᠯᠡᠭᠡ ᠶᠢᠨ ᠬᠦᠷᠢᠶᠡᠨ ᠳᠠᠬᠢ ᠬᠦᠷᠲᠡᠮᠵᠢ ᠶᠢᠨ ᠲᠥᠷᠥᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯ ᠤᠨ | ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠵᠤ᠂ ᠠᠮᠤᠷ | ᠲᠦᠪᠰᠢᠨ ᠰᠠᠨᠠᠭ᠎ᠠ ᠠᠮᠤᠷ ᠪᠠᠶᠢᠬᠤ ᠶᠢᠨ ᠳᠤᠮᠳᠠ ᠠᠮᠢᠳᠤᠷᠠᠯ ᠤᠨ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ | ᠡᠳ᠋ᠯᠡᠭᠦᠯᠬᠦ ᠬᠡᠷᠡᠭᠲᠡᠢ᠃ | | |