ᠵᠦᠰᠬᠤᠸᠠ ᠵᠡᠭᠡᠯᠢ ᠭᠤᠳᠤᠮᠵᠢ᠄ ︽ᠭᠤᠷᠪᠠ ᠳᠤ ᠠᠩᠬᠠᠷᠤᠯ ᠢᠶᠠᠨ ᠲᠥᠪᠯᠡᠷᠡᠭᠦᠯᠬᠦ︾ ᠨᠢ ︽ᠨᠠᠮ ᠤᠨ ᠠᠴᠢ  ᠶᠢ ᠮᠡᠳᠡᠷᠡᠬᠦ᠂ ᠨᠠᠮ ᠤᠨ ᠦᠭᠡ  ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ  ᠶᠢᠨ ᠠᠵᠢᠯᠯᠠᠭ᠎ᠠ  ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ  ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/1/22
    ︽ᠨᠠᠮ ᠤᠨ ᠠᠴᠢ ᠲᠤᠰᠠ   ᠶᠢ ᠣᠶᠢᠯᠠᠭᠠᠵᠤ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ   ᠶᠢ ᠥᠷᠨᠢᠭᠦᠯᠦᠭᠰᠡᠨ ᠠᠴᠠ ᠨᠠᠰᠢ᠂ ᠵᠦᠰᠬᠤᠸᠠ ᠵᠡᠭᠡᠯᠢ ᠭᠤᠳᠤᠮᠵᠢ   ᠶᠢᠨ ᠨᠠᠮ ᠤᠨ ᠠᠵᠢᠯᠯᠠᠬᠤ ᠬᠤᠷᠢᠶ᠎ᠠ ᠨᠠᠷᠢᠨ ᠨᠢᠮᠪᠠᠢ ᠪᠠᠶᠢᠷᠢᠯᠠᠭᠤᠯᠵᠤ᠂ ᠨᠠᠷᠢᠨ ᠬᠢᠨᠠᠮᠠᠭᠠᠢ ᠲᠦᠯᠬᠢᠨ ᠠᠬᠢᠭᠤᠯᠵᠤ᠂ ︽ᠤᠬᠠᠭᠤᠯᠬᠤ᠂ ᠬᠢᠬᠦ᠂ ᠲᠠᠶᠢᠯᠪᠤᠷᠢᠯᠠᠬᠤ︾ ᠶᠢ ᠴᠢᠩᠭ᠎ᠠ ᠠᠳᠬᠤᠵᠤ᠂ ︽ᠨᠠᠮ ᠤᠨ ᠠᠴᠢ ᠲᠤᠰᠠ   ᠶᠢ ᠣᠶᠢᠯᠠᠭᠠᠵᠤ᠂ ᠨᠠᠮ ᠤᠨ ᠦᠭᠡ   ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ ᠠᠵᠢᠯᠯᠠᠭ᠎ᠠ   ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ   ᠶᠢ ᠯᠠᠪᠳᠠᠭᠤᠨ ᠢᠶᠠᠷ ᠠᠬᠢᠭᠤᠯᠤᠭᠰᠠᠨ ᠪᠠᠶᠢᠨ᠎ᠠ᠃ ︽ᠤᠬᠠᠭᠤᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ︽ᠲᠠᠷᠢᠬᠢᠨ ᠳᠤᠨᠢ ᠬᠠᠳᠠᠩᠰᠢᠭᠤᠯᠵᠤ ᠰᠡᠳᠬᠢᠯ ᠳᠤᠨᠢ ᠬᠠᠳᠠᠩᠰᠢᠭᠤᠯᠬᠤ︾ ᠶᠢ ᠲᠦᠯᠬᠢᠨ ᠠᠬᠢᠭᠤᠯᠪᠠ᠃  ︽ᠬᠠᠰᠢᠯᠠ ᠨᠠᠮ ᠤᠨ ᠲᠥᠷᠥ   ᠶᠢᠨ ᠪᠣᠳᠣᠯᠭ᠎ᠠ ᠰᠠᠶᠢᠨ᠂ ᠪᠢᠳᠡ ᠬᠤᠶᠠᠭᠤᠯᠠ ᠠᠮᠢᠳᠤᠷᠠᠯ ᠤᠨ ᠨᠠᠭᠠᠲᠤ ᠵᠠᠬ᠎ᠠ   ᠶᠢᠨ ᠪᠠᠲᠤᠯᠠᠭ᠎ᠠ ᠭᠥᠷᠳᠡᠵᠦ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠡᠨᠡ ᠵᠢᠯ ᠨᠠᠳᠠ ᠪᠠᠰᠠ 1700 ᠲᠥᠭᠦᠷᠢᠭ ᠤᠨ ᠲᠦᠷ ᠴᠠᠭ ᠤᠨ ᠲᠤᠰᠠᠯᠠᠮᠵᠢ ᠭᠤᠶᠤᠴᠢᠯᠠᠵᠠᠢ᠂ ᠣᠳᠣ ᠠᠮᠢᠳᠤᠷᠠᠯ ᠤᠨ ᠲᠠᠯ᠎ᠠ ᠪᠠᠷ ᠢᠳᠡᠵᠦ ᠡᠮᠦᠰᠬᠦ ᠳᠡᠭᠡᠨ ᠵᠣᠪᠠᠭ᠋ᠤ ᠦᠭᠡᠢ ᠪᠣᠯᠵᠠᠢ︾  ᠭᠡᠵᠦ ᠵᠦᠩ ᠰᠢᠩ ᠨᠡᠶᠢᠭᠡᠮ ᠲᠣᠭᠤᠷᠢᠭ ᠠᠴᠠ ᠢᠷᠡᠭᠰᠡᠨ ᠰᠢᠨ ᠶᠠᠨ ᠲᠤᠤ ᠠᠨᠢᠶ᠎ᠠ ᠨᠡᠶᠢᠭᠡᠮ ᠲᠣᠭᠤᠷᠢᠭ ᠤᠨ ᠲᠣᠭᠤᠷᠢᠭ ᠰᠢᠷᠡᠭᠡᠨ ᠤ ᠬᠤᠷᠠᠯ ᠳᠡᠭᠡᠷ᠎ᠡ ᠰᠡᠳᠬᠢᠯ ᠳᠣᠭᠳᠣᠯᠤᠨ ᠪᠤᠰᠤᠳ ᠰᠠᠭᠤᠭᠠᠯᠢ ᠠᠷᠠᠳ ᠲᠤ ᠬᠡᠯᠡᠪᠡ᠃

