2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠢᠳᠡ ᠡᠭᠡᠳᠡᠷᠡᠭᠡᠨ ᠪᠤᠳᠤᠯᠢᠶᠠᠨᠲᠠᠢ ᠬᠥᠭᠵᠢᠯᠲᠡ ᠶᠢᠨ ᠣᠷᠴᠢᠨ ᠲᠣᠭᠤᠷᠢᠨ ᠪᠠ | ᠭᠤᠷᠪᠠᠨ ᠵᠢᠯ ᠤᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠵᠤ ᠬᠡᠰᠡᠭ | ᠬᠤᠭᠤᠴᠠᠭ᠎ᠠ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢᠨ ᠲᠤᠯᠭᠠᠮ᠎ᠠ | ᠱᠠᠭᠠᠷᠳᠠᠯᠭ᠎ᠠ ᠶᠢᠨ ᠡᠮᠦᠨ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ | ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠵᠤ᠂ ᠪᠥᠬᠦ | ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠬᠦᠴᠦᠯᠡᠨ ᠠᠬᠢᠭᠤᠯᠵᠦ ᠰᠢᠨ᠎ᠡ | ᠦᠷ᠎ᠡ ᠪᠦᠲᠦᠮᠵᠢ ᠣᠯᠵᠤ᠂ ᠰᠢᠨ᠎ᠡ ᠳᠡᠭᠲᠡᠷ ᠲᠤ ᠭᠠᠷᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ ᠢ 260 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2% ᠢᠶᠠᠷ ᠨᠡᠮᠡᠭᠳᠡᠭᠦᠯᠦᠨ᠂ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠶᠢ 25.5 ᠳ᠋ᠦᠩᠰᠢᠭᠤᠷ ᠲᠥᠭᠦᠷᠢᠭ᠂ | 5% ᠪᠠᠷ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 5.43 ᠲᠦᠮᠡᠨ ᠲᠥᠭᠦᠷᠢᠭ᠂ 5% ᠪᠠᠷ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 17.25 ᠳ᠋ᠦᠩᠰᠢᠭᠤᠷ ᠲᠥᠭᠦᠷᠢᠭ᠂ 5.18% ᠪᠠᠷ ᠨᠡᠮᠡᠭᠳᠡᠭᠦᠯᠵᠦ᠂ ᠪᠥᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 42 ᠳ᠋ᠦᠩᠰᠢᠭᠤᠷ ᠲᠥᠭᠦᠷᠢᠭ᠂ 11% ᠪᠠᠷ | ᠨᠡᠮᠡᠭᠳᠡᠭᠦᠯᠵᠦ ᠵᠢᠰᠢᠭᠰᠡᠨ ᠶᠤᠰᠤᠭᠠᠷ ᠪᠡᠶᠡᠯᠡᠬᠦᠯᠪᠡ᠃ | ︵ᠨᠢᠭᠡ︶ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠪᠠ᠃ ᠬᠤᠣᠯᠢᠨ ᠭᠤᠣᠯ ᠤᠨ 1 ᠳ᠋ᠦᠭᠡᠷ ᠨᠣᠮᠧᠷᠲᠤ ᠠᠭᠤᠷᠬᠠᠢ ᠶᠢᠨ ᠬᠤᠳᠳᠤᠭ ᠢ ᠵᠠᠬ᠎ᠠ | ᠳᠡᠯᠭᠡᠭᠦᠷᠴᠢᠯᠡᠨ ᠬᠤᠳᠠᠯᠳᠤᠬᠤ ᠶᠢ ᠪᠡᠶᠡᠯᠡᠭᠦᠯᠵᠦ᠂ ᠡᠮᠦᠨ᠎ᠡ ᠵᠠᠳᠠᠭᠠᠢ ᠭᠠᠵᠠᠷ ᠢ ᠬᠢᠨᠠᠨ ᠨᠡᠮᠡᠭᠳᠡᠭᠦᠯᠵᠦ᠂ 958 | ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠬᠦ ᠴᠢᠳᠠᠪᠤᠷᠢ ᠶᠢ 260 ᠲᠦᠮᠡᠨ ᠲᠣᠨ ᠨᠡᠮᠡᠭᠳᠡᠭᠦᠯᠵᠦ᠂ ᠨᠡᠭᠦᠷᠡᠰᠦᠨ ᠤ | ᠶᠡᠷᠦᠩᠬᠡᠢ ᠦᠢᠯᠡᠳᠪᠦᠷᠢᠯᠡᠬᠦ ᠴᠢᠳᠠᠪᠤᠷᠢ ᠶᠢ 3525 ᠲᠦᠮᠡᠨ ᠲᠣᠨ ᠳᠤ ᠬᠦᠷᠦᠭᠦᠯᠪᠡ᠃ ᠴᠤᠸᠠᠩ ᠶᠤᠸᠠᠨ ᠤ 1-4 | ᠳ᠋ᠦᠭᠡᠷ ᠨᠣᠮᠧᠷᠲᠤ ᠮᠠᠰᠢᠨ ᠴᠣᠭᠴᠠᠯᠠᠪᠤᠷᠢ ᠶᠢ ᠬᠢᠨᠠᠨ ᠵᠥᠪᠰᠢᠶᠡᠷᠡᠭᠦᠯᠵᠦ᠂ ᠬᠢᠮᠢ ᠶᠢᠨ ᠴᠠᠭᠠᠰᠤᠨ ᠤ ᠬᠦᠴᠦᠳᠡᠯ | ᠪᠠᠭᠤᠷᠠᠭᠤᠯᠬᠤ ᠥᠷᠲᠡᠭᠡ᠂ ᠬᠥᠩᠭᠡᠨ ᠴᠠᠭᠠᠨ ᠤ ᠰᠢᠨ᠎ᠡ ᠬᠦᠴᠦᠳᠡᠯ ᠥᠭᠡᠷᠡᠴᠢᠯᠡᠬᠦ ᠥᠷᠲᠡᠭᠡ᠂ ᠵᠦᠷᠵᠢ ᠶᠢᠨ | ᠱᠤᠭᠤᠮ ᠵᠡᠷᠭᠡ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠤᠨ ᠨᠡᠮᠡᠭᠳᠡᠯᠳᠦ ᠴᠠᠬᠢᠯᠭᠠᠨ ᠲᠦᠭᠡᠭᠡᠬᠦ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ 2363 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠭᠦᠢᠴᠡᠳᠬᠡᠯ | ᠲᠤᠭ᠎ᠠ ᠶᠢ ᠵᠥᠪᠰᠢᠶᠡᠷᠡᠨ ᠣᠯᠵᠤ᠂ 1562 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠡᠬᠢᠯᠡᠨ | ᠪᠦᠲᠦᠭᠡᠨ ᠪᠠᠶᠢᠭᠤᠯᠵᠤ᠂ 200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠣᠷᠣᠨ ᠪᠦᠰᠡ | ᠠᠯᠤᠰᠯᠠᠨ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1522 | ᠲᠦᠮᠡᠨ ᠺᠢᠯᠣᠸᠠᠲ ᠲᠤ ᠬᠦᠷᠴᠦ᠂ ᠶᠡᠷᠦᠩᠬᠡᠢ ᠮᠠᠰᠢᠨ ᠴᠣᠭᠴᠠᠯᠠᠪᠤᠷᠢ ᠶᠢᠨ 169% ᠶᠢ ᠡᠵᠡᠯᠡᠪᠡ᠃ ᠯᠢᠶᠠᠨ | ᠱᠧᠩ ᠤᠨ 80 ᠲᠦᠮᠡᠨ ᠲᠣᠨ ᠳ᠋ᠢᠶᠠᠨ ᡂᠢ ᠴᠠᠭᠠᠰᠤ᠂ ᠰᠢᠨ᠎ᠡ ᠶᠢ ᠡᠭᠦᠳᠦᠭᠰᠡᠨ 10 ᠲᠦᠮᠡᠨ ᠲᠣᠨ ᠮᠠᠰᠢᠨ | ᠲᠡᠷᠭᠡᠨ ᠤ ᠬᠥᠩᠭᠡᠨ ᠬᠡᠮᠵᠢᠶᠡᠨ ᠤ ᠲᠥᠷᠥᠯ ᠵᠦᠢᠯ ᠠᠰᠢᠭᠯᠠᠯᠲᠠ ᠳᠤ ᠣᠷᠣᠵᠤ᠂ ᠵᠢᠩ ᠹᠠᠨ ᠤ 9 ᠲᠦᠮᠡᠨ ᠲᠣᠨ | ᠬᠥᠩᠭᠡᠨ ᠴᠠᠭᠠᠨ ᠤ ᠬᠠᠪᠲᠠᠰᠤᠨ ᠰᠠᠭᠤᠷᠢ᠂ ᠰᠢᠦᠢ ᠶᠠᠩ ᠤᠨ ᠳᠥᠷᠪᠡᠳᠦᠭᠡᠷ ᠬᠤᠭᠤᠴᠠᠭᠠᠨ ᠤ 2000 ᠲᠣᠨ | ᠥᠨᠳᠥᠷ ᠴᠢᠳᠠᠪᠬᠢ ᠲᠠᠢ ᠲᠡᠮᠦᠷᠯᠢᠭ ᠤᠨ ᠨᠤᠨᠳᠠᠭ 200 ᠲᠣᠨ ᠨᠠᠨᠦᠮᠧᠲᠷ ᠤᠨ ᠬᠥᠩᠭᠡᠨ ᠴᠠᠭᠠᠨ ᠤ ᠮᠥᠩᠭᠦᠨ | ᠡᠭᠡᠳᠡᠩ ᠤᠨ ᠲᠥᠷᠥᠯ ᠵᠦᠢᠯ ᠢ ᠲᠤᠷᠰᠢᠨ ᠠᠵᠢᠯᠯᠠᠭᠤᠯᠪᠠ᠃ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ 20 | ᠲᠦᠮᠡᠨ ᠲᠣᠨ ᠤ ᠳᠡᠭᠡᠳᠦ ᠲᠠᠰ ᠤᠨ ᠬᠥᠩᠭᠡᠨ ᠴᠠᠭᠠᠨ ᠤ ᠬᠠᠪᠲᠠᠰᠤᠨ ᠴᠠᠭᠠᠰᠤᠨ ᠤ ᠲᠥᠷᠥᠯ ᠵᠦᠢᠯ ᠢ | ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠺᠠᠩ ᠬᠤᠩ ᠤᠨ 600 ᠲᠦᠮᠡᠨ ᠲᠣᠨ ᠤ ᠬᠥᠩᠭᠡᠨ ᠴᠠᠭᠠᠨ ᠤ | ᠢᠰᠦᠯ ᠤᠨ ᠲᠥᠷᠥᠯ ᠵᠦᠢᠯ ᠢ ᠡᠬᠢᠯᠡᠨ ᠲᠥᠬᠦᠭᠡᠷᠦᠮᠵᠢ ᠬᠤᠳᠠᠯᠳᠤᠨ ᠠᠪᠴᠤ᠂ ᠪᠥᠬᠦ ᠵᠢᠯ ᠳᠤ 267 ᠲᠦᠮᠡᠨ | ᠲᠣᠨ ᠤᠤᠯ ᠤᠨ ᠬᠥᠩᠭᠡᠨ ᠴᠠᠭᠠᠨ ᠢ ᠦᠢᠯᠡᠳᠪᠦᠷᠢᠯᠡᠵᠦ᠂ 1.4% ᠪᠠᠷ ᠨᠡᠮᠡᠭᠳᠡᠨ᠂ ᠬᠥᠩᠭᠡᠨ ᠴᠠᠭᠠᠨ ᠤ | ᠰᠡᠭᠦᠯᠴᠢ ᠶᠢᠨ ᠡᠳ᠋ᠰᠢᠭᠦᠯᠦᠭᠰᠡᠨ ᠦᠢᠯᠡᠳᠬᠦᠨ 174.4 ᠲᠦᠮᠡᠨ ᠲᠣᠨ ᠳᠤ ᠬᠦᠷᠴᠦ᠂ 2.3% ᠪᠠᠷ ᠨᠡᠮᠡᠭᠳᠡᠨ᠂ | ᠬᠤᠥᠯᠢᠨ ᠭᠤᠣᠯ ᠤᠨ ᠪᠣᠬᠢᠷᠲᠤᠯ ᠦᠭᠡᠢ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠰᠦᠷᠦᠭᠵᠢᠯ ᠢ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ | ᠦᠢᠯᠡᠰ ᠤᠨ ᠰᠦᠷᠦᠭᠵᠢᠯ ᠤᠨ ᠨᠡᠷᠡᠰ ᠲᠤ ᠣᠷᠣᠭᠤᠯᠪᠠ᠃ ᠡᠪᠡᠰᠦ ᠪᠡᠯᠴᠢᠭᠡᠷ ᠤᠨ ᠬᠦᠷᠢᠶᠡᠯᠡᠩ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠬᠠᠭᠠᠨᠳᠦ ᠠᠭᠤᠯᠠ ᠶᠢᠨ ᠵᠢᠭᠤᠯᠴᠢᠯᠠᠯ ᠠᠮᠠᠷᠠᠯᠲᠠ ᠶᠢᠨ ᠣᠷᠣᠨ᠂ ᠵᠢᠩ ᠬᠤ᠋ | ᠨᠠᠭᠤᠷ ᠤᠨ ᠵᠤᠰᠠᠯᠠᠩ ᠤᠨ ᠰᠠᠭᠤᠷᠢᠨ ᠭᠠᠵᠠᠷ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠴᠡᠷᠢᠭ ᠤᠨ | ᠠᠭᠳᠠ ᠶᠢᠨ ᠲᠠᠯᠠᠪᠠᠶ ᠶᠢᠨ ᠰᠤᠮᠤᠨ ᠠᠩᠭᠢ ᠶᠢᠨ ᠤᠭ ᠭᠠᠵᠠᠷ ᠢ ᠵᠠᠰᠠᠨ ᠰᠡᠷᠭᠦᠭᠡᠬᠦ ᠵᠡᠷᠭᠡ 11 ᠦᠵᠡᠮᠵᠢ ᠶᠢᠨ | ᠣᠷᠣᠨ ᠪᠠ ᠦᠵᠡᠮᠵᠢ ᠶᠢᠨ ᠣᠷᠣᠨ ᠢ ᠳᠡᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ | ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠴᠢᠨᠠᠷ | ᠰᠠᠶᠢᠲᠠᠢ ᠬᠥᠭᠵᠢᠯᠲᠡ ᠶᠢᠨ ᠲᠦᠷᠦᠭᠦᠴᠦᠳ ᠤᠨ ᠬᠤᠷᠠᠯ ᠵᠢᠴᠢ ᠬᠥᠩᠭᠡᠨ ᠴᠠᠭᠠᠨ ᠤ ᠦᠢᠯᠡᠳᠬᠦᠨ ᠤ | ᠦᠵᠡᠭᠦᠯᠦᠯᠭᠡ ᠶᠢᠨ ᠴᠤᠭᠯᠠᠭᠠᠨ᠂ ᠬᠠᠭᠠᠰ ᠵᠠᠶᠢᠲᠤ ᠮᠠᠷᠠᠽᠤᠨ ᠤᠷᠤᠯᠳᠤᠭᠠᠨ᠂ ᠡᠪᠦᠯ ᠤᠨ ᠤᠯᠠᠷᠢᠯ ᠤᠨ ᠬᠡᠭᠡᠷ᠎ᠡ ᠶᠢᠨ | ᠠᠶᠠᠯᠠᠯ᠂ ᠪᠥᠬᠦ ᠤᠯᠤᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠲᠠᠨᠢᠯᠴᠠᠭᠤᠯᠬᠤ ᠴᠤᠭᠯᠠᠭᠠᠨ ᠵᠡᠷᠭᠡ | ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 107 ᠲᠦᠮᠡᠨ ᠬᠥᠮᠥᠨ ᠤᠳᠠᠭ᠎ᠠ ᠶᠢᠨ | ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 11.4 ᠳ᠋ᠦᠩᠰᠢᠭᠤᠷ | ᠲᠥᠭᠦᠷᠢᠭ ᠲᠤ ᠬᠥᠷᠪᠡ᠃ | ︵ᠬᠤᠶᠠᠷ︶ ᠬᠥᠭᠵᠢᠯᠲᠡ ᠶᠢᠨ ᠬᠥᠳᠡᠯᠭᠡᠬᠦ ᠬᠦᠴᠦᠨ ᠤ ᠠᠮᠢᠵᠢᠷᠠᠯ ᠤᠨ ᠬᠦᠴᠦᠨ ᠢ ᠢᠯᠡᠳᠲᠡ ᠴᠢᠩᠭᠠᠷᠠᠭᠤᠯᠤᠨ᠎ᠠ᠃ | ᠬᠤᠲᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠡᠳ᠋ ᠬᠥᠷᠥᠩᠭᠡ ᠶᠢᠨ | ᠬᠡᠪᠴᠢᠶ᠎ᠡ 35.4 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠶᠢ 3.6 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 16.9% ᠪᠠᠷ ᠨᠡᠮᠡᠭᠳᠡᠨ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠠᠰᠢᠭ ᠣᠷᠣᠯᠭ᠎ᠠ ᠶᠢ 300 ᠲᠦᠮᠡᠨ ᠲᠥᠭᠦᠷᠢᠭ ᠳᠡᠭᠡᠭᠰᠢ ᠲᠤᠰᠢᠶᠠᠵᠤ᠂ | ᠠᠳᠠᠯᠢ ᠬᠤᠭᠤᠴᠠᠭᠠᠨ ᠤ ᠬᠢ ᠠᠴᠠ 100% ᠪᠠᠷ ᠨᠡᠮᠡᠭᠳᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ | ᠰᠠᠶᠢᠨ ᠰᠠᠶᠢᠬᠠᠨ ᠬᠥᠭᠵᠢᠯᠲᠡ ᠶᠢᠨ ᠵᠠᠮ ᠳᠤ ᠣᠷᠣᠵᠤ ᠡᠬᠢᠯᠡᠪᠡ᠃ ᠴᠢᠬᠤᠯᠠ ᠶᠡᠭᠡ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠥᠷᠥᠯ ᠵᠦᠢᠯ ᠢ 4 ᠬᠡᠷᠡᠭᠵᠢᠭᠦᠯᠵᠦ᠂ ᠤᠯᠤᠰ ᠤᠨ | ᠳᠡᠰ ᠤᠨ ᠳᠡᠭᠡᠳᠦ ᠰᠢᠨ᠎ᠡ ᠮᠡᠷᠭᠡᠵᠢᠯ ᠤᠨ 2 ᠠᠵᠤ ᠠᠬᠤᠶᠢᠯᠠᠯ ᠢ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 1 ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ 1 ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 3᠂ | ᠲᠦᠩᠯᠢᠶᠣᠣ ᠶᠢᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ 2᠂ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 1 ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠪᠡᠯᠡ | ᠮᠥᠩᠭᠦ ᠶᠢ 812.5 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠤᠯᠤᠰ ᠤᠨ ᠴᠠᠬᠢᠯᠭᠠᠨ ᠬᠦᠴᠦᠨ ᠤ ᠪᠡᠯᠡ | ᠣᠷᠣᠭᠤᠯᠤᠯᠲᠠ ᠶᠢᠨ ᠪᠥᠬᠦ ᠪᠥᠮᠪᠥᠷᠴᠡᠭ ᠤᠨ ᠬᠠᠮᠤᠭ ᠤᠨ ᠶᠡᠭᠡ ᠪᠠᠭᠲᠠᠭᠠᠮᠵᠢ ᠲᠠᠢ᠂ ᠠᠩᠬᠠᠳᠠᠭᠴᠢ ᠰᠠᠶ᠎ᠠ ᠸᠠᠲ ᠤᠨ | ᠲᠠᠰ ᠤᠨ ᠲᠡᠮᠦᠷ ᠾᠷᠣᠮ ᠤᠨ ᠰᠢᠩᠭᠡᠨ ᠤᠷᠤᠰᠬᠠᠯ ᠤᠨ ᠴᠠᠬᠢᠯᠭᠠᠨ ᠴᠡᠨᠡᠭ ᠤᠨ ᠡᠨᠧᠷᠭᠢ ᠬᠠᠳᠠᠭᠠᠯᠠᠬᠤ ᠮᠡᠷᠭᠡᠵᠢᠯ ᠤᠨ | ᠵᠢᠱᠢᠶ᠎ᠡ ᠦᠵᠡᠭᠦᠯᠬᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠰᠢᠦᠢ ᠶᠠᠩ ᠤᠨ ᠰᠢᠨ᠎ᠡ ᠮᠠᠲ᠋ᠧᠷᠢᠶᠠᠯ ᠢ ᠨᠢᠭᠡᠳᠦᠭᠡᠷ | ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠠᠩ ᠵᠦᠢᠯ ᠤᠨ ᠮᠠᠩᠯᠠᠢ ᠪᠠᠷ ᠮᠠᠭᠠᠳᠯᠠᠨ | ᠲᠣᠭᠲᠠᠭᠠᠪᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯ ᠬᠦᠴᠦᠨ ᠤ ᠦᠢᠯᠡᠳᠦᠯ ᠲᠣᠪᠣᠶᠢᠮ᠎ᠠ | ᠪᠠᠶᠢᠵᠤ᠂ 67% ᠶᠢᠨ ᠴᠢᠬᠤᠯᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ᠂ 71% ᠶᠢᠨ | ᠦᠢᠯᠡᠳᠬᠦᠨ ᠤ ᠥᠷᠲᠡᠭ᠂ 82% ᠤᠨ ᠭᠠᠶᠢᠯᠢ ᠲᠠᠲᠠᠪᠤᠷᠢ᠂ 87% ᠶᠢᠨ ᠠᠵᠢᠯ ᠤᠨ ᠪᠠᠶᠢᠷᠢ ᠶᠢ ᠬᠠᠨᠳᠢᠪᠯᠡᠵᠤ᠂ | ᠶᠢᠨ ᠯᠢᠶᠠᠨ᠂ ᠴᠤᠸᠠᠩ ᠶᠤᠸᠠᠨ᠂ ᠯᠢᠶᠠᠨ ᠱᠧᠩ ᠵᠡᠷᠭᠡ 3 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ | ᠦᠢᠯᠡᠳᠬᠦ ᠦᠢᠯᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 50 ᠬᠦᠴᠦᠷᠬᠡᠭ ᠲᠤ ᠣᠷᠣᠪᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠨᠡᠶᠢᠲᠡ 56 ᠲᠥᠷᠥᠯ | ᠵᠦᠢᠯ ᠤᠨ ᠭᠡᠷ᠎ᠡ ᠲᠣᠭᠲᠠᠵᠤ᠂ ᠬᠡᠯᠡᠯᠴᠡᠭᠡᠷ ᠤᠨ ᠶᠡᠷᠦᠩᠬᠡᠢ ᠲᠤᠭ᠎ᠠ 322 ᠳ᠋ᠦᠩᠰᠢᠭᠤᠷ ᠲᠥᠭᠦᠷᠢᠭ ᠲᠤ ᠬᠦᠷᠴᠦ᠂ | 44.3 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃ ᠳᠡᠭᠡᠷᠡᠬᠢ ᠠᠴᠠ | 8.79 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠤᠯᠢᠶᠠᠯᠳᠤᠵᠤ᠂ ᠠᠳᠠᠯᠢ ᠬᠤᠭᠤᠴᠠᠭᠠᠨ ᠤ ᠬᠢ ᠠᠴᠠ 123. | 9% ᠪᠠᠷ ᠨᠡᠮᠡᠭᠳᠡᠪᠡ᠃ ᠣᠷᠣᠨ ᠪᠦᠰᠡ ᠶᠢᠨ ᠠᠵᠤ ᠠᠬᠤᠢ ᠶᠢᠨ ᠬᠠᠮᠵᠢᠯᠴᠠᠨ ᠬᠥᠭᠵᠢᠬᠦ ᠶᠢ ᠢᠳᠡᠪᠬᠢᠲᠡᠢ | ᠠᠬᠢᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠯᠤᠭ᠎ᠠ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ | ᠰᠢᠨ᠎ᠡ ᠡᠨᠧᠷᠭᠢ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ | ᠣᠯᠠᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠂ ᠡᠶᠡᠯᠳᠡᠭ ᠬᠥᠷᠰᠢ ᠶᠢᠨ | ᠨᠥᠬᠦᠷᠰᠡᠭ ᠬᠠᠮᠲᠤᠷᠠᠯᠴᠠᠭ᠎ᠠ ᠳᠤ ᠲᠡᠦᠬᠡᠲᠦ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠪᠡ᠃ ᠡᠵᠡᠩᠨᠡᠯᠲᠡ ᠶᠢᠨ | ᠣᠷᠴᠢᠨ ᠲᠣᠭᠤᠷᠢᠨ ᠤ ᠰᠢᠯᠢᠳᠡᠭ ᠪᠣᠯᠬᠤ ᠪᠠᠷ ᠴᠢᠷᠮᠠᠶᠢᠬᠤ ᠣᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ | ᠲᠦᠩᠯᠢᠶᠣᠣ ᠬᠤᠲᠠ ᠶᠢᠨ ᠱᠠᠲᠤᠨ ᠠᠴᠠ ᠳᠡᠭᠡᠭᠰᠢᠬᠢ ᠰᠢᠨ᠎ᠡ ᠶᠢ ᠡᠭᠦᠳᠬᠦ ᠦᠢᠯᠡᠴᠢᠯᠡᠭᠡᠨ ᠤ ᠬᠢᠯᠠᠰ ᠴᠡᠭ ᠢ 39 | ᠪᠣᠶ ᠪᠣᠯᠭᠠᠵᠤ᠂ 1590 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠰᠦᠯᠵᠢᠶ᠎ᠡ ᠪᠠᠷ ᠡᠷᠭᠢᠯᠡᠬᠦ ᠶᠢ ᠪᠡᠶᠡᠯᠡᠭᠦᠯᠵᠦ᠂ 900 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ | ᠦᠨᠡᠮᠯᠡᠯ ᠠᠴᠠ ᠬᠡᠯᠲᠦᠷᠢᠭᠦᠯᠦᠨ ᠭᠦᠢᠴᠡᠳᠬᠡᠬᠦ︾ ᠶᠢ ᠪᠡᠶᠡᠯᠡᠭᠦᠯᠦᠨ᠂ ᠡᠩ ᠲᠡᠷᠢᠭᠦᠨ ᠳᠤ ᠪᠥᠬᠦ ᠣᠷᠣᠨ ᠳᠤ ᠣᠷᠣᠨ | ᠪᠦᠰᠡ ᠠᠯᠤᠰᠯᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠵᠦ᠂ ︽ᠬᠤᠤᠯᠢᠨ ᠲᠦᠷᠭᠡᠨ ᠭᠦᠢᠴᠡᠳᠬᠡᠬᠦ︾ | ᠨᠠᠷᠠᠲᠤ ᠲᠥᠷᠥᠯ ᠲᠡᠮᠳᠡᠭᠲᠦ ᠶᠢ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠲᠥᠷᠥᠯ ᠵᠦᠢᠯ ᠢᠶᠠᠷ ᠦᠨᠡᠯᠡᠪᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠨᠡᠶᠢᠲᠡ 16.1 ᠳ᠋ᠦᠩᠰᠢᠭᠤᠷ ᠲᠥᠭᠦᠷᠢᠭ ᠤᠨ ᠭᠠᠶᠢᠯᠢ ᠶᠢ | ᠪᠤᠴᠠᠭᠠᠬᠤ ᠪᠠ ᠭᠠᠶᠢᠯᠢ ᠶᠢ ᠬᠥᠩᠭᠡᠯᠡᠵᠦ᠂ ᠠᠵᠤ ᠠᠬᠤᠶᠢᠯᠠᠯ ᠢ ᠬᠠᠪᠰᠤᠷᠤᠨ 88.7 ᠳ᠋ᠦᠩᠰᠢᠭᠤᠷ ᠲᠥᠭᠦᠷᠢᠭ ᠤᠨ | ᠪᠦᠲᠦᠮᠵᠢᠲᠡᠶ ᠪᠡᠯᠡ ᠬᠤᠷᠠᠮᠳᠤᠭᠤᠯᠪᠠ᠃ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 100 | ᠲᠦᠮᠡᠨ ᠲᠥᠭᠦᠷᠢᠭ ᠲᠠᠷᠬᠠᠭᠠᠵᠤ᠂ ᠪᠣᠷᠤᠯᠠᠭᠤᠯᠭ᠎ᠠ ᠶᠢᠨ ᠨᠣᠷᠮ᠎ᠠ ᠶᠢ 400 ᠲᠦᠮᠡᠨ | ᠲᠥᠭᠦᠷᠢᠭ ᠳᠠᠶᠢᠴᠢᠯᠠᠪᠠ᠃ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠶᠡᠷᠦᠩᠬᠡᠢ ᠬᠡᠮᠵᠢᠶ᠎ᠡ 16034 | ᠡᠷᠦᠭᠡ ᠳᠤ ᠬᠦᠷᠴᠦ᠂ 44% ᠪᠠᠷ ᠨᠡᠮᠡᠭᠳᠡᠵᠦ᠂ ᠳᠠᠩᠰᠠᠯᠠᠭᠤᠯᠤᠭᠰᠠᠨ ᠪᠡᠯᠡ ᠮᠥᠩᠭᠦ | 3693 ᠳ᠋ᠦᠩᠰᠢᠭᠤᠷ | ᠲᠥᠭᠦᠷᠢᠭ ᠲᠤ ᠬᠦᠷᠴᠦ᠂ 82% ᠢᠶᠠᠷ ᠨᠡᠮᠡᠭᠳᠡᠪᠡ᠃ | ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠲᠡᠭᠡᠭᠰᠢᠯᠡᠭᠦᠯᠵᠡᠢ᠃ | 3115 ᠮ᠊ ᠤ | ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠵᠤ᠂ 5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ | 5.2 ᠲᠦᠮᠡᠨ ᠮᠦ | ᠲᠥᠪᠯᠡᠷᠡᠨ ᠵᠠᠯᠭᠠᠯᠳᠤᠭᠰᠠᠨ ᠬᠤᠨᠢᠨ ᠡᠪᠡᠰᠦ ᠳᠠᠷᠢᠬᠤ ᠰᠠᠭᠤᠷᠢᠨ ᠭᠠᠵᠠᠷ ᠢ ᠪᠠᠶᠢᠭᠤᠯᠪᠠ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ | ᠡᠬᠢᠯᠡᠭᠦᠯᠵᠦ᠂ ᠬᠤᠲᠠ ᠶᠢᠨ ᠨᠣᠭᠤᠭᠠᠷᠠᠭᠤᠯᠤᠯᠲᠠ ᠶᠢᠨ ᠲᠠᠯᠠᠪᠠᠶ ᠶᠢ 10.2 ᠲᠦᠮᠡᠨ ᠲᠡᠭᠰᠢ ᠳᠥᠷᠪᠡᠯᠵᠢᠨ ᠮᠧᠲᠷ | ᠰᠢᠨ᠎ᠡ ᠪᠠᠷ ᠨᠡᠮᠡᠵᠦ ᠨᠥᠬᠦᠪᠦᠷᠢᠯᠡᠨ ᠳᠠᠷᠢᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢᠨ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠶᠢ 100% ᠳᠤ ᠬᠦᠷᠭᠡᠪᠡ᠃ ᠭᠤᠣᠯᠳᠠᠯᠭ᠎ᠠ ᠲᠠᠢ ᠠᠵᠤ | ᠠᠬᠤᠶᠢᠯᠠᠯ ᠤᠨ ᠣᠨᠴᠠᠯᠢᠭᠲᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠬᠡᠢ ᠬᠤᠷᠠᠭᠤᠯᠬᠤ ᠥᠭᠡᠷᠡᠴᠢᠯᠡᠯᠲᠡ ᠶᠢᠨ | ᠢᠨᠵᠧᠨᠧᠷᠢᠩ ᠢ ᠦᠷᠭᠦᠯᠵᠢᠯᠡᠨ ᠥᠷᠨᠢᠭᠦᠯᠵᠦ᠂ ᠪᠥᠬᠦ ᠵᠢᠯ ᠤᠨ ᠠᠭᠠᠷ ᠤᠨ ᠰᠢᠯᠢᠳᠡᠭ ᠰᠠᠶᠢᠨ ᠨᠣᠷᠮ᠎ᠠ ᠶᠢ 93. | 9% ᠳᠤ ᠡᠳᠦᠷ ᠲᠤᠲᠤᠮ ᠤᠨ ᠤᠰᠤ ᠲᠠᠲᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 42 | ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ | ᠵᠦᠢ ᠵᠣᠬᠢᠰᠲᠠᠢ ᠲᠣᠬᠢᠷᠠᠭᠤᠯᠤᠨ᠂ ᠶᠢᠨ ᠯᠢᠶᠠᠨ᠂ ᠬᠤᠩ ᠵᠢᠶᠦ᠋ᠨ ᠥᠪᠡᠷᠲᠡᠭᠡᠨ ᠵᠠᠰᠠᠬᠤ ᠣᠷᠣᠨ ᠤ ᠲᠠᠰ ᠤᠨ | ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢᠶᠠᠷ ᠦᠨᠡᠯᠡᠭᠳᠡᠵᠦ᠂ ᠨᠢᠭᠡᠴᠢ ᠦᠢᠯᠡᠳᠬᠦᠨ ᠤ ᠤᠰᠤᠨ ᠤ | ᠬᠤᠷᠣᠭᠳᠠᠯ ᠤᠨ ᠪᠥᠬᠦ ᠣᠷᠣᠨ ᠳᠤ ᠲᠡᠷᠢᠭᠦᠯᠡᠪᠡ᠃ ᠤᠯᠤᠰ ᠠᠴᠠ ᠡᠵᠡᠮᠳᠡᠬᠦ ᠣᠭᠲᠣᠯᠣᠭᠠᠰᠤ ᠶᠢᠨ ᠤᠰᠤᠨ | ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠴᠥᠮ ᠪᠠᠷᠢᠮᠵᠢᠶ᠎ᠠ ᠳᠤ ᠬᠦᠷᠭᠡᠨ᠎ᠡ᠃ ᠠᠶᠤᠯᠲᠠᠢ ᠬᠠᠶᠠᠭᠳᠠᠮᠠᠯ | ᠪᠣᠳᠠᠰ ᠤᠨ 59 ᠠᠵᠤ ᠠᠬᠤᠶᠢᠯᠠᠯ ᠢ ᠵᠢᠷᠤᠮᠵᠢᠭᠤᠯᠤᠨ ᠦᠨᠡᠯᠡᠨ ᠵᠢᠱᠢᠬᠦ ᠶᠢ ᠪᠡᠶᠡᠯᠡᠭᠦᠯᠵᠦ᠂ ᠠᠵᠤ ᠦᠢᠯᠡᠳᠪᠦᠷᠢ ᠶᠢᠨ | ᠬᠠᠲᠠᠭᠤ ᠬᠠᠶᠠᠭᠳᠠᠮᠠᠯ ᠪᠣᠳᠠᠰ ᠢ ᠪᠦᠬᠦᠨ ᠢ ᠠᠶᠤᠯ ᠦᠭᠡᠢ ᠪᠠᠷ ᠰᠢᠢᠳᠪᠦᠷᠢᠯᠡᠵᠦ ᠠᠰᠢᠭᠯᠠᠬᠤ ᠶᠢ ᠪᠡᠶᠡᠯᠡᠭᠦᠯᠪᠡ᠃ | ᠳᠤᠮᠳᠠᠳᠤ ᠤᠯᠤᠰ· ᠨᠣᠭᠤᠭᠠᠨ ᠴᠠᠬᠢᠯᠭᠠᠨ ᠤ ᠬᠥᠩᠭᠡᠨᠴᠠᠭᠠᠨ ᠤ ᠬᠤᠲᠠ ᠶᠢ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢ ᠡᠬᠢᠯᠡᠭᠦᠯᠵᠦ᠂ ᠠᠵᠤ | ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 14 ᠲᠥᠷᠥᠯ ᠵᠦᠢᠯ ᠢ | ᠬᠡᠷᠡᠭᠵᠢᠭᠦᠯᠦᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠬᠢᠵᠠᠭᠠᠷᠯᠠᠬᠤ ᠬᠠᠷᠠᠯᠲᠠ ᠶᠢᠨ ᠡᠭᠦᠷᠭᠡ ᠶᠢ | ᠪᠡᠶᠡᠯᠡᠭᠦᠯᠵᠦ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠲᠣᠭᠲᠠᠭᠤᠨ ᠢᠶᠠᠷ ᠪᠠᠭᠤᠷᠠᠭᠤᠯᠪᠠ᠃ | ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠢᠯᠴᠢ ᠶᠢᠨ ᠴᠠᠬᠢᠯᠭᠠᠨ ᠤ ᠮᠠᠰᠢᠨ | ᠴᠣᠭᠴᠠᠯᠠᠪᠤᠷᠢ ᠶᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠬᠢᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ | ᠳᠡᠮᠵᠢᠨ᠂ ᠪᠣᠬᠢᠷᠲᠤᠯ ᠦᠭᠡᠢ ᠴᠠᠬᠢᠯᠭᠠᠨ ᠤ ᠡᠵᠡᠯᠡᠬᠦ ᠬᠠᠷᠢᠴᠠᠯ 2022 ᠣᠨ ᠤ 6.7% ᠪᠠᠶᠢᠭᠰᠠᠨ ᠠᠴᠠ ᠪᠠᠨ | 16.3% ᠪᠣᠯᠣᠨ | ᠳᠡᠭᠡᠭᠰᠢᠯᠡᠵᠦ᠂ 24.17 ᠲᠦᠮᠡᠨ ᠲᠣᠨ ᠪᠣᠬᠢᠷᠲᠤᠯ ᠦᠭᠡᠢ ᠴᠠᠬᠢᠯᠭᠠᠨ ᠤ ᠬᠥᠩᠭᠡᠨ ᠴᠠᠭᠠᠨ ᠨᠢ ᠳᠤᠮᠳᠠᠳᠤ | ᠤᠯᠤᠰ ᠤᠨ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠨᠡᠶᠢᠭᠡᠮᠯᠢᠭ ᠤᠨ ᠭᠡᠷᠡᠴᠢᠯᠡᠭᠡ ᠪᠠᠷ ᠳᠡᠮᠵᠢᠨ᠂ | ᠾᠦᠥᠸ᠋ ᠮᠧᠶ ᠾᠧᠩ ᠳ᠋ᠠ ᠬᠥᠩᠭᠡᠨ ᠴᠠᠭᠠᠨ ᠤ ᠨᠤᠨᠳᠠᠭ ᠨᠢ 2023 ᠣᠨ ᠤ ᠥᠪᠡᠷᠲᠡᠭᠡᠨ ᠵᠠᠰᠠᠬᠤ ᠣᠷᠣᠨ ᠤ | ᠲᠠᠰ ᠤᠨ ᠪᠣᠬᠢᠷᠲᠤᠯ ᠦᠭᠡᠢ ᠦᠢᠯᠡᠳᠪᠦᠷᠢ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ︵ᠳᠥᠷᠪᠡ︶ ᠬᠤᠲᠠ ᠬᠥᠳᠡᠭᠡ ᠶᠢᠨ ᠬᠥᠭᠵᠢᠯᠲᠡ ᠶᠢᠨ ᠳᠦᠷᠰᠦ ᠪᠠᠶᠢᠳᠠᠯ ᠲᠠᠰᠤᠷᠠᠯᠲᠠ ᠦᠭᠡᠢ ᠰᠠᠶᠢᠵᠢᠷᠠᠪᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ | ︽ᠭᠤᠷᠪᠠᠨ ᠣᠷᠣᠨ ᠭᠤᠷᠪᠠᠨ ᠹᠷᠣᠨᠲ︾ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠪᠠ᠃ ᠰᠢᠨ᠎ᠡ ᠬᠤᠲᠠ | ᠲᠣᠭᠤᠷᠢᠭ ᠤᠨ ᠡᠵᠡᠮᠳᠡᠯ ᠤᠨ ᠴᠢᠨᠠᠷᠲᠠᠢ ᠨᠠᠷᠢᠨ ᠲᠣᠭᠲᠠᠭᠠᠯ ᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠰᠢᠷ᠎ᠠ | ᠬᠥᠯᠥᠨ ᠵᠡᠭᠡᠯᠢ ᠭᠤᠳᠤᠮᠵᠢ ᠶᠢᠨ ᠶᠡᠷᠦᠩᠬᠡᠢ ᠵᠢᠷᠤᠭ ᠲᠥᠯᠥᠪᠯᠡᠭᠡ ᠶᠢ ᠡᠬᠢᠯᠡᠭᠦᠯᠵᠦ᠂ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠪᠡᠶᠡᠯᠡᠭᠦᠯᠦᠨ᠎ᠡ | ᠃ ᠨᠡᠶᠢᠲᠡ 3.23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 31 ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 5.51 ᠺᠢᠯᠣᠮᠧᠲᠷ ᠭᠤᠣᠯᠳᠠᠯᠭ᠎ᠠ ᠲᠠᠢ ᠵᠡᠭᠡᠯᠢ | ᠭᠤᠳᠤᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ 13.5 ᠺᠢᠯᠣᠮᠧᠲᠷ ᠬᠤᠲᠠ ᠶᠢᠨ ᠶᠠᠪᠤᠳᠠᠯ ᠤᠨ ᠡᠯ᠎ᠡ | ᠲᠥᠷᠥᠯ ᠤᠨ ᠬᠠᠮᠢᠶᠠᠷᠤᠯᠲᠠ ᠶᠢᠨ ᠲᠣᠣᠷ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 5.71 ᠺᠢᠯᠣᠮᠧᠲᠷ | ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ 5G ᠰᠠᠭᠤᠷᠢ ᠥᠷᠲᠡᠭᠡ ᠶᠢ 184 | ᠰᠢᠨ᠎ᠡ ᠪᠠᠷ ᠨᠡᠮᠡᠭᠳᠡᠭᠦᠯᠪᠡ᠃ ᠬᠤᠳᠠ ᠶᠢᠨ ᠣᠷᠭᠠᠨᠢᠭ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠬᠡᠷᠡᠭᠵᠢᠭᠦᠯᠵᠦ᠂ | 14886 ᠲᠦᠮᠡᠨ | ᠲᠡᠭᠰᠢ ᠳᠥᠷᠪᠡᠯᠵᠢᠨ ᠮᠧᠲᠷ ᠤᠨ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ | ᠪᠡᠶᠡᠯᠡᠭᠦᠯᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 5 ᠵᠦᠢᠯᠡᠰ ᠢ ᠠᠵᠢᠯ ᠡᠬᠢᠯᠡᠭᠦᠯᠦᠨ ᠪᠦᠲᠦᠭᠡᠨ | ᠪᠠᠶᠢᠭᠤᠯᠵᠤ᠂ 1804 ᠢᠵᠢ ᠶᠢᠨ 184 ᠲᠦᠮᠡᠨ ᠲᠡᠭᠰᠢ ᠳᠥᠷᠪᠡᠯᠵᠢᠨ ᠮᠧᠲᠷ ᠤᠨ ᠲᠠᠸᠠᠷ ᠤᠨ ᠭᠡᠷ ᠪᠠᠶᠢᠰᠢᠩ᠂ | 480 ᠢᠵᠢ ᠶᠢᠨ 28 | ᠲᠦᠮᠡᠨ ᠲᠡᠭᠰᠢ ᠳᠥᠷᠪᠡᠯᠵᠢᠨ ᠮᠧᠲᠷ ᠤᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠰᠢᠨ᠎ᠡ ᠪᠠᠷ | ᠨᠡᠮᠡᠭᠳᠡᠭᠦᠯᠪᠡ᠃ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ | ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠬᠠᠤᠯᠢ ᠶᠢ ᠵᠥᠷᠢᠴᠡᠨ | ᠪᠦᠲᠦᠭᠡᠨ ᠪᠠᠶᠢᠭᠤᠯᠤᠭᠰᠠᠨ 12 ᠲᠦᠮᠡᠨ ᠲᠡᠭᠰᠢ ᠳᠥᠷᠪᠡᠯᠵᠢᠨ ᠮᠧᠲᠷ ᠢ ᠨᠤᠷᠠᠭᠠᠵᠤ᠂ ᠲᠣᠭᠲᠠᠭᠠᠯ ᠢ ᠵᠥᠷᠢᠴᠡᠭᠰᠡᠨ | 410 ᠫᠠᠶᠢᠰᠠ | ᠢᠯᠡᠷᠬᠡᠶᠢᠯᠡᠯ ᠢ ᠢᠯᠭᠠᠷᠠᠭᠤᠯᠤᠨ ᠴᠡᠭᠴᠡᠯᠡᠵᠦ᠂ 46 ᠲᠦᠮᠡᠨ ᠮᠧᠲᠷ ᠤᠨ ᠮᠡᠳᠡᠭᠡ ᠬᠤᠯᠪᠣᠭᠠᠨ ᠤ ᠨᠢᠰᠦᠭᠡ ᠱᠤᠭᠤᠮ ᠢ | ᠴᠡᠭᠴᠡᠯᠡᠨ ᠵᠠᠰᠠᠪᠠ᠃ 1167 ᠲᠦᠮᠡᠨ ᠲᠥᠭᠦᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠬᠤ ᠪᠡᠯᠡ ᠮᠥᠩᠭᠦ ᠶᠢ ᠴᠢᠷᠮᠠᠶᠢᠨ ᠣᠯᠵᠤ᠂ ᠲᠡᠯᠡᠶ ᠬᠤᠰᠢᠭᠤ ᠲᠣᠰᠬᠤᠨ ᠤ ᠴᠢᠬᠢ ᠪᠣᠶᠢᠵᠢᠭᠤᠯᠬᠤ ᠲᠥᠪ᠂ | ᠭᠤᠣᠯ ᠤᠨ ᠮᠣᠳᠣ ᠲᠣᠰᠬᠤᠨ ᠤ ᠣᠳᠣᠬᠢᠴᠢᠯᠠᠭᠰᠠᠨ ᠰᠠᠷᠠᠪᠴᠢᠨ ᠭᠡᠷ ᠵᠡᠷᠭᠡ 13 ᠠᠵᠤ ᠦᠢᠯᠡᠰ ᠪᠠ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ︽ᠤᠯᠤᠰ ᠤᠨ | ᠥᠮᠴᠢᠯᠡᠯᠲᠦ ᠠᠵᠤ ᠠᠬᠤᠶᠢᠯᠠᠯ ᠢᠶᠠᠷ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠣᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢᠨ ᠲᠥᠪ ᠵᠡᠷᠭᠡ 5 ᠲᠥᠷᠥᠯ ᠵᠦᠢᠯ ᠢ ᠪᠡᠶᠡᠯᠡᠭᠦᠯᠵᠦ᠂ ᠡᠯ᠎ᠡ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 232 ᠲᠦᠮᠡᠨ ᠲᠥᠭᠦᠷᠢᠭ ᠲᠤ ᠬᠦᠷᠦᠭᠦᠯᠵᠦ᠂ 14. | 4% ᠪᠠᠷ ᠨᠡᠮᠡᠭᠳᠡᠭᠦᠯᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠵᠢᠯ ᠤᠨ ᠣᠷᠣᠯᠭ᠎ᠠ ᠶᠢ | 21757 | ᠲᠥᠭᠦᠷᠢᠭ ᠲᠤ ᠬᠦᠷᠭᠡᠵᠦ᠂ 13% ᠪᠠᠷ ᠨᠡᠮᠡᠭᠳᠡᠭᠦᠯᠪᠡ᠃ | ︵ᠲᠠᠪᠤ︶ ᠠᠷᠠᠳ ᠤᠨ ᠠᠮᠢᠳᠤᠷᠠᠯ ᠢ ᠪᠠᠲᠤᠯᠠᠵᠤ ᠪᠤᠶᠠᠨ ᠵᠢᠷᠭᠠᠯ ᠢ ᠨᠡᠮᠡᠭᠳᠡᠭᠦᠯᠬᠦ ᠦᠷ᠎ᠡ ᠪᠦᠲᠦᠮᠵᠢ ᠢᠯᠡᠳᠲᠡ | ᠪᠣᠯᠪᠠ᠃ ᠠᠷᠠᠳ ᠤᠨ ᠠᠮᠢᠳᠤᠷᠠᠯ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠤᠷᠢᠳᠠᠪᠠᠷ ᠪᠠᠲᠤᠯᠠᠵᠤ᠂ ᠪᠥᠬᠦ | ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ | 70% ᠶᠢ ᠡᠵᠡᠯᠡᠵᠦ᠂ | ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠠᠷᠠᠳ ᠤᠯᠠᠨ ᠤ ᠪᠠᠴᠢᠮ | ᠪᠡᠷᠬᠡ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠭᠰᠠᠨ 8 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠢᠢᠳᠪᠦᠷᠢᠯᠡᠨ ᠳᠠᠭᠤᠰᠬᠠᠵᠤ᠂ 28 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠨᠡᠮᠯᠡᠯ | ᠠᠪᠬᠤ ᠳᠤ ᠬᠦᠴᠢᠷᠲᠡᠢ ᠪᠠᠶᠢᠭᠰᠠᠨ ᠲᠡᠦᠬᠡ ᠶᠢᠨ ᠦᠯᠡᠳᠡᠭᠳᠡᠯ ᠠᠰᠠᠭᠤᠳᠠᠯ ᠪᠠ 66 ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠵᠦᠢᠯᠡᠰ ᠤᠨ ᠤᠯᠠᠨ ᠵᠢᠯ ᠤᠨ ᠲᠤᠷᠰᠢ ᠲᠠᠰᠤᠯᠤᠨ ᠪᠤᠳᠤᠬᠰᠠᠨ ᠦᠭᠡᠢ ᠠᠰᠠᠭᠤᠳᠠᠯ ᠢ | ᠰᠢᠢᠳᠪᠦᠷᠢᠯᠡᠪᠡ᠃ ᠬᠤᠳᠠ ᠪᠠᠯᠭᠠᠰᠤᠨ ᠤ 2704 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ | ᠪᠠᠯᠭᠠᠰᠤᠨ ᠤ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ 1420 ᠬᠥᠮᠥᠨ ᠳᠤ ᠠᠵᠢᠯ ᠣᠯᠭᠤᠪᠠ᠃ | ᠨᠡᠶᠢᠭᠡᠮ ᠤᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡ᠊ᠭᠦ᠋ᠯᠬᠦ ᠲᠤᠰᠬᠠᠢ | ᠠᠵᠢᠯᠯᠠᠭ᠎ᠠ ᠶᠢ ᠥᠷᠨᠢᠭᠦᠯᠵᠦ᠂ ᠬᠦᠴᠢᠷᠳᠡᠯᠲᠡᠢ ᠣᠯᠠᠨ ᠲᠦᠮᠡᠨ ᠳᠤ 4242 ᠲᠦᠮᠡᠨ ᠲᠥᠭᠦᠷᠢᠭ ᠤᠨ ᠠᠪᠤᠷᠠᠨ | ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠲᠠᠷᠬᠠᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 3.4% ᠪᠠᠷ ᠳᠡᠭᠡᠭᠰᠢᠯᠡᠭᠦᠯᠪᠡ᠃ ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠢᠭ᠋ ᠢ 37 ᠪᠠᠶᠢᠭᠤᠯᠵᠤ᠂ ︽15 ᠮᠢᠨᠦ᠋ᠲ ᠤᠨ ᠡᠮ | ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ︾ ᠶᠢ ᠨᠠᠰᠤᠲᠠᠨ ᠢ | ᠠᠰᠠᠷᠠᠬᠤ ᠲᠥᠪ ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠷᠳᠡᠭᠡ ᠶᠢ 2 ᠰᠢᠨ᠎ᠡ ᠪᠠᠷ ᠨᠡᠮᠡᠭᠳᠡᠭᠦᠯᠵᠦ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠬᠤᠶᠠᠳᠤᠭᠠᠷ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ | ᠴᠡᠴᠡᠷᠯᠢᠭ ᠤᠨ ᠪᠦᠷᠬᠦᠴᠡ ᠶᠢᠨ ᠨᠤᠷᠮ᠎ᠠ ᠶᠢ 86% ᠳᠤ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ | ᠮᠥᠩᠭᠦ ᠶᠢ 400 ᠲᠦᠮᠡᠨ ᠲᠥᠭᠦᠷᠢᠭ ᠭᠠᠷᠭᠠᠵᠤ᠂ ︽ᠪᠠᠭᠰᠢ ᠶᠢ ᠬᠠᠪᠰᠤᠷᠤᠨ ᠰᠤᠷᠤᠯᠭ᠎ᠠ ᠶᠢ ᠲᠡᠳᠬᠦᠬᠦ᠂ | ᠶᠠᠳᠠᠭᠤ ᠶᠢ ᠲᠡᠳᠬᠦᠵᠦ ᠬᠦᠴᠢᠷᠳᠡᠯᠲᠡᠢ ᠶᠢ ᠬᠠᠪᠰᠤᠷᠬᠤ︾ ᠪᠠᠷ ᠵᠣᠷᠢᠯᠲᠠ ᠪᠣᠯᠭᠠᠨ᠂ ᠬᠠᠶᠢᠷ᠎ᠠ ᠬᠠᠯᠠᠮᠵᠢ | ᠬᠠᠨᠳᠢᠪᠯᠡᠵᠤ ᠰᠤᠷᠤᠯᠭ᠎ᠠ ᠶᠢ ᠲᠡᠳᠬᠦᠬᠦ ᠲᠠᠪᠴᠠᠩ ᠢ ᠪᠠᠶᠢᠭᠤᠯᠵᠤ᠂ ᠬᠦᠴᠢᠷᠳᠡᠯ ᠲᠠᠢ ᠰᠣᠷᠣᠭᠴᠢ ᠶᠢ ᠲᠡᠳᠬᠦᠨ | ᠲᠤᠰᠠᠯᠠᠵᠤ᠂ ᠣᠨᠴᠠ ᠬᠦᠴᠢᠷᠳᠡᠯ ᠲᠠᠢ ᠪᠠᠭᠰᠢ ᠶᠢ ᠠᠪᠤᠷᠠᠨ ᠲᠤᠰᠠᠯᠠᠵᠤ᠂ ᠰᠢᠯᠢᠳᠡᠭ ᠪᠠᠭᠰᠢ ᠶᠢ ᠱᠠᠩᠨᠠᠨ | ᠬᠥᠬᠢᠭᠦᠯᠦᠨ᠎ᠡ᠃ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ 31 ᠬᠥᠮᠥᠨ ᠤᠷᠢᠨ ᠬᠡᠷᠡᠭᠯᠡᠵᠦ᠂ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠣᠷᠣᠭᠰᠠᠨ ᠨᠣᠷᠮ᠎ᠠ | 67.3% ᠬᠦᠷᠴᠦ᠂ | ᠲᠦᠩᠯᠢᠶᠣᠣ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠬᠢᠯᠡᠭᠦᠯᠦᠭᠰᠡᠨ ᠪᠠ ︽ᠪᠦᠬᠦ ᠤᠯᠤᠰ ᠤᠨ ᠦᠨᠳᠦᠰᠦᠨ | ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠢ ᠡᠭᠦᠳᠦᠨ ᠪᠠᠶᠢᠭᠤᠯᠵᠤ᠂ | ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶ᠎ᠠ᠂ ᠵᠢᠢ ᠳ᠋ᠡ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠱᠧᠩ | ᠵᠢᠩ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠯᠪᠣᠭᠠᠲᠤ ᠴᠣᠭᠴᠠ ᠶᠢᠨ 41 ᠲᠤᠰᠬᠠᠢ ᠮᠡᠷᠭᠡᠵᠢᠯᠲᠡᠨ ᠢ | ᠤᠷᠢᠵᠤ᠂ ᠡᠭᠦᠳᠡᠨ ᠡᠮᠨᠡᠯᠭᠡ ᠳᠤ ᠰᠠᠭᠤᠵᠤ ᠡᠮᠴᠢᠯᠡᠬᠦ᠂ ᠳᠠᠭᠠᠭᠤᠯᠤᠨ ᠵᠢᠭᠠᠬᠤ ᠮᠡᠰᠡ ᠵᠠᠰᠠᠯ᠂ ᠲᠤᠰᠬᠠᠢ ᠰᠡᠳᠦᠪᠲᠦ | ᠲᠠᠶᠢᠯᠤᠮᠵᠢ᠂ ᠠᠯᠤᠰ ᠠᠴᠠ ᠬᠠᠮᠲᠤᠷᠠᠨ ᠣᠨᠣᠰᠢᠯᠠᠬᠤ ᠠᠵᠢᠯ ᠢ ᠥᠷᠨᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠬᠢᠷᠢ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠢᠶᠠᠨ ᠤ ᠱᠠᠲᠤᠨ ᠤ ᠱᠠᠲᠤᠨ ᠤ ᠨᠣᠮ ᠤᠨ ᠰᠠᠩ᠂ | ᠮᠦᠽᠧᠢ ᠶᠢ ᠲᠡᠰ ᠳᠡᠪᠰᠢᠭᠦᠯᠬᠦ ᠪᠠᠷ ᠠᠮᠵᠢᠯᠲᠠ ᠲᠠᠢ ᠪᠠᠷ ᠭᠤᠶᠤᠴᠢᠯᠠᠵᠤ᠂ ᠰᠣᠶᠣᠯ ᠢᠶᠠᠷ ᠠᠷᠠᠳ ᠲᠤ ᠠᠰᠢᠭ | ᠬᠦᠷᠲᠡᠭᠡᠬᠦ 140 ᠭᠠᠷᠤᠢ ᠲᠠᠯᠠᠪᠠᠢ᠂ ᠪᠦᠬᠦ ᠠᠷᠠᠳ ᠤᠨ ᠤᠩᠰᠢᠨ ᠳᠡᠯᠭᠡᠷᠡᠭᠦᠯᠬᠦ ᠠᠵᠢᠯᠯᠠᠭ᠎ᠠ ᠶᠢ 120 ᠭᠠᠷᠤᠢ | ᠲᠠᠯᠠᠪᠠᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ 20 ᠭᠠᠷᠤᠢ ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ | ᠨᠥᠬᠦᠷᠯᠡᠯ ᠨᠡᠶᠢᠭᠡᠮ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠣᠶᠢᠯᠠᠭᠠᠬᠤ ᠰᠤᠷᠭᠠᠨ ᠬᠥᠮᠦᠵᠢᠯ ᠤᠨ ᠲᠤᠷᠰᠢᠯᠲᠠ ᠶᠢᠨ ᠨᠡᠶᠢᠭᠡᠮ ᠲᠣᠭᠤᠷᠢᠭ ᠢᠶᠠᠷ | ᠦᠨᠡᠯᠡᠭᠳᠡᠵᠦ᠂ ᠲᠦᠩᠯᠢᠶᠣᠣ ᠬᠤᠳᠠ ᠶᠢᠨ ᠲᠡᠰ ᠤᠨ ᠠᠷᠢᠭᠤᠨ ᠴᠢᠬᠡᠴᠢ ᠰᠣᠶᠣᠯ ᠢ ᠭᠡᠷ ᠪᠦᠯᠢ ᠶᠢᠨ ᠵᠢᠱᠢᠶ᠎ᠡ | ᠦᠵᠡᠭᠦᠯᠬᠦ ᠴᠡᠭ ᠲᠤ ᠣᠷᠣᠭᠤᠯᠪᠠ᠃ | ︵ᠵᠢᠷᠭᠤᠭ᠎ᠠ︶ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ︽ᠬᠤᠥᠯᠢᠨ ᠭᠤᠣᠯ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠳᠦᠷᠢᠮ︾ ᠳᠤ ᠵᠠᠰᠠᠪᠤᠷᠢ ᠣᠷᠣᠭᠤᠯᠵᠤ᠂ ᠴᠢᠬᠤᠯᠠ ᠶᠡᠭᠡ ᠵᠦᠢᠯᠡᠰ ᠤᠨ | ᠲᠤᠬᠠᠢ ᠵᠢᠭᠠᠪᠤᠷᠢ ᠠᠪᠬᠤ ᠪᠠ ᠮᠡᠳᠡᠭᠦᠯᠦᠯᠲᠡ ᠬᠢᠬᠦ ᠳᠦᠷᠢᠮ ᠢ ᠬᠢᠨᠠᠮᠠᠭᠠᠢ ᠬᠡᠷᠡᠭᠵᠢᠭᠦᠯᠦᠨ᠎ᠡ᠃ ︽ᠫᠦᠵᠢᠶᠠᠩ | ᠮᠥᠷᠡᠨ ᠤ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠦᠬᠦ ᠬᠦᠴᠦᠨ ᠢᠶᠠᠷ ᠢᠶᠠᠨ ᠪᠠᠲᠤᠳᠬᠠᠵᠤ᠂ ᠵᠦᠰᠬᠤᠸᠠ ᠵᠡᠭᠡᠯᠢ ᠭᠤᠳᠤᠮᠵᠢ ᠥᠪᠡᠷᠲᠡᠭᠡᠨ | ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠᠷ ᠦᠨᠡᠯᠡᠭᠳᠡᠵᠦ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ | ᠶᠢᠰᠦᠳᠦᠭᠡᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ | ᠦᠨᠡᠯᠡᠭᠳᠡᠪᠡ᠃ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ | ᠠᠵᠢᠯᠯᠠᠭ᠎ᠠ ᠶᠢ ᠥᠷᠨᠢᠭᠦᠯᠵᠦ᠂ 93 ᠬᠤᠪᠢ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠬᠦᠨ ᠢ | ᠭᠠᠳᠠᠭᠠᠳᠤ ᠵᠥᠪᠯᠡᠯ ᠭᠠᠳᠠᠭᠰᠢ ᠳᠠᠭᠠᠭᠠᠴᠢᠯᠠᠭᠤᠯᠬᠤ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ | ᠠᠷᠭ᠎ᠠ ᠶᠢ ᠲᠣᠭᠲᠠᠭᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠲᠥᠪ ᠪᠠᠶᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠲᠤᠰᠬᠠᠢ ᠲᠤᠰᠢᠶᠠᠯᠲᠤ ᠭᠠᠯ | ᠤᠨᠲᠠᠷᠠᠭᠠᠬᠤ ᠥᠷᠲᠡᠭᠡ ᠶᠢ ᠡᠬᠢᠯᠡᠨ ᠬᠡᠷᠡᠭᠯᠡᠵᠦ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠬᠤᠩ ᠵᠢᠶᠦ᠋ᠨ ᠤᠯᠤᠰ ᠤᠨ ᠳᠡᠰ ᠤᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠳᠡᠰ ᠤᠨ | ᠪᠠᠷᠢᠮᠵᠢᠶᠠᠵᠢᠭᠰᠠᠨ ᠠᠵᠤ ᠠᠬᠤᠶᠢᠯᠠᠯ ᠢᠶᠠᠷ ᠦᠨᠡᠯᠡᠭᠳᠡᠪᠡ᠃ ᠢᠳᠡᠭᠡᠨ ᠤᠮᠳᠠᠭᠠᠨ ᠤ ᠨᠡᠶᠢᠭᠡᠮᠯᠢᠭ ᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ︽ᠰᠠᠨᠠᠭ᠎ᠠ ᠠᠮᠤᠷ ᠬᠡᠷᠡᠭᠯᠡᠭᠡ ᠶᠢᠨ ᠵᠢᠱᠢᠶ᠎ᠡ ᠦᠵᠡᠭᠦᠯᠬᠦ ᠵᠡᠭᠡᠯᠢ | ᠲᠣᠭᠤᠷᠢᠭ︾ ᠢ 1 ᠵᠤᠷᠪᠤᠰ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠥᠬᠦ | ᠶᠠᠪᠤᠴᠠ ᠶᠢᠨ ᠮᠥᠷᠳᠡᠵᠦ ᠪᠣᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠢ ᠨᠠᠩ ᠪᠠᠲᠤᠯᠠᠭ᠎ᠠ ᠲᠠᠢ ᠪᠤᠯᠭᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶ᠎ᠡ ᠶᠢᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠵᠠᠰᠠᠯᠲᠠ ᠬᠢᠭᠰᠡᠨ ᠦᠷ᠎ᠡ ᠪᠦᠲᠦᠮᠵᠢ ᠲᠦᠩᠯᠢᠶᠣᠣ ᠬᠤᠳᠠ ᠶᠢᠨ ᠡᠮᠦᠨ᠎ᠡ | ᠡᠩᠨᠡᠭᠡᠨ ᠳᠤ ᠣᠷᠣᠵᠤ᠂ ᠠᠮᠤᠷ ᠠᠮᠤᠭᠤᠯᠠᠩ ᠬᠤᠣᠯᠢᠨ ᠭᠤᠣᠯ᠂ ᠬᠠᠤᠯᠢᠵᠢᠯ ᠤᠨ ᠬᠤᠣᠯᠢᠨ ᠭᠤᠣᠯ ᠤᠨ ᠶᠠᠰᠤ ᠴᠢᠨᠠᠷ | ᠨᠡᠩ ᠥᠨᠳᠥᠷ᠂ ᠶᠠᠰᠤ ᠴᠢᠨᠠᠷ ᠨᠡᠩ ᠰᠠᠶᠢᠨ ᠪᠣᠯᠪᠠ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ | ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠵᠤ᠂ ᠬᠢᠨᠠᠨ ᠪᠤᠳᠤᠬᠤ ᠪᠠ ᠪᠦᠷᠢᠳᠬᠡᠵᠦ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠤᠨ᠂ ᠠᠷᠠᠳ ᠤᠨ ᠲᠥᠯᠥᠭᠡ ᠠᠷᠢᠭᠤᠨ ᠴᠢᠬᠡᠴᠢ ᠪᠠᠷ ᠵᠠᠰᠠᠭ ᠪᠠᠷᠢᠬᠤ ᠰᠤᠷᠲᠠᠯ ᠢ ᠦᠷᠭᠦᠯᠵᠢᠯᠡᠨ | ᠰᠠᠶᠢᠵᠢᠷᠠᠭᠤᠯᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠣᠭᠲᠠᠭᠤᠨ ᠢᠶᠠᠷ | ᠳᠡᠭᠡᠭᠰᠢᠯᠡᠭᠦᠯᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ | ᠪᠠᠲᠤᠲᠠᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 118 ᠬᠤᠪᠢ ᠬᠤᠭᠤᠴᠠᠭ᠎ᠠ | ᠶᠣᠰᠣᠭᠠᠷ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠥᠭᠭᠦᠭᠰᠡᠨ ᠨᠤᠷᠮ᠎ᠠ᠂ ᠬᠠᠨᠤᠮᠵᠢᠲᠠᠶ ᠪᠠᠶᠢᠬᠤ ᠨᠤᠷᠮ᠎ᠠ ᠨᠢ | ᠴᠥᠮ 100% ᠪᠣᠯᠪᠠ᠃ ᠠᠷᠠᠳ ᠤᠨ ᠵᠡᠪᠰᠡᠭᠲᠦ ᠬᠦᠴᠦᠨ ᠤ ᠠᠵᠢᠯ ᠢ ᠪᠥᠬᠦ ᠲᠠᠯ᠎ᠠ ᠪᠠᠷ ᠳᠡᠮᠵᠢᠵᠦ᠂ ᠴᠡᠷᠢᠭ | ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠥᠨᠳᠥᠷ ᠪᠦᠲᠦᠮᠵᠢᠲᠡᠶ ᠪᠥᠭᠡᠳ ᠨᠢᠭᠲᠠ ᠪᠠᠶᠢᠵᠤ᠂ ᠬᠤᠶᠠᠷ ᠢ | ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠣᠯᠪᠠ᠃ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠵᠡᠷᠭᠡ ᠡ᠊ᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠡᠯ᠎ᠡ ᠵᠦᠢᠯ ᠤᠨ ᠥᠷᠢ | ᠥᠭᠴᠡᠭᠡ ᠶᠢ ᠨᠡᠶᠢᠳᠡ 2646 ᠳ᠋ᠦᠩᠰᠢᠭᠤᠷ ᠲᠥᠭᠦᠷᠢᠭ ᠠᠷᠢᠯᠭᠠᠵᠤ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠤᠷᠮ᠎ᠠ ᠶᠢ ᠶᠡᠭᠡ ᠪᠠᠷ ᠪᠠᠭᠤᠷᠠᠭᠤᠯᠪᠠ᠃ |