ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠲᠣᠣᠷ ᠴᠡᠭ ᠢ ᠭᠦᠢᠴᠡᠳᠬᠡᠬᠦ ᠶᠠᠪᠤᠴᠠ ᠵᠢᠴᠢ ᠠᠩᠬᠠᠷᠬᠤ ᠵᠦᠢᠯᠡᠰ ᠢ ᠢᠯᠡ ᠪᠣᠯᠭᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/1/5
    ᠬᠤᠸᠠᠷ ᠫᠤᠤᠵᠢᠩ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠬᠤ ᠶᠢᠨ ᠲᠥᠯᠥᠭᠡ᠂ ᠬᠤᠸᠠᠷ ᠫᠤᠤᠵᠢᠩ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ︽ᠬᠤᠥᠯᠢᠨ ᠭᠤᠣᠯ ᠬᠤᠲᠠ ᠶᠢᠨ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠤᠨ ᠪᠣᠷᠤᠯᠠᠭᠤᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠥᠰᠥᠯ︾ ︵ᠬᠤᠥᠯᠢᠨ ᠪᠠᠴᠢᠮ  ﹇2023﹈ 23 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠤᠯᠢᠩᠭᠤᠤᠯ ᠬᠤᠲᠠ ᠶᠢᠨ 2024 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠲᠣᠣᠷ ᠴᠡᠭ ᠤᠨ ᠨᠡᠷ᠎ᠡ ᠮᠡᠳᠡᠭᠦᠯᠬᠦ ᠴᠤᠪᠤᠷᠠᠯ ᠢ ᠳᠣᠣᠷᠠᠬᠢ ᠮᠡᠲᠦ ᠵᠠᠷᠯᠠᠶ᠎ᠠ︔ ᠨᠢᠭᠡ᠂ ᠭᠤᠣᠯ ᠬᠠᠷᠢᠭᠤᠴᠠᠯᠭᠠᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠄ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ᠵᠢᠵᠢᠭᠯᠡᠨ ᠬᠤᠳᠠᠯᠳᠤᠬᠤ ᠴᠡᠭ ᠤᠨ ᠡᠵᠡᠩᠨᠡᠯᠲᠡ ᠲᠠᠢ ᠰᠠᠨᠠᠮᠵᠢ ᠲᠠᠢ ᠬᠥᠮᠥᠰ ᠥᠪᠡᠷ ᠢᠶᠠᠨ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠬᠦᠷᠴᠦ ᠠᠮᠤᠷ ᠲᠦᠪᠰᠢᠨ ᠤ ᠪᠣᠯᠪᠠᠰᠤᠷᠠᠭᠤᠯᠤᠯ ᠳᠤ ᠣᠷᠣᠯᠴᠠᠬᠤ ᠶᠢᠨ ᠬᠠᠮᠲᠤ ᠬᠢᠨᠠᠨ ᠰᠢᠯᠭᠠᠯᠲᠠ ᠳᠤ ᠬᠢᠷᠢ ᠲᠡᠩᠴᠡᠨ᠎ᠡ᠃ ᠪᠣᠯᠪᠠᠰᠤᠷᠠᠭᠤᠯᠤᠯ ᠳᠤ ᠣᠷᠣᠯᠴᠠᠭᠰᠠᠳ ᠨᠢ ︵1 ᠭᠤᠣᠯ ᠬᠠᠷᠢᠭᠤᠴᠠᠯᠭᠠᠲᠠᠨ︶ ᠪᠣᠯᠣᠨ᠎ᠠ᠃ ᠬᠤᠶᠠᠷ᠂ ᠰᠢᠪᠠᠭ᠎ᠠ ᠰᠤᠭᠤᠯᠬᠤ ᠠᠵᠢᠯᠯᠠᠭ᠎ᠠ ᠳᠤ ᠣᠷᠣᠯᠴᠠᠨ᠎ᠠ᠄ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠭᠡᠷᠡᠴᠢ ᠪᠠᠷ ᠢᠶᠠᠨ ᠬᠤᠥᠯᠢᠨ ᠭᠤᠣᠯ ᠬᠤᠲᠠ ᠶᠢᠨ ᠲᠣᠭᠤᠷᠢᠭ ᠤᠨ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾ ᠪᠠ ᠰᠢᠷ᠎ᠠ ᠬᠦᠤᠷ ᠵᠡᠭᠡᠯᠢ ᠭᠤᠳᠤᠮᠵᠢ ᠶᠢᠨ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾ ᠤᠨ ᠰᠢᠪᠠᠭ᠎ᠠ ᠰᠤᠭᠤᠯᠬᠤ ᠬᠢᠷᠢ ᠬᠡᠮ ᠢ ᠣᠯᠵᠤ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠮᠲᠤᠷᠠᠨ ᠵᠣᠬᠢᠶᠠᠨ ᠪᠠᠶᠢᠭᠤᠯᠵᠤ ᠰᠢᠪᠠᠭ᠎ᠠ ᠰᠤᠭᠤᠯᠬᠤ ᠬᠡᠷᠡᠭᠲᠡᠢ᠂ ᠰᠢᠪᠠᠭ᠎ᠠ ᠰᠤᠭᠤᠯᠬᠤ ᠭᠠᠵᠠᠷ ᠢ ᠠᠰ ᠲᠤᠨᠢ ᠮᠡᠳᠡᠭᠳᠡᠨ᠎ᠡ᠃ ᠭᠤᠷᠪᠠ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ᠎ᠠ᠄ ᠭᠤᠣᠯ ᠬᠠᠷᠢᠭᠤᠴᠠᠯᠭᠠᠲᠠᠨ ᠳᠡᠯᠭᠡᠭᠡ ᠮᠠᠶᠢᠮᠠᠢ ᠶᠢᠨ ᠳ᠋ᠤᠭᠠᠷ ᠢ ᠣᠯᠣᠭᠰᠠᠨ ᠤ ᠳᠠᠷᠠᠭ᠎ᠠ᠂ ᠪᠠᠰᠠ 1 ᠨᠡᠷᠡᠰ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠬᠢᠷᠢ ᠬᠡᠮ ᠲᠠᠢ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠬᠦᠷᠴᠦ ᠠᠮᠤᠷ ᠲᠦᠪᠰᠢᠨ ᠤ ᠪᠣᠯᠪᠠᠰᠤᠷᠠᠭᠤᠯᠤᠯ ᠳᠤ ᠣᠷᠣᠯᠴᠠᠬᠤ ᠶᠢᠨ ᠬᠠᠮᠲᠤ ᠬᠢᠨᠠᠨ ᠰᠢᠯᠭᠠᠭᠠᠳ ᠬᠢᠷᠢ ᠲᠡᠩᠴᠡᠭᠰᠡᠨ ᠪᠠᠶᠢᠬᠤ ᠬᠡᠷᠡᠭᠲᠡᠢ᠃ ᠪᠣᠯᠪᠠᠰᠤᠷᠠᠭᠤᠯᠤᠯ ᠤᠨ ᠠᠵᠢᠯᠲᠠᠨ ᠨᠢ ︵1 ᠨᠡᠷᠡᠰ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ︶ ᠪᠣᠯᠣᠨ᠎ᠠ᠃ ᠳᠥᠷᠪᠡ᠂ ᠭᠦᠢᠴᠡᠳᠬᠡᠬᠦ ᠦᠨᠡᠮᠯᠡᠯ᠄ ᠭᠤᠶᠤᠴᠢᠯᠠᠭᠴᠢ ᠨᠢ ᠭᠤᠣᠯ ᠬᠠᠷᠢᠭᠤᠴᠠᠯᠭᠠᠲᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠭᠡᠷᠡᠴᠢ ᠪᠠᠨ ᠠᠪᠴᠤ ᠬᠤᠤᠯᠢᠩᠭᠤᠤᠯ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠶᠡᠷᠦᠩᠬᠡᠶᠢᠯᠡᠭᠰᠡᠨ ᠣᠷᠳᠣᠨ ᠤ A ᠣᠷᠳᠣᠨ ᠳᠤ ᠬᠦᠷᠴᠦ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾ ᠢ ᠭᠦᠢᠴᠡᠳᠬᠡᠵᠦ᠂ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾ ᠢ ᠣᠯᠣᠭᠰᠠᠨ ᠤ ᠳᠠᠷᠠᠭ᠎ᠠ᠂ ᠥᠪᠡᠷᠲᠡᠭᠡᠨ ︽ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ︾ ᠢ ᠭᠦᠢᠴᠡᠳᠬᠡᠨ᠎ᠡ᠃ ᠭᠠᠷᠭᠠᠨ ᠠᠪᠬᠤ ᠴᠠᠭ ᠢ ᠴᠣᠩᠬᠤ ᠠᠴᠠ ᠠᠰ ᠲᠤᠨᠢ ᠮᠡᠳᠡᠭᠳᠡᠨ᠎ᠡ᠃ ᠲᠠᠪᠤ᠂ ᠡᠵᠡᠩᠨᠡᠯᠲᠡ ᠶᠢᠨ ᠨᠥᠬᠦᠴᠡᠯ᠄ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾᠂ ︽ᠠᠵᠤ ᠦᠢᠯᠡᠳᠪᠦᠷᠢ ᠬᠤᠳᠠᠯᠳᠤᠭ᠎ᠠ ᠶᠢᠨ ᠡᠵᠡᠩᠨᠡᠯᠲᠡ ᠶᠢᠨ ᠦᠨᠡᠮᠯᠡᠯ︾ ᠢ ᠣᠯᠣᠭᠰᠠᠨ᠂ ᠰᠢᠯᠭᠠᠯᠲᠠ ᠳᠤ ᠬᠢᠷᠢ ᠲᠡᠩᠴᠡᠭᠰᠡᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠢ 1 ᠲᠣᠬᠢᠷᠠᠭᠤᠯᠬᠤ ᠵᠢᠴᠢ ︽ᠲᠥᠰᠥᠯ︾ ᠳᠤ ᠲᠣᠭᠲᠠᠭᠠᠭᠰᠠᠨ ᠪᠤᠰᠤᠳ ᠱᠠᠭᠠᠷᠳᠠᠯᠭ᠎ᠠ ᠳᠤ ᠨᠡᠶᠢᠴᠡᠭᠰᠡᠨ ᠤ ᠳᠠᠷᠠᠭ᠎ᠠ ᠰᠠᠶ᠋ᠢ ᠬᠤᠸᠠᠷ ᠫᠤᠤᠵᠢᠩ ᠡᠵᠡᠩᠨᠡᠬᠦ ᠠᠵᠢᠯᠯᠠᠭ᠎ᠠ ᠶᠢ ᠬᠢᠵᠦ ᠪᠣᠯᠣᠨ᠎ᠠ᠃ ᠵᠢᠷᠭᠤᠭ᠎ᠠ᠂ ᠲᠦᠷ ᠴᠠᠭ ᠤᠨ ᠪᠣᠷᠤᠯᠠᠭᠤᠯᠭ᠎ᠠ ᠶᠢᠨ ᠳᠡᠯᠭᠡᠭᠦᠷ ᠤᠨ ᠭᠠᠵᠠᠷ᠄ ᠬᠤᠥᠯᠢᠨ ᠭᠤᠣᠯ ᠤᠨ ᠪᠠᠷᠠᠭᠤᠨ ᠵᠠᠮ᠂ ᠰᠢᠷ᠎ᠠ ᠬᠦᠷᠢᠶ᠎ᠡ ᠵᠡᠭᠡᠯᠢ᠃ ᠳᠣᠯᠤᠭ᠎ᠠ᠂ ᠪᠣᠷᠣᠯᠠᠭᠤᠯᠬᠤ ᠴᠠᠭ᠄ 2024 ᠣᠨ ᠤ 2 ᠰᠠᠷ᠎ᠠ ᠶᠢᠨ 2 ᠤᠨ ᠡᠳᠦᠷ ᠠᠴᠠ 2024 ᠣᠨ ᠤ 2 ᠰᠠᠷ᠎ᠠ ᠶᠢᠨ 24 ᠤ ᠡᠳᠦᠷ ᠪᠣᠯᠲᠠᠯ᠎ᠠ᠃ ᠬᠠᠷᠢᠯᠴᠠᠬᠤ ᠬᠥᠮᠥᠨ᠄ ᠯᠢᠦ ᠵᠢᠶᠦ᠋ᠨ  ᠬᠠᠷᠢᠯᠴᠠᠬᠤ ᠤᠲᠠᠰᠤ᠄ 13337041113 ᠬᠠᠤᠯᠢ ᠪᠤᠰᠤ ᠪᠠᠷ ᠬᠠᠤᠯᠢ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠤᠲᠠᠰᠤ᠄ 0475 ︱ 7929667 ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠠᠩᠬᠠᠷᠬᠤ ᠵᠦᠢᠯ ᠨᠢᠭᠡ᠂ ᠡᠵᠡᠩᠨᠡᠬᠦ ᠨᠥᠬᠦᠴᠡᠯ᠄ 1. ᠭᠤᠣᠯ ᠬᠠᠷᠢᠭᠤᠴᠠᠯᠭᠠᠲᠠᠨ ᠨᠢ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠪᠣᠯᠣᠨ ᠬᠠᠮᠢᠶᠠᠷᠤᠯᠲᠠ ᠶᠢᠨ ᠴᠢᠳᠠᠪᠤᠷᠢ ᠲᠠᠢ ᠪᠠᠶᠢᠵᠤ᠂ ᠪᠦᠬᠦᠯᠢ 18 ᠨᠠᠰᠤᠨ ᠠᠴᠠ ᠳᠡᠭᠡᠭᠰᠢ᠂ ᠪᠦᠬᠦᠯᠢ 60 ᠨᠠᠰᠤᠨ ᠠᠴᠠ ᠳᠣᠭᠤᠭᠰᠢ᠂ ᠪᠡᠶ᠎ᠡ ᠮᠠᠬᠠᠪᠤᠳ ᠨᠢ ᠡᠷᠡᠭᠦᠯ ᠴᠢᠭᠢᠷᠠᠭ᠂ ᠬᠤᠸᠠᠷ ᠫᠤᠤᠵᠢᠩ  ᠤᠨ ᠡᠵᠡᠩᠨᠡᠯᠲᠡ ᠶᠢᠨ ᠠᠵᠢᠯᠯᠠᠭ᠎ᠠ ᠶᠢ ᠬᠡᠪ  ᠤᠨ ᠪᠠᠶᠢᠳᠠᠯ ᠢᠶᠠᠷ ᠬᠢᠵᠦ ᠴᠢᠳᠠᠬᠤ᠃    2.ᠵᠢᠵᠢᠭᠯᠡᠨ ᠬᠤᠳᠠᠯᠳᠤᠬᠤ ᠭᠠᠵᠠᠷ ᠤᠳ ᠲᠤ ᠲᠤᠰᠬᠠᠢ ᠬᠥᠮᠥᠨ ᠲᠣᠬᠢᠷᠠᠭᠤᠯᠵᠤ ᠲᠤᠰ ᠵᠢᠵᠢᠭᠯᠡᠨ ᠬᠤᠳᠠᠯᠳᠤᠬᠤ ᠭᠠᠵᠠᠷ ᠤᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠢ᠃ 3.ᠲᠦᠷ ᠴᠠᠭ ᠤᠨ ᠵᠢᠵᠢᠭᠯᠡᠨ ᠬᠤᠳᠠᠯᠳᠤᠬᠤ ᠴᠢᠭ ᠨᠢ ᠬᠠᠷᠢᠴᠠᠩᠭᠤᠢ ᠪᠠᠷ ᠪᠡᠶ᠎ᠡ ᠪᠠᠨ ᠳᠠᠭᠠᠭᠠᠭᠰᠠᠨ ᠪᠠᠶᠢᠬᠤ ᠬᠡᠷᠡᠭᠲᠡᠢ᠂ ᠵᠢᠵᠢᠭᠯᠡᠨ ᠬᠤᠳᠠᠯᠳᠤᠬᠤ ᠫᠧᠩ  ᠤᠨ ᠡᠵᠡᠩᠨᠡᠯᠲᠡ ᠶᠢ ᠬᠡᠷᠡᠭᠵᠢᠭᠦᠯᠵᠦ᠂ ᠵᠢᠵᠢᠭᠯᠡᠨ ᠬᠤᠳᠠᠯᠳᠤᠬᠤ ᠭᠠᠵᠠᠷ  ᠤᠨ ᠲᠠᠯᠠᠪᠠᠢ ᠨᠢ 12 ᠲᠡᠭᠰᠢ ᠳᠥᠷᠪᠡᠯᠵᠢᠨ  ᠮᠧᠲᠷ ᠵᠢᠵᠢᠭᠯᠡᠨ ᠬᠤᠳᠠᠯᠳᠤᠬᠤ ᠫᠧᠩ ᠨᠢ ᠭᠠᠯ ᠰᠡᠷᠭᠡᠶᠢᠯᠡᠬᠦ ᠱᠠᠭᠠᠷᠳᠠᠯᠭ᠎ᠠ ᠲᠤ ᠨᠡᠶᠢᠴᠡᠭᠰᠡᠨ ᠪᠠᠶᠢᠬᠤ ᠬᠡᠷᠡᠭᠲᠡᠢ᠂ ᠭᠠᠯ ᠰᠡᠷᠭᠡᠶᠢᠯᠡᠬᠦ  ᠮᠠᠲ᠋ᠧᠷᠢᠶᠠᠯ  ᠢᠶᠠᠷ ᠦᠢᠯᠡᠳᠦᠭᠰᠡᠨ ᠪᠠᠶᠢᠬᠤ ᠬᠡᠷᠡᠭᠲᠡᠢ᠂ ᠤᠷᠳᠤ ᠨᠢ 4ᠮᠧᠲᠷ ᠥᠷᠭᠡᠨ ᠨᠢ 3 ᠮᠧᠲᠷ ᠥᠨᠳᠥᠷ ᠨᠢ 2 ᠮᠧᠲᠷ ᠪᠠᠶᠢᠬᠤ ᠬᠡᠷᠡᠭᠲᠡᠢ᠃ 4. ᠲᠦᠷ ᠴᠠᠭ  ᠤᠨ ᠵᠢᠵᠢᠭᠯᠡᠨ ᠬᠤᠳᠠᠯᠳᠤᠬᠤ ᠭᠠᠵᠠᠷ  2 ᠠᠴᠠ ᠳᠡᠭᠡᠭᠰᠢ ᠭᠠᠯ ᠤᠨᠲᠠᠷᠠᠭᠠᠭᠤᠷ ᠲᠣᠬᠢᠷᠠᠭᠤᠯᠬᠤ  ᠶᠢᠨ ᠬᠠᠮᠲᠤ ᠢᠯᠡᠷᠬᠡᠢ ᠠᠶᠤᠯ ᠦᠭᠡᠢ ᠶᠢᠨ ᠰᠡᠷᠡᠮᠵᠢ ᠶᠢᠨ ᠲᠡᠮᠳᠡᠭ ᠨᠠᠭᠠᠬᠤ ᠬᠡᠷᠡᠭᠲᠡᠢ᠃ 5. ᠳᠡᠭᠡᠷ᠎ᠡ ᠵᠢᠯ ᠤᠨ ᠬᠤᠸᠠᠷ ᠫᠤᠤᠵᠢᠩ ᠪᠣᠷᠣᠯᠠᠭᠤᠯᠬᠤ ᠬᠠᠮᠢᠶᠠᠷᠤᠯᠲᠠ   ᠶᠢᠨ ᠬᠤᠯᠪᠣᠭᠳᠠᠯ ᠪᠦᠬᠦᠢ ᠲᠣᠭᠲᠠᠭᠠᠯ   ᠠᠴᠠ ᠵᠥᠷᠢᠴᠡᠭᠰᠡᠨ ᠪᠣᠷᠣᠯᠠᠭᠤᠯᠤᠭᠴᠢ   ᠶᠢ ᠬᠢᠨᠠᠨ ᠵᠥᠪᠰᠢᠶᠡᠷᠡᠬᠦ ᠦᠭᠡᠢ᠃ ᠬᠤᠶᠠᠷ᠂ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠣᠯᠣᠨ ᠵᠢᠵᠢᠭᠯᠡᠨ ᠬᠤᠳᠠᠯᠳᠤᠬᠤ ᠭᠠᠵᠠᠷ ᠤᠨ ᠡᠷᠬᠡᠪᠰᠢ ᠵᠢᠷᠤᠮᠯᠠᠬᠤ ᠬᠡᠷᠡᠭᠲᠡᠢ ᠲᠣᠭᠲᠠᠭᠠᠯ᠄ ︵ᠨᠢᠭᠡ︶ ᠬᠤᠸᠠᠷ ᠫᠤᠤᠵᠢᠩ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠳ ᠡᠷᠬᠡᠪᠰᠢ ᠳᠣᠣᠷᠠᠬᠢ ᠲᠣᠭᠲᠠᠭᠠᠯ ᠢ ᠵᠢᠷᠤᠮᠯᠠᠬᠤ ᠬᠡᠷᠡᠭᠲᠡᠢ᠄ 1. ᠡᠷᠬᠡᠪᠰᠢ ᠤᠯᠤᠰ ᠤᠨ ᠪᠠᠷᠢᠮᠵᠢᠶ᠎ᠠ ᠶᠣᠰᠣᠭᠠᠷ ︽ᠬᠤᠸᠠᠷ ᠫᠤᠤᠵᠢᠩ ᠤᠨ ᠠᠮᠤᠷ ᠲᠦᠪᠰᠢᠨ ᠬᠢᠭᠡᠳ ᠶᠠᠰᠤ ᠴᠢᠨᠠᠷ ︾ ︵GB10631 ᡺ 2013︶ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠬᠤᠸᠠᠷ ᠫᠤᠤᠵᠢᠩ ᠤᠨ ᠦᠢᠯᠡᠳᠬᠦᠨ ᠢ ᠪᠥᠭᠡᠮ ᠢᠶᠠᠷ ᠬᠤᠳᠠᠯᠳᠤᠵᠤ᠂ ᠪᠣᠷᠣᠯᠠᠭᠤᠯᠬᠤ ᠬᠡᠷᠡᠭᠲᠡᠢ᠃ ᠪᠥᠭᠡᠮ ᠢᠶᠠᠷ ᠬᠤᠳᠠᠯᠳᠤᠬᠤ ᠪᠠ ᠪᠣᠷᠣᠯᠠᠭᠤᠯᠬᠤ ᠦᠢᠯᠡᠳᠬᠦᠨ ᠤ ᠳᠣᠲᠣᠷ᠎ᠠ ᠪᠣᠭᠤᠳᠠᠯ ᠳᠡᠭᠡᠷ᠎ᠡ ᠡᠷᠬᠡᠪᠰᠢ ᠦᠢᠯᠡᠳᠬᠦᠨ ᠤ ᠨᠡᠷᠡᠶᠢᠳᠦᠯ᠂ ᠦᠢᠯᠡᠳᠬᠦᠨ ᠤ ᠲᠡᠰ᠂ ᠦᠢᠯᠡᠳᠪᠦᠷᠢᠯᠡᠭᠰᠡᠨ ᠨᠢᠭᠡᠴᠢ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ᠂ ᠴᠢᠨᠠᠷ ᠢ ᠪᠠᠲᠤᠯᠠᠬᠤ ᠬᠤᠭᠤᠴᠠᠭ᠎ᠠ᠂ ᠰᠡᠷᠡᠮᠵᠢᠯᠡᠭᠦᠯᠬᠦ ᠦᠭᠡ᠂ ᠰᠢᠲᠠᠭᠠᠬᠤ ᠲᠣᠳᠣᠷᠬᠠᠶᠢᠯᠠᠯᠲᠠ᠂ ᠡᠮ ᠤᠨ ᠠᠭᠤᠯᠤᠭᠳᠠᠴᠠ ᠶᠢᠨ ᠬᠡᠮᠵᠢᠶ᠎ᠡ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠂ ᠦᠢᠯᠡᠳᠬᠦᠨ ᠤ ᠳᠣᠲᠣᠷ᠎ᠠ ᠭᠠᠳᠠᠷ ᠪᠣᠭᠤᠳᠠᠯ ᠳᠡᠭᠡᠷ᠎ᠡ ᠡᠷᠬᠡᠪᠰᠢ ᠪᠥᠭᠡᠮ ᠢᠶᠠᠷ ᠬᠤᠳᠠᠯᠳᠤᠬᠤ ᠺᠣᠮᠫᠠᠨᠢ᠂ ᠦᠢᠯᠡᠳᠪᠦᠷᠢᠯᠡᠬᠦ ᠠᠵᠤ ᠠᠬᠤᠶᠢᠯᠠᠯ ᠤᠨ ᠢᠯᠡᠷᠬᠡᠢ ᠲᠡᠮᠳᠡᠭ ᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃ 2. ︽ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ  ᠦᠨᠡᠮᠯᠡᠯ︾ ᠦᠭᠡᠢ ᠨᠢᠭᠡᠴᠡ ᠪᠣᠯᠣᠨ ᠬᠤᠪᠢ ᠬᠥᠮᠥᠨ ᠲᠤ ᠬᠤᠸᠠᠷ ᠫᠤᠤᠵᠢᠩ ᠤᠨ ᠦᠢᠯᠡᠳᠬᠦᠨ ᠢ  ᠪᠥᠭᠡᠮ ᠢᠶᠠᠷ ᠬᠤᠳᠠᠯᠳᠤᠬᠤ ᠪᠠ ᠪᠣᠷᠣᠯᠠᠭᠤᠯᠵᠤ ᠪᠣᠯᠬᠤ ᠦᠭᠡᠢ᠃ ᠨᠣᠴᠣᠭᠠᠬᠤ ᠶᠢ ᠤᠯᠤᠰ ᠠᠴᠠ ᠲᠣᠳᠣᠷᠬᠠᠢ ᠵᠠᠷᠯᠢᠭ ᠢᠶᠠᠷ ᠴᠠᠭᠠᠵᠠᠯᠠᠭᠰᠠᠨ ᠦᠢᠯᠡᠳᠬᠦᠨ ᠢ ᠪᠥᠭᠡᠮ ᠢᠶᠠᠷ ᠬᠤᠳᠠᠯᠳᠤᠬᠤ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠨ᠎ᠠ᠃ 3.ᠪᠠᠷᠠᠭ᠎ᠠ ᠬᠤᠳᠠᠯᠳᠤᠨ ᠠᠪᠤᠭᠰᠠᠨ ᠵᠢᠵᠢᠭᠯᠡᠨ ᠬᠤᠳᠠᠯᠳᠤᠬᠤ ᠭᠠᠵᠠᠷ ᠲᠠᠢ ᠡᠷᠬᠡᠪᠰᠢ ᠠᠶᠤᠯᠭᠦᠢ ᠶᠢᠨ ᠠᠭᠤᠯᠭ᠎ᠠ ᠪᠦᠬᠦᠢ ᠡᠵᠡᠩᠨᠡᠯᠲᠡ ᠶᠢᠨ ᠬᠡᠯᠡᠯᠴᠡᠭᠡᠷ ᠲᠣᠭᠲᠠᠭᠠᠬᠤ ᠬᠡᠷᠡᠭᠲᠡᠢ᠃ 4.ᠪᠠᠷᠠᠭ᠎ᠠ ᠬᠤᠳᠠᠯᠳᠤᠨ ᠠᠪᠤᠭᠰᠠᠨ ᠵᠢᠵᠢᠭᠯᠡᠨ ᠬᠤᠳᠠᠯᠳᠤᠬᠤ ᠭᠠᠵᠠᠷ ᠲᠤ ᠲᠠᠸᠠᠷ ᠲᠣᠬᠢᠷᠠᠭᠤᠯᠤᠨ ᠬᠦᠷᠭᠡᠬᠦ ᠶᠢ ᠡᠷᠬᠡᠪᠰᠢ ᠬᠠᠷᠢᠭᠤᠴᠠᠬᠤ ᠬᠡᠷᠡᠭᠲᠡᠢ᠃ ᠲᠣᠬᠢᠷᠠᠭᠤᠯᠤᠨ ᠬᠦᠷᠭᠡᠬᠦ ᠲᠠᠸᠠᠷ  ᠵᠢᠵᠢᠭᠯᠡᠨ ᠬᠤᠳᠠᠯᠳᠤᠬᠤ ᠴᠢᠭ᠋ ᠤᠨ ᠬᠤᠳᠠᠯᠳᠤᠬᠤ ᠭᠠᠵᠠᠷ ᠤᠨ ᠪᠣᠳᠠᠲᠤ ᠪᠠᠶᠢᠳᠠᠯ ᠬᠢᠭᠡᠳ ᠬᠠᠳᠠᠭᠠᠯᠠᠬᠤ ᠵᠥᠪᠰᠢᠶᠡᠷᠡᠯ ᠤᠨ ᠬᠢᠨᠠᠨ ᠲᠣᠭᠲᠠᠭᠠᠭᠰᠠᠨ ᠡᠮ  ᠤᠨ ᠬᠡᠮᠵᠢᠶ᠎ᠡ ᠶᠢ ᠦᠨᠳᠦᠰᠦᠯᠡᠨ ᠪᠦᠯᠦᠭ ᠬᠤᠪᠢᠶᠠᠨ ᠲᠣᠭᠲᠠᠭᠰᠠᠨ ᠬᠡᠮᠵᠢᠶ᠎ᠡ ᠲᠠᠢ ᠪᠠᠷ ᠲᠣᠬᠢᠷᠠᠭᠤᠯᠤᠨ ᠬᠦᠷᠭᠡᠬᠦ ᠬᠡᠷᠡᠭᠲᠡᠢ᠂ ᠵᠢᠵᠢᠭᠯᠡᠨ ᠬᠤᠳᠠᠯᠳᠤᠬᠤ ᠴᠢᠭ᠋ ᠤᠨ ᠬᠠᠳᠠᠭᠠᠯᠠᠬᠤ ᠵᠥᠪᠰᠢᠶᠡᠷᠡᠯ ᠤᠨ ᠬᠢᠨᠠᠨ ᠲᠣᠭᠲᠠᠭᠠᠭᠰᠠᠨ ᠬᠠᠮᠤᠭ ᠤᠨ ᠶᠡᠭᠡ ᠬᠠᠳᠠᠭᠠᠯᠠᠮᠵᠢ ᠶᠢᠨ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ︵30 ᠵᠦᠢᠯ ᠮᠥᠷᠲᠡᠭᠡᠨ ᠰᠢᠷᠬᠡᠭ ᠪᠦᠷᠢ ᠶᠢᠨ ᠬᠦᠨᠳᠦ ᠶᠢᠨ ᠬᠡᠮᠵᠢᠶ᠎ᠡ ᠶᠢ 30 ᠺᠢᠯᠣᠭ᠍ᠷᠠᠮ ᠠᠴᠠ ᠬᠡᠲᠦᠷᠡᠭᠦᠯᠵᠦ ᠪᠣᠯᠬᠤ ᠦᠭᠡᠢ︶᠃ ︵ᠬᠤᠶᠠᠷ︶ ᠬᠤᠸᠠᠷ ᠫᠤᠤᠵᠢᠩ ᠤᠨ ᠵᠢᠵᠢᠭᠯᠡᠨ ᠬᠤᠳᠠᠯᠳᠤᠬᠤ ᠭᠠᠵᠠᠷ ᠨᠢ ᠡᠷᠬᠡᠪᠰᠢ ᠳᠣᠣᠷᠠᠬᠢ ᠲᠣᠭᠲᠠᠭᠠᠯ ᠤᠳ ᠢ ᠵᠢᠷᠤᠮᠯᠠᠬᠤ ᠬᠡᠷᠡᠭᠲᠡᠢ᠄ 1.ᠡᠷᠬᠡᠪᠰᠢ ᠲᠤᠰ ᠭᠠᠵᠠᠷ ᠠᠴᠠ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠪᠥᠭᠡᠮ ᠢᠶᠠᠷ ᠬᠤᠳᠠᠯᠳᠤᠬᠤ ᠺᠣᠮᠫᠠᠨᠢ ᠠᠴᠠ ᠬᠤᠸᠠᠷ ᠫᠤᠤᠵᠢᠩ ᠬᠤᠳᠠᠯᠳᠤᠨ ᠠᠪᠬᠤ ᠬᠡᠷᠡᠭᠲᠡᠢ᠃ ᠬᠤᠳᠠᠯᠳᠤᠨ ᠣᠷᠣᠭᠤᠯᠤᠭᠰᠠᠨ ᠬᠤᠸᠠᠷ ᠫᠤᠤᠵᠢᠩ ᠤᠨ ᠲᠠᠸᠠᠷ ᠢ ᠬᠠᠳᠠᠭᠠᠯᠠᠬᠤ ᠵᠥᠪᠰᠢᠶᠡᠷᠡᠯ ᠤᠨ ᠬᠢᠨᠠᠨ ᠲᠣᠭᠲᠠᠭᠠᠭᠰᠠᠨ ᠬᠠᠮᠤᠭ ᠤᠨ ᠶᠡᠭᠡ ᠬᠠᠳᠠᠭᠠᠯᠠᠮᠵᠢ ᠶᠢᠨ ᠬᠡᠮᠵᠢᠶ᠎ᠡ ᠠᠴᠠ ᠬᠡᠲᠦᠷᠡᠭᠦᠯᠵᠦ ᠪᠣᠯᠬᠤ ᠦᠭᠡᠢ᠃ 2. ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠥᠯᠥ ᠨᠡᠶᠢᠴᠡᠬᠦ ᠬᠤᠸᠠᠷ ᠫᠤᠤᠵᠢᠩ ᠤᠨ ᠪᠦᠲᠦᠭᠡᠭᠳᠡᠬᠦᠨ ᠢ ᠪᠣᠷᠣᠯᠠᠭᠤᠯᠵᠤ ᠪᠣᠯᠬᠤ ᠦᠭᠡᠢ᠃ 3. ᠬᠡᠦᠬᠡᠳ ᠲᠤ ᠬᠤᠸᠠᠷ ᠫᠤᠤᠵᠢᠩ ᠤᠨ ᠪᠦᠲᠦᠭᠡᠭᠳᠡᠬᠦᠨ ᠢ ᠪᠣᠷᠣᠯᠠᠭᠤᠯᠵᠤ ᠪᠣᠯᠬᠤ ᠦᠭᠡᠢ᠃ 4. ᠵᠢᠵᠢᠭᠯᠡᠨ ᠬᠤᠳᠠᠯᠳᠤᠬᠤ ᠭᠠᠵᠠᠷ ᠤᠨ ᠪᠠᠷᠠᠭ᠎ᠠ ᠬᠤᠳᠠᠯᠳᠤᠬᠤ ᠲᠠᠰᠤᠭ ᠲᠤ ᠡᠷᠬᠡᠪᠰᠢ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠸᠠᠷ ᠫᠤᠤᠵᠢᠩ ︵ᠲᠦᠷ ᠴᠠᠭ ᠡᠵᠡᠩᠨᠡᠬᠦ︶ ᠤᠨ ᠵᠥᠪᠰᠢᠶᠡᠷᠡᠯ ᠤᠨ ᠦᠨᠡᠮᠯᠡᠯ︾᠂ ︽ᠠᠵᠤ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ︾ ᠢ ᠪᠠᠷᠠᠭ᠎ᠠ ᠬᠤᠳᠠᠯᠳᠤᠬᠤ ᠲᠠᠰᠤᠭ ᠤᠨ ᠢᠯᠡ ᠭᠠᠵᠠᠷ ᠲᠤ ᠡᠯᠭᠦᠵᠦ᠂ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠵᠤᠤᠬ᠎ᠠ ᠵᠡᠷᠭᠡ ᠢᠯᠡ ᠭᠠᠯ ᠤᠨ ᠪᠡᠯᠡᠳᠬᠡᠮᠵᠢ ᠬᠡᠷᠡᠭᠯᠡᠬᠦ ᠶᠢ ᠴᠢᠩᠭ᠎ᠠ ᠴᠠᠭᠠᠵᠠᠯᠠᠬᠤ ᠶᠢᠨ ᠬᠠᠮᠲᠤ ︽ᠬᠤᠸᠠᠷ ᠫᠤᠤᠵᠢᠩ ᠬᠡᠷᠡᠭᠯᠡᠬᠦ ᠶᠢ ᠴᠠᠭᠠᠵᠠᠯᠠᠬᠤ︾ ᠵᠡᠷᠭᠡ ᠢᠯᠡᠷᠬᠡᠢ ᠠᠮᠤᠷ ᠲᠦᠪᠰᠢᠨ ᠤ ᠰᠡᠷᠡᠮᠵᠢ ᠶᠢᠨ ᠲᠡᠮᠳᠡᠭ ᠪᠠ ᠬᠤᠳᠠᠯᠳᠤᠨ ᠠᠪᠬᠤ ᠳᠤ ᠡᠷᠬᠡᠪᠰᠢ ᠮᠡᠳᠡᠬᠦ ᠵᠦᠢᠯ ᠢ ᠨᠠᠭᠠᠬᠤ ᠬᠡᠷᠡᠭᠲᠡᠢ᠃ 5.ᠵᠢᠵᠢᠭᠯᠡᠨ ᠬᠤᠳᠠᠯᠳᠤᠬᠤ ᠴᠢᠭ ᠤᠨ ᠬᠠᠳᠠᠭᠠᠯᠠᠮᠵᠢ ᠶᠢᠨ ᠬᠥᠮᠥᠷᠭᠡ ᠲᠤ ᠬᠡᠮᠵᠢᠶ᠎ᠡ ᠠᠴᠠ ᠬᠡᠲᠦᠷᠡᠲᠡᠯ᠎ᠡ ᠬᠠᠳᠠᠭᠠᠯᠠᠵᠤ ᠪᠣᠯᠬᠤ ᠦᠭᠡᠢ᠃ 6.ᠭᠠᠳᠠᠨ᠎ᠠ ᠵᠡᠭᠡᠯᠢ ᠳᠠᠭᠠᠤ ᠳᠡᠯᠭᠡᠭᠡ ᠮᠠᠶᠢᠮᠠᠢ ᠶᠢᠨ ᠭᠠᠵᠠᠷ ᠭᠠᠷᠭᠠᠵᠤ ︵ᠨᠢᠭᠡᠳᠦᠯᠲᠡᠢ ᠪᠠᠶᠢᠭᠤᠯᠤᠭᠰᠠᠨ ᠵᠢᠵᠢᠭᠯᠡᠨ ᠬᠤᠳᠠᠯᠳᠤᠬᠤ ᠭᠠᠵᠠᠷ ᠪᠠᠭᠲᠠᠬᠤ ᠦᠭᠡᠢ︶᠂ ᠵᠡᠭᠡᠯᠢ ᠭᠤᠳᠤᠮᠵᠢ ᠪᠠᠷ ᠬᠡᠰᠦᠵᠦ᠂ ᠬᠤᠸᠠᠷ ᠫᠤᠤᠵᠢᠩ ᠢ ᠵᠢᠵᠢᠭᠯᠡᠨ ᠬᠤᠳᠠᠯᠳᠤᠵᠤ ᠪᠣᠯᠬᠤ ᠦᠭᠡᠢ᠃ ᠨᠢᠭᠡ ᠦᠨᠡᠮᠯᠡᠯ ᠢᠶᠠᠷ ᠤᠯᠠᠨ ᠳᠡᠯᠭᠡᠭᠦᠷ ᠭᠠᠷᠭᠠᠵᠤ᠂ ᠨᠢᠭᠡ ᠳᠡᠯᠭᠡᠭᠦᠷ ᠢᠶᠠᠷ ᠤᠯᠠᠨ ᠳᠡᠯᠭᠡᠭᠦᠷ ᠭᠠᠷᠭᠠᠵᠤ ᠪᠣᠯᠬᠤ ᠦᠭᠡᠢ᠃        ᠬᠤᠤᠯᠢᠩᠭᠤᠤᠯ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号