   ᠰᠠᠭᠤᠭᠠᠯᠢ ᠠᠷᠠᠳ ᠲᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠬᠤᠪᠢᠷᠠᠯᠲᠠ ᠶᠢ ᠨᠠᠷᠢᠨ ᠲᠣᠳᠣᠷᠬᠠᠢ

ᠣᠶᠢᠯᠠᠭᠠᠭᠤᠯᠬᠤ ᠶᠢᠨ ᠲᠥᠯᠥᠭᠡ᠂ ᠨᠠᠮ ᠤᠨ ᠰᠠᠶᠢᠨ ᠲᠥᠷᠥ   ᠶᠢᠨ ᠪᠣᠳᠣᠯᠭ᠎ᠠ   ᠶᠢ ᠦᠨᠡᠨᠬᠦ ᠮᠡᠳᠡᠷᠡᠵᠦ᠂

ᠵᠤᠤᠰᠬᠤᠸᠠ ᠵᠡᠭᠡᠯᠢ ᠭᠤᠳᠤᠮᠵᠢ ᠶᠢᠨ ᠬᠢᠨ 7 ᠰᠠᠯᠠᠭ᠎ᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ

ᠰᠣᠨᠣᠰᠴᠤ᠂ ᠨᠠᠮ ᠢᠶᠠᠨ ᠳᠠᠭᠠᠬᠤ︾ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ

ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ ᠲᠦᠷᠦ ᠶᠢᠨ

ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠩᠭᠢ ᠶᠢ ᠵᠣᠬᠢᠶᠠᠨ ᠪᠠᠶᠢᠭᠤᠯᠵᠤ᠂ ᠨᠢᠭᠤᠷᠲᠠᠨ ᠬᠥᠲᠥᠯᠥᠨ

