ᠡᠨᠡ ᠵᠢᠯ ᠠᠴᠠ ᠨᠠᠰᠢ᠂ ᠮᠠᠨ ᠤ ᠬᠤᠲᠠ ᠭᠢᠷᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ | ᠳᠤᠮᠳᠠᠳᠤ ᠤᠯᠤᠰ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠱᠧᠩ ᠵᠢᠩ ᠡᠮᠨᠡᠯᠭᠡ ᠶᠢᠨ ᠬᠤᠷᠢᠶ᠎ᠠ᠂ | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠲᠦᠩᠯᠢᠶᠣᠣ | ᠬᠤᠲᠠ ᠶᠢᠨ ᠡᠮᠨᠡᠯᠭᠡ ᠶᠢᠨ ᠬᠤᠷᠢᠶ᠎ᠠ ᠵᠡᠷᠭᠡ ᠡᠮᠨᠡᠯᠭᠡ ᠶᠢᠨ ᠬᠤᠯᠪᠣᠭᠠᠲᠤ ᠴᠣᠭᠴᠠ ᠶᠢᠨ ᠲᠤᠰᠬᠠᠢ ᠮᠡᠷᠭᠡᠵᠢᠯᠲᠡᠨ ᠤ | ᠪᠦᠯᠬᠦᠮ ᠢ ᠨᠡᠶᠢᠲᠡ 28 ᠪᠦᠯᠦᠭ ᠤᠳᠠᠭ᠎ᠠ ᠤᠷᠢᠵᠤ᠂ ᠨᠡᠶᠢᠲᠡ 59 ᠬᠥᠮᠥᠨ ᠮᠠᠨ ᠤ ᠬᠤᠲᠠ ᠳᠤ ᠠᠯᠪᠠᠨ | ᠵᠢᠷᠤᠮ ᠤᠨ ᠡᠮᠴᠢᠯᠡᠭᠡ ᠪᠠᠷ ᠬᠠᠪᠰᠤᠷᠤᠨ ᠲᠡᠳᠬᠦᠬᠦ ᠪᠠ ᠪᠤᠳᠤᠯᠢᠶᠠᠨᠲᠠᠢ ᠡᠪᠡᠳᠴᠢᠨ ᠤ ᠮᠡᠰᠡ ᠵᠠᠰᠠᠯ ