ᠨᠢᠭᠡᠨ ᠵᠣᠯ ᠵᠢᠷᠭᠠᠯᠲᠤ ᠬᠤᠳᠠ ᠳᠤ ᠠᠷᠠᠳ ᠤᠨ ᠠᠮᠢᠳᠤᠷᠠᠯ ᠤᠨ ᠢᠯᠡ ᠲᠣᠳᠣ ᠰᠠᠭᠤᠷᠢ ᠥᠩᠭᠡ ᠪᠠᠶᠢᠬᠤ ᠨᠢ | ᠯᠠᠪᠲᠠᠢ᠃ 2023 ᠣᠨ ᠳᠤ᠂ ᠬᠤᠤᠯᠢᠩᠭᠤᠤᠯ ᠬᠤᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠠᠩᠬᠠᠷᠴᠤ ᠪᠠᠶᠢᠭ᠎ᠠ ᠣᠷᠣᠰᠢᠨ ᠰᠠᠭᠤᠬᠤ ᠳᠤ | ᠲᠣᠬᠢᠷᠠᠮᠵᠢᠲᠠᠢ᠂ ᠨᠠᠰᠤᠵᠢᠯ ᠤᠨ ᠠᠰᠠᠷᠠᠮᠵᠢ᠂ ᠠᠵᠢᠯ ᠣᠯᠭᠤᠯᠲᠠ ᠵᠡᠷᠭᠡ ︽ᠠᠷᠠᠳ ᠤᠨ ᠠᠮᠢᠳᠤᠷᠠᠯ ᠤᠨ ᠲᠠᠩᠰᠠ︾ | ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠲᠥᠬᠦᠮ ᠦᠵᠡᠭᠦᠯᠬᠦ | ᠬᠠᠷᠠᠯᠲᠠ ᠶᠢᠨ ᠲᠣᠭᠤᠷᠢᠨ ᠳᠤ ᠪᠣᠳᠠᠲᠠᠢ ᠠᠷᠭ᠎ᠠ ᠬᠡᠮᠵᠢᠶ᠎ᠡ ᠠᠪᠴᠤ᠂ ᠬᠦᠴᠢᠷ ᠠᠰᠠᠭᠤᠳᠠᠯ ᠢ ᠰᠢᠢᠳᠪᠦᠷᠢᠯᠡᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠠᠷᠠᠳ ᠣᠯᠠᠨ ᠤ | ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ ᠡᠨᠡ ᠡᠳᠦᠷ ᠠᠴᠠ ᠡᠬᠢᠯᠡᠨ᠂ ᠬᠤᠤᠯᠢᠩᠭᠤᠤᠯ | ᠬᠤᠳᠠ ᠶᠢᠨ ᠬᠠᠮ ᠵᠠᠭᠤᠴᠢᠯᠠᠭᠤᠷ ᠤᠨ ᠲᠥᠪ︽ᠠᠷᠠᠳ ᠤᠨ ᠠᠮᠢᠳᠤᠷᠠᠯ ᠤᠨ ᠵᠢᠷᠤᠭ ᠰᠢᠨ᠎ᠡ ᠦᠵᠡᠮᠵᠢ ᠶᠢ ᠵᠢᠷᠤᠭᠯᠠᠶ᠎ᠠ︾ | ᠭᠡᠬᠦ ᠲᠤᠰᠬᠠᠢ ᠪᠤᠯᠤᠩ ᠭᠠᠷᠭᠠᠵᠤ᠂ ᠲᠠᠨ ᠳᠤ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠵᠢᠷᠤᠭ ᠤᠳ ᠢ ᠳᠡᠯᠭᠡᠨ | ᠦᠵᠡᠭᠦᠯᠬᠦ ᠪᠣᠯᠣᠨ᠎ᠠ᠃ | | | | | | | ᠣᠶᠢᠷ᠎ᠠ ᠳᠤ᠂ ᠬᠤᠲᠠ ᠶᠢᠨ ᠠᠷᠠᠳ ᠵᠠᠩ ᠠᠪᠠᠭ᠋ᠠᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠡᠳᠡᠭᠡ ᠵᠠᠩᠭᠢ ᠶᠢ ᠬᠤᠪᠢᠷᠠᠭᠤᠯᠬᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ | ᠭᠦᠢᠴᠡᠳᠬᠡᠭᠰᠡᠨ ᠳᠤ᠂ ᠠᠵᠢᠯᠲᠠᠨ ᠤ ᠬᠠᠪᠰᠤᠷᠤᠯᠭ᠎ᠠ ᠳᠣᠣᠷ᠎ᠠ ᠵᠠᠩ ᠠᠪᠠᠭ᠋ᠠᠢ ︽ᠬᠥᠮᠥᠨ ᠤ ᠬᠦᠴᠦᠨ ᠤ ᠡᠬᠢ | ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠴᠣᠩᠬᠤᠨ ᠤ ᠦᠢᠯᠡᠴᠢᠯᠡᠭᠡᠨ ᠤ ᠣᠪᠣᠷ ᠰᠠᠶᠢᠨ | ᠪᠠᠶᠢᠬᠤ ᠪᠠᠷ ᠪᠠᠷᠠᠬᠤ ᠦᠭᠡᠢ᠂ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠴᠦ ᠶᠠᠪᠤᠬᠤ ᠲᠤᠲᠤᠮ ᠵᠠᠩ | ᠠᠪᠠᠭ᠋ᠠᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠴᠣᠩᠬᠤᠨ ᠤ | ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠶᠢ ᠵᠠᠯᠭᠠᠭ᠎ᠠ ᠪᠠᠷ ᠲᠤᠩ ᠶᠡᠭᠡ ᠮᠠᠭᠲᠠᠨ ᠪᠢᠰᠢᠷᠡᠪᠡ᠃ | ᠴᠣᠩᠬᠤ ᠪᠣᠯ ᠣᠯᠠᠨ ᠨᠡᠶᠢᠲᠡ ᠶᠢᠨ ᠦᠢᠯᠡᠴᠢᠯᠡᠭᠡᠨ ᠤ ︽ᠪᠠᠬᠢᠯᠡᠯᠲᠡ︾ ᠮᠥᠨ᠂ ᠰᠤᠷᠲᠠᠯ ᠤᠨ | ᠪᠠᠶᠢᠭᠤᠯᠤᠯᠲᠠ ᠶᠢᠨ ︽ᠳᠠᠭᠠᠭᠤᠯᠤᠭᠴᠢ︾ ᠮᠥᠨ᠂ ᠪᠠᠰᠠ ᠴᠤ ᠵᠠᠰᠠᠭ ᠤᠨ ᠣᠷᠳᠣᠨ ᠤ ᠳᠦᠷᠢ ᠲᠥᠷᠬᠦ ᠶᠢᠨ ︽ | ᠦᠵᠡᠮᠵᠢ ᠶᠢᠨ ᠣᠷᠣᠨ︾ ᠮᠥᠨ᠃ 2023 ᠣᠨ ᠠᠴᠠ ᠨᠠᠰᠢ᠂ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠲᠣᠭᠠᠴᠢᠯᠠᠭᠰᠠᠨ | ᠮᠡᠷᠭᠡᠵᠢᠯ ᠬᠢᠭᠡᠳ ᠲᠤᠬᠠᠶᠢᠯᠠᠭᠰᠠᠨ ᠠᠵᠢᠯ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ | ᠠᠬᠢᠭᠤᠯᠵᠤ᠂ ᠴᠣᠩᠬᠤ ᠶᠢ ᠨᠡᠶᠢᠯᠡᠭᠦᠯᠬᠦ᠂ ᠠᠵᠢᠯᠲᠠᠨ ᠢ ᠨᠡᠶᠢᠯᠡᠭᠦᠯᠬᠦ᠂ ᠲᠤᠬᠠᠶᠢᠯᠠᠭᠰᠠᠨ ᠠᠵᠢᠯ ᠢ | ᠠᠭᠤᠰᠤᠯᠴᠠᠭᠤᠯᠬᠤ ᠠᠴᠠ ᠭᠠᠷᠳᠠᠵᠤ᠂ ᠲᠣᠭᠲᠠᠴᠠ ᠪᠠᠶᠢᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠢᠷ | ᠠᠰᠠᠭᠤᠳᠠᠯ ᠢ ᠰᠢᠢᠳᠪᠦᠷᠢᠯᠡᠬᠦ᠂ ᠪᠠᠭᠤᠷᠠᠢ ᠵᠦᠢᠯ ᠢ ᠰᠢᠢᠳᠪᠦᠷᠢᠯᠡᠬᠦ᠂ ᠰᠦᠯᠵᠢᠶᠡᠨ ᠠᠴᠠ ᠭᠠᠳᠠᠭᠤᠷᠬᠢ ︽ᠨᠢᠭᠡ ᠯᠡ | ᠡᠭᠦᠳᠡ ᠪᠠᠷ ᠣᠷᠣᠬᠤ︾ ︽ᠨᠢᠭᠡ ᠯᠡ ᠴᠣᠩᠬᠤ ᠪᠠᠷ ᠨᠡᠶᠢᠳᠡᠮ ᠰᠢᠢᠳᠪᠦᠷᠢᠯᠡᠬᠦ︾ ᠶᠢ ᠲᠦᠯᠬᠢᠨ ᠠᠬᠢᠭᠤᠯᠵᠤ᠂ | ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠴᠢᠨᠠᠷ ᠰᠠᠶᠢᠲᠠᠢ ᠳᠥᠭᠦᠮ ᠳᠥᠲᠡ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠬᠤ ᠬᠡᠷᠡᠭᠲᠡᠢ᠃ | ᠴᠣᠩᠬᠤᠪᠴᠢ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠬᠠᠮᠲᠤ᠂ ᠰᠠᠯᠠᠭ᠎ᠠ ᠮᠥᠴᠢᠷ ᠤᠨ ᠬᠠᠮᠵᠢᠯᠴᠠᠨ ᠳᠡᠭᠡᠳᠦ | ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠬᠤᠪᠢ ᠬᠥᠮᠥᠨ ᠤ ᠳᠠᠩᠰᠠᠨ | ᠡᠷᠦᠬᠡ ᠵᠡᠷᠭᠡ ᠲᠠᠲᠠᠪᠤᠷᠢᠯᠠᠨ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠪᠣᠯ ᠳᠠᠬᠢᠨ ᠰᠠᠯᠠᠭ᠎ᠠ | ᠮᠥᠴᠢᠷ ᠠᠯᠤᠰᠯᠠᠨ ᠲᠠᠰ ᠳᠠᠪᠬᠤᠷᠭ᠎ᠠ ᠠᠯᠤᠰᠯᠠᠨ ᠭᠤᠶᠤᠴᠢᠯᠠᠨ ᠮᠡᠳᠡᠭᠦᠯᠬᠦ ᠴᠢᠬᠤᠯᠠ ᠦᠭᠡᠢ᠂ ᠰᠠᠯᠠᠭ᠎ᠠ | ᠮᠥᠴᠢᠷ ᠤᠨ ᠬᠤᠭᠤᠷᠣᠨᠳᠣᠬᠢ ᠳᠣᠲᠣᠭᠠᠳᠤ ᠶᠢᠨ ᠡᠷᠭᠢᠯᠲᠡ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠬᠦᠨᠳᠦ | ᠪᠡᠷᠬᠡ ᠠᠰᠠᠭᠤᠳᠠᠯ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠬᠠᠶᠢᠯᠠᠭᠰᠠᠨ ᠠᠵᠢᠯ ᠤᠨ ᠪᠠᠬᠢᠯᠡᠯᠲᠡ ᠶᠢ | ᠡᠪᠳᠡᠵᠦ᠂ ᠲᠦᠭᠵᠢᠮᠡᠯ ᠴᠡᠭ ᠢ ᠰᠠᠭᠠᠳ ᠦᠭᠡᠢ ᠨᠠᠪᠲᠠᠷᠡᠭᠦᠯᠵᠦ᠂ ᠮᠠᠲ᠋ᠧᠷᠢᠶᠠᠯ ᠢ ᠪᠠᠭᠠᠰᠬᠠᠨ᠂ ᠭᠤᠭᠴᠤᠭ᠎ᠠ ᠶᠢ | ᠪᠠᠭᠠᠰᠬᠠᠵᠤ᠂ ᠴᠠᠭ ᠤᠨ ᠬᠢᠵᠠᠭᠠᠷ ᠢ ᠪᠠᠭᠠᠰᠬᠠᠨ᠂ ᠨᠠᠩ ᠥᠨᠳᠥᠷ ᠦᠷ᠎ᠡ ᠪᠦᠲᠦᠮᠵᠢ ᠲᠠᠢ᠂ ᠨᠠᠩ ᠴᠢᠨᠠᠷ ᠰᠠᠶᠢᠲᠠᠢ | ᠬᠠᠮᠵᠢᠯᠴᠠᠬᠤ ᠦᠢᠯᠡᠴᠢᠯᠡᠭᠡ ᠬᠠᠩᠭᠠᠵᠤ᠂ ᠦᠢᠯᠡᠴᠢᠯᠡᠬᠦ ᠡᠲᠡᠭᠡᠳ ᠤᠨ ᠪᠡᠶᠡᠴᠢᠯᠡᠨ ᠣᠶᠢᠯᠠᠭᠠᠬᠤ ᠲᠥᠷᠥᠭᠳᠡᠯ᠂ | ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ | ᠬᠠᠮᠲᠤ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠰᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ | ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠂ ᠦᠨᠳᠦᠰᠦᠨ ᠱᠠᠲᠤᠨ ᠤ ᠦᠢᠯᠡᠴᠢᠯᠡᠭᠡᠨ ᠤ ᠲᠠᠪᠴᠠᠩ ᠢ | ᠰᠠᠶᠢᠲᠤᠷ ᠥᠷᠨᠢᠭᠦᠯᠵᠦ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ APP᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠠᠰᠢᠭᠯᠠᠨ᠂ ᠠᠯᠠᠭᠠᠨ | ᠳᠡᠭᠡᠷ᠎ᠡ ᠠᠴᠠ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠡ ᠴᠦ ᠤᠳᠠᠭ᠎ᠠ ᠦᠭᠡᠢ ᠭᠦᠶᠦᠬᠦ ᠶᠢ | ᠪᠡᠶᠡᠯᠡᠭᠦᠯᠵᠦ᠂ ᠣᠯᠠᠨ ᠲᠦᠮᠡᠨ ᠳᠤ ᠬᠡᠵᠢᠶ᠎ᠡ ᠬᠠᠮᠢᠭ᠎ᠠ ᠴᠤ ᠭᠡᠰᠡᠨ ᠲᠤᠬᠠᠶᠢᠯᠠᠭᠰᠠᠨ ᠠᠵᠢᠯ ᠢᠶᠠᠨ ᠭᠦᠢᠴᠡᠳᠬᠡᠵᠦ᠂ | ᠣᠯᠠᠨ ᠲᠦᠮᠡᠨ ᠳᠤ ᠥᠨᠳᠥᠷ ᠪᠦᠲᠦᠮᠵᠢᠲᠡᠶ᠂ ᠳᠥᠭᠦᠮ ᠳᠥᠲᠡ᠂ ᠠᠮᠤᠷ ᠲᠦᠪᠰᠢᠨ ᠢᠶᠠᠷ ᠭᠦᠢᠴᠡᠳᠬᠡᠬᠦ | ᠦᠢᠯᠡᠴᠢᠯᠡᠭᠡ ᠬᠠᠩᠭᠠᠵᠦ ᠪᠠᠶᠢᠨ᠎ᠠ᠃ | | |