ᠳᠠᠭᠠᠭᠤᠯᠬᠤ ᠬᠥᠮᠦᠵᠢᠯ᠂ ᠬᠤᠪᠢᠶᠠᠨ ᠡᠳ᠋ᠯᠡᠬᠦ ᠮᠠᠶ᠋ᠢᠭ ᠤᠨ ᠥᠪᠡᠷ ᠤᠨ ᠬᠥᠮᠦᠵᠢᠯ᠂ ᠣᠯᠠᠨ ᠲᠦᠮᠡᠨ ᠤ ᠮᠠᠶ᠋ᠢᠭ ᠤᠨ

ᠰᠤᠷᠤᠯᠴᠠᠯᠭ᠎ᠠ ᠬᠥᠮᠦᠵᠢᠯ᠂ ᠣᠯᠠᠨ ᠲᠦᠮᠡᠨᠴᠢ ᠮᠠᠶ᠋ᠢᠭ ᠤᠨ ᠤᠬᠠᠭᠤᠯᠭ᠎ᠠ ᠬᠥᠮᠦᠵᠢᠯ ᠤᠨ ︽ᠳᠥᠷᠪᠡᠨ ᠰᠤᠷᠭᠠᠨ

ᠬᠥᠮᠦᠵᠢᠯ ᠢ ᠠᠭᠤᠰᠤᠯᠴᠠᠭᠤᠯᠬᠤ︾ ᠠᠷᠭ᠎ᠠ ᠮᠠᠶ᠋ᠢᠭ ᠢ ᠠᠪᠴᠤ᠂ ︽ᠭᠤᠷᠪᠠ ᠶᠢ ᠡᠷᠬᠢᠮᠯᠡᠵᠦ ᠭᠤᠷᠪᠠᠨ ᠰᠡᠳᠬᠢᠯ ᠢ

ᠡᠷᠬᠢᠮᠯᠡᠬᠦ︾ ᠲᠤᠰᠬᠠᠢ ᠠᠵᠢᠯᠯᠠᠭ᠎ᠠ ᠶᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ︽ᠣᠨᠴᠠᠯᠢᠭᠲᠤ ᠬᠢᠴᠢᠶᠡᠯ ᠤᠨ

ᠲᠠᠩᠬᠢᠮ ᠤᠨ ᠢᠵᠢ ᠦᠢᠯᠡᠴᠢᠯᠡᠭᠡ︾ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠥᠯᠥᠪᠯᠡᠵᠦ᠂ ᠨᠡᠶᠢᠭᠡᠮ

ᠲᠣᠭᠤᠷᠢᠭ ᠤᠨ ᠲᠣᠭᠤᠷᠢᠭ ᠰᠢᠷᠡᠭᠡᠨ ᠤ ᠬᠤᠷᠠᠯ ᠢ ᠡᠷᠭᠢᠯᠡᠵᠦ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ

ᠶᠠᠪᠤᠳᠠᠯ ᠪᠠ ᠶᠣᠰᠣ ᠤᠴᠢᠷ ᠢ ᠰᠠᠶᠢᠲᠤᠷ ᠶᠠᠷᠢᠵᠤ᠂ ᠰᠢ ᠶᠢᠨ ᠫᠢᠩ ᠶᠡᠷᠦᠩᠬᠡᠢ ᠱᠦᠵᠢ ᠪᠣᠯᠣᠨ ᠨᠠᠮ ᠤᠨ ᠲᠥᠪ

ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ

ᠰᠡᠳᠬᠢᠯ ᠳᠤ ᠳᠠᠮᠵᠢᠭᠤᠯᠪᠠ᠃ ᠣᠲᠣ ᠪᠣᠯᠲᠠᠯ᠎ᠠ᠂ ᠵᠡᠭᠡᠯᠢ ᠲᠣᠭᠤᠷᠢᠭ ᠲᠤ ᠨᠡᠶᠢᠲᠡ 26 ᠤᠳᠠᠭ᠎ᠠ ᠤᠬᠠᠭᠤᠯᠤᠨ

ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠣᠷᠣᠯᠴᠠᠭᠰᠠᠨ ᠺᠠᠳ᠋ᠷ ᠠᠵᠢᠯᠲᠠᠨ ᠠᠵᠢᠯᠴᠢᠨ᠂ ᠰᠠᠭᠤᠭᠠᠯᠢ ᠠᠷᠠᠳ

1000 ᠭᠠᠷᠤᠢ ᠬᠥᠮᠥᠨ/ᠤᠳᠠᠭ᠎ᠠ ᠬᠦᠷᠴᠦ᠂ ᠨᠡᠶᠢᠲᠡ 1480 ᠭᠠᠷᠤᠢ ᠡᠷᠦᠬᠡ ᠳᠤ ᠬᠦᠷᠴᠦ ᠰᠤᠷᠪᠤᠯᠵᠢᠯᠠᠪᠠ᠃

︽ᠬᠢᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ︽ᠵᠣᠯ ᠵᠢᠷᠭᠠᠯ ᠤᠨ

ᠲᠠᠰ ᠳᠠᠪᠰᠢᠯᠲᠠ︾ ᠶᠢ ᠲᠦᠯᠬᠢᠨ ᠠᠬᠢᠭᠤᠯᠪᠠ᠃

   ︽ᠠᠨᠢᠶ᠎ᠠ ᠶᠢᠨ ᠠᠪᠴᠤ ᠥᠭᠭᠦᠭᠰᠡᠨ ᠥᠲᠥᠨ ᠬᠤᠪᠴᠠᠰᠤ᠂ ᠪᠢᠴᠢᠭ ᠤᠨ ᠪᠣᠭᠴᠣ ᠳᠤ ᠲᠠᠯᠠᠷᠬᠠᠵᠤ ᠪᠠᠶᠢᠨ᠎ᠠ︾

︽ᠨᠡᠶᠢᠭᠡᠮ ᠲᠣᠭᠤᠷᠢᠭ ᠤᠨ ᠬᠢᠨ ᠪᠢᠳᠡᠨ ᠳᠤ ᠰᠢᠯ ᠵᠦᠯᠭᠦᠵᠦ᠂ ᠠᠷᠢᠭᠤᠨ ᠴᠡᠪᠡᠷ   ᠢ ᠴᠡᠪᠡᠷᠯᠡᠵᠦ ᠥᠭᠭᠦᠭᠰᠡᠨ ᠳᠤ

ᠲᠠᠯᠠᠷᠬᠠᠵᠤ ᠪᠠᠶᠢᠨ᠎ᠠ᠂ ᠦᠨᠡᠨ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︾ ᠬᠦᠴᠢᠷᠳᠡᠯ ᠳᠤ ᠲᠤᠯᠭᠠᠷᠠᠭᠰᠠᠨ

ᠬᠡᠦᠬᠡᠳ ᠤᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠥᠴᠥᠬᠡᠨ ᠬᠦᠰᠡᠯ ᠡᠪᠦᠷᠯᠡᠵᠦ᠂ ᠭᠡᠷ ᠲᠡᠭᠡᠨ ᠬᠤᠴᠣᠷᠤᠭᠰᠠᠨ

ᠨᠠᠰᠤᠲᠠᠳ ᠤᠨ ᠭᠡᠷ ᠳᠣᠲᠣᠷᠠᠬᠢ ᠠᠷᠢᠭᠤᠨ ᠴᠡᠪᠡᠷ ᠢ ᠴᠡᠪᠡᠷᠯᠡᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠳ ᠢ

ᠬᠤᠭᠤᠴᠠᠭ᠎ᠠ ᠪᠦᠯᠦᠭ ᠬᠤᠪᠢᠶᠠᠨ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ

ᠪᠠᠶᠢᠨ᠎ᠠ ᠁ ᠡᠨᠡ ᠪᠣᠯ ᠵᠦᠰᠬᠤᠸᠠ ᠵᠡᠭᠡᠯᠢ ᠭᠤᠳᠤᠮᠵᠢ ᠶᠢᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ

ᠲᠦᠮᠡᠨ ᠳᠤ ᠦᠢᠯᠡᠴᠢᠯᠡᠵᠦ ᠪᠠᠶᠢᠭ᠎ᠠ ᠶᠢᠨ ᠠᠮᠢᠳᠤᠯᠢᠭ ᠬᠤᠷᠢᠶᠠᠩᠭᠤᠢ ᠳᠦᠷᠰᠦ ᠪᠣᠯᠣᠨ᠎ᠠ᠃

   ᠵᠦᠰᠬᠤᠸᠠ ᠵᠡᠭᠡᠯᠢ ᠭᠤᠳᠤᠮᠵᠢ ᠶᠢᠨ ᠬᠢᠨ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠪᠠᠴᠢᠮ

ᠬᠦᠴᠢᠷ ᠵᠣᠪᠠᠭᠤᠷᠢ ᠲᠠᠢ ᠨᠢᠭᠲᠠ ᠤᠶᠠᠯᠳᠤᠭᠤᠯᠵᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ

ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ᠂ ᠣᠷᠴᠢᠨ ᠲᠣᠭᠤᠷᠢᠨ ᠤ ᠡᠷᠡᠭᠦᠯ

ᠬᠠᠮᠠᠭᠠᠯᠠᠯ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯᠣᠨ ᠡᠷᠬᠢᠨ ᠦᠵᠡᠵᠦ

ᠬᠠᠪᠰᠤᠷᠤᠨ ᠲᠡᠳᠬᠦᠵᠦ ᠲᠣᠬᠤᠨᠢᠭᠤᠯᠬᠤ ᠵᠡᠷᠭᠡ ᠠᠵᠢᠯ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠤᠯᠠᠨ

ᠲᠦᠮᠡᠨ ᠤ ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠵᠡᠭᠡᠯᠢ ᠭᠤᠳᠤᠮᠵᠢ ᠶᠢᠨ

ᠬᠥᠭᠵᠢᠯᠲᠡ ᠶᠢ ᠬᠠᠯᠠᠮᠵᠢᠯᠠᠬᠤ᠂ ᠵᠡᠭᠡᠯᠢ ᠭᠤᠳᠤᠮᠵᠢ ᠶᠢᠨ ᠦᠢᠯᠡᠰ ᠢ ᠳᠡᠮᠵᠢᠬᠦ ᠢᠳᠡᠪᠬᠢᠵᠢᠯ ᠪᠣᠯᠣᠨ ᠰᠠᠨᠠᠭᠠᠴᠢᠯᠠᠭᠠᠲᠤ

ᠴᠢᠨᠠᠷ ᠢ ᠭᠦᠢᠴᠡᠳ ᠲᠠᠶᠢᠴᠢᠯᠠᠵᠠᠢ᠃ ᠡᠭᠦᠨ ᠤ ᠵᠡᠷᠭᠡ ᠳᠤ ︽ᠠᠷᠠᠳ ᠤᠨ ᠠᠮᠢᠳᠤᠷᠠᠯ ᠤᠨ ᠬᠤᠷᠢᠨ ᠵᠦᠢᠯ ᠤᠨ

ᠪᠣᠳᠠᠲᠤ ᠶᠠᠪᠤᠳᠠᠯ︾ ᠤᠨ ᠢᠨᠵᠧᠨᠧᠷᠢᠩ   ᠢ ᠦᠷᠭᠦᠯᠵᠢᠯᠡᠨ ᠬᠡᠷᠡᠭᠵᠢᠭᠦᠯᠵᠦ᠂ ᠣᠯᠠᠨ ᠲᠦᠮᠡᠨ ᠤ ᠬᠥᠮᠦᠵᠢᠯ

ᠦᠢᠯᠡᠳᠦᠯᠭᠡ   ᠶᠢᠨ ᠠᠵᠢᠯᠯᠠᠭ᠎ᠠ   ᠶᠢ ᠰᠠᠨᠠᠯ ᠰᠠᠨᠠᠭᠤᠯᠭ᠎ᠠ ᠰᠣᠨᠣᠰᠬᠤ᠂ ᠬᠦᠴᠢᠷᠳᠡᠯ ᠲᠠᠢ ᠠᠰᠠᠭᠤᠳᠠᠯ   ᠢ

ᠰᠢᠢᠳᠪᠦᠷᠢᠯᠡᠬᠦ ᠲᠠᠢ ᠤᠶᠠᠯᠳᠤᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠵᠡᠯ ᠰᠠᠨᠠᠭᠠᠨ ᠤ ᠲᠠᠯ᠎ᠠ ᠪᠠᠷ

︽ᠲᠥᠭᠡᠷᠢᠭᠳᠡᠯ︾ ᠢ ᠨᠢ ᠰᠢᠢᠳᠪᠦᠷᠢᠯᠡᠵᠦ᠂ ᠲᠥᠷᠥ   ᠶᠢᠨ ᠪᠣᠳᠣᠯᠭ᠎ᠠ   ᠶᠢᠨ ᠲᠠᠯ᠎ᠠ ᠪᠠᠷ ︽ᠤᠩᠰᠢᠬᠤ︾᠂

ᠣᠶᠤᠨ ᠰᠠᠨᠠᠭᠠᠨ ᠤ ᠲᠠᠯ᠎ᠠ ᠪᠠᠷ ︽ᠳᠠᠷᠤᠬᠤ︾᠂ ᠠᠮᠢᠳᠤᠷᠠᠯ ᠤᠨ ᠲᠠᠯ᠎ᠠ ᠪᠠᠷ ︽ᠬᠦᠴᠢᠷ︾ ᠢ ᠨᠢ ᠰᠢᠢᠳᠪᠦᠷᠢᠯᠡᠵᠦ᠂

ᠰᠠᠭᠤᠭᠠᠯᠢ ᠠᠷᠠᠳ ᠤᠨ ᠵᠣᠯ ᠵᠢᠷᠭᠠᠯ ᠤᠨ ᠰᠡᠳᠬᠢᠭᠳᠡᠯ᠂ ᠬᠦᠷᠲᠡᠮᠵᠢ   ᠶᠢᠨ ᠰᠡᠳᠬᠢᠭᠳᠡᠯ ᠪᠠ ᠬᠠᠨᠤᠮᠵᠢ   ᠶᠢᠨ

ᠬᠡᠮᠵᠢᠶ᠎ᠡ   ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠡᠯ᠎ᠡ ᠨᠡᠶᠢᠭᠡᠮ ᠲᠣᠭᠤᠷᠢᠭ ᠤᠨ ᠬᠢᠨ ᠤᠯᠠᠨ

ᠲᠦᠮᠡᠨ ᠤ︽ᠪᠢᠴᠢᠯ ᠬᠦᠰᠡᠯ︾ ᠢ ᠨᠠᠶᠢᠳᠠ 80 ᠭᠠᠷᠤᠢ ᠵᠤᠷᠪᠤᠰ ᠴᠤᠭᠯᠠᠭᠤᠯᠵᠤ᠂ ᠡᠯ᠎ᠡ ᠨᠠᠮ ᠤᠨ ᠵᠣᠬᠢᠶᠠᠨ

ᠪᠠᠶᠢᠭᠤᠯᠤᠯᠲᠠ ᠪᠣᠯᠣᠨ ᠠᠵᠢᠯ ᠳᠤ ᠪᠠᠶᠢᠭ᠎ᠠ ᠨᠠᠮ ᠤᠨ ᠭᠡᠰᠢᠭᠦᠨ ᠢ ᠪᠦᠬᠦᠨ ᠢ ᠲᠠᠨᠢᠵᠤ ᠠᠪᠴᠠᠢ︔ ᠠᠵᠢᠯ ᠳᠤ

ᠪᠠᠶᠢᠭ᠎ᠠ ᠨᠠᠮ ᠤᠨ ᠭᠡᠰᠢᠭᠦᠨ 200 ᠭᠠᠷᠤᠢ ᠶᠠᠳᠠᠭᠤ ᠬᠦᠴᠢᠷᠳᠡᠯᠲᠡᠢ ᠡᠷᠤᠭᠡ ᠶᠢ ᠰᠤᠷᠪᠤᠯᠵᠢᠯᠠᠨ ᠲᠣᠬᠤᠨᠢᠭᠤᠯᠪᠠ︔

︽ᠬᠤᠶᠠᠷ ᠲᠤ ᠨᠡᠷ᠎ᠡ ᠮᠡᠳᠡᠭᠦᠯᠵᠦ ᠬᠤᠶᠠᠷ ᠲᠤ ᠦᠢᠯᠡᠴᠢᠯᠡᠬᠦ︾ᠠᠵᠢᠯ ᠳᠤ ᠪᠠᠶᠢᠭ᠎ᠠ ᠨᠠᠮ ᠤᠨ ᠭᠡᠰᠢᠭᠦᠨ ᠶᠠᠳᠠᠭᠤ

ᠬᠦᠴᠢᠷᠳᠡᠯᠲᠡᠢ 200 ᠭᠠᠷᠤᠢ ᠡᠷᠤᠭᠡ ᠶᠢ ᠲᠣᠬᠤᠨᠢᠭᠤᠯᠵᠠᠢ︔ ᠤᠷᠢᠳ ᠬᠤᠵᠢᠳ ᠤᠯᠠᠨ ᠲᠦᠮᠡᠨ ᠤ ᠲᠤᠯᠭᠠᠮ᠎ᠠ

ᠬᠦᠴᠢᠷ᠂ ᠵᠣᠪᠠᠨᠢᠯᠲᠠᠢ ᠵᠦᠢᠯᠡᠰ ᠢ 21 ᠰᠢᠢᠳᠪᠦᠷᠢᠯᠡᠵᠦ᠂ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ

ᠠᠵᠢᠯᠯᠠᠭ᠎ᠠ ᠶᠢ 40 ᠭᠠᠷᠤᠢ ᠤᠳᠠᠭ᠎ᠠ ᠥᠷᠨᠢᠭᠦᠯᠪᠡ᠃

︽ᠲᠠᠶᠢᠯᠪᠤᠷᠢᠯᠠᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ

ᠠᠵᠢᠯᠯᠠᠭ᠎ᠠ   ᠶᠢ ︽ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ︾ ᠶᠢ ᠲᠦᠯᠬᠢᠨ ᠠᠬᠢᠭᠤᠯᠬᠤ

ᠬᠡᠷᠡᠭᠲᠡᠢ᠃

    ᠭᠤᠤ ᠯᠦ ᠪᠠᠭ᠎ᠠ ᠲᠣᠭᠤᠷᠢᠭ ᠤᠨ ᠣᠨᠴᠠ ᠵᠠᠷᠢᠮ ᠬᠤᠳᠳᠤᠭ ᠤᠨ ᠠᠮᠠᠰᠠᠷ ᠡᠪᠳᠡᠭᠳᠡᠨ ᠰᠦᠢᠳᠴᠦ᠂ ᠲᠠᠯ᠎ᠠ

ᠨᠤᠲᠤᠭ ᠤᠨ ᠮᠢᠩ ᠵᠦ ᠪᠠᠭ᠎ᠠ ᠲᠣᠭᠤᠷᠢᠭ ᠤᠨ ᠬᠤᠭᠤᠯᠠᠢ ᠤᠰᠤ ᠭᠤᠭᠤᠵᠢᠵᠤ᠂ ᠶᠠᠩ ᠭᠤᠸᠠᠩ ᠪᠠᠭ᠎ᠠ

ᠲᠣᠭᠤᠷᠢᠭ ᠤᠨ ᠭᠠᠵᠠᠷ ᠳᠣᠣᠷᠠᠬᠢ ᠬᠤᠭᠤᠯᠠᠢ ᠳᠡᠯᠪᠡᠷᠡᠵᠡᠢ᠂ ᠡᠳᠡᠭᠡᠷ ᠠᠰᠠᠭᠤᠳᠠᠯ ᠢ ᠠᠷᠠᠳ ᠤᠨ ᠪᠠᠶᠢᠳᠠᠯ ᠢ

ᠦᠨᠡᠨᠴᠢ ᠪᠠᠷ ᠶᠠᠷᠢᠯᠴᠠᠬᠤ ᠬᠤᠷᠠᠯ ᠢᠶᠠᠷ ᠳᠠᠮᠵᠢᠨ ᠴᠤᠭᠯᠠᠭᠤᠯᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠤᠨ

ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠨᠠᠷᠢᠨ ᠳᠠᠩᠰᠠᠨ ᠳᠤ ᠣᠷᠣᠭᠤᠯᠵᠤ᠂ ᠴᠠᠭ ᠲᠤᠬᠠᠢ ᠳᠤᠨᠢ ᠪᠦᠲᠦᠮᠵᠢᠲᠡᠢ

ᠰᠢᠢᠳᠪᠦᠷᠢᠯᠡᠪᠡ᠃

   2023 ᠣᠨ ᠠᠴᠠ ᠨᠠᠰᠢ᠂ ᠵᠦ ᠰᠧ ᠬᠤᠸᠠ ᠵᠡᠭᠡᠯᠢ ᠭᠤᠳᠤᠮᠵᠢ ᠶᠢᠨ ᠬᠢᠨ ︽ᠰᠡᠷᠢᠭᠦᠨ ᠲᠢᠩᠰᠡ ᠶᠢᠨ

ᠭᠤᠷᠪᠠᠨ ᠬᠤᠷᠠᠯ︾  ᠤᠨ ᠠᠵᠢᠯ ᠤᠨ ᠲᠣᠭᠲᠠᠴᠠ ᠶᠢ ᠰᠢᠨ᠎ᠡ ᠪᠠᠷ ᠡᠭᠦᠳᠴᠦ᠂ ᠠᠷᠠᠳ ᠤᠨ ᠪᠠᠶᠢᠳᠠᠯ ᠢ ᠦᠨᠡᠨᠴᠢ ᠪᠠᠷ

ᠶᠠᠷᠢᠯᠴᠠᠬᠤ ᠬᠤᠷᠠᠯ᠂ ᠨᠠᠮ ᠤᠯᠠᠨ ᠲᠦᠮᠡᠨ ᠤ ᠵᠥᠪᠯᠡᠯ᠂ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ

ᠬᠤᠷᠠᠯ ᠢ ᠤᠯᠠᠨ ᠲᠦᠮᠡᠨ ᠤ ᠳᠡᠷᠭᠡᠳᠡ ᠬᠤᠷᠠᠯᠳᠤᠭᠤᠯᠬᠤ ᠶᠢ ᠪᠠᠷᠢᠮᠲᠠᠯᠠᠵᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂

ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠩᠬᠠᠷᠴᠤ ᠬᠠᠯᠠᠮᠵᠢᠯᠠᠵᠤ

ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠭᠦᠨ ᠤ ᠵᠡᠷᠭᠡ ᠳᠤ᠂ ︽ᠨᠠᠮ ᠤᠨ ᠠᠴᠢ   ᠶᠢ ᠮᠡᠳᠡᠷᠡᠬᠦ᠂

ᠨᠠᠮ ᠤᠨ ᠦᠭᠡ   ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ   ᠶᠢᠨ

ᠠᠵᠢᠯᠯᠠᠭ᠎ᠠ   ᠶᠢ ᠰᠠᠶᠢᠲᠤᠷ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠡᠭᠦᠳᠡ ᠪᠠᠨ ᠨᠡᠭᠡᠭᠡᠵᠦ ᠢᠳᠬᠠᠯ

ᠬᠤᠷᠢᠶᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂

ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠤᠯᠪᠣᠯᠳᠤᠭᠤᠯᠤᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ

ᠴᠤᠭᠯᠠᠭᠤᠯᠵᠤ᠂ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠵᠦ᠂ ᠤᠯᠠᠨ ᠲᠦᠮᠡᠨ ᠤ

ᠪᠠᠴᠢᠮ ᠪᠡᠷᠬᠡ ᠵᠣᠪᠠᠨᠢᠯ ᠬᠦᠰᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢ

ᠲᠦᠯᠬᠢᠨ ᠠᠬᠢᠭᠤᠯᠵᠤ᠂ ᠡᠯ᠎ᠡ ᠲᠦᠷᠦᠯ ᠤᠨ ᠴᠢᠨᠠᠷ ᠰᠠᠶᠢᠲᠠᠢ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ

ᠠᠪᠴᠢᠷᠠᠵᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ

ᠳᠡᠭᠡᠭᠰᠢᠯᠡᠭᠦᠯᠦᠨ᠎ᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号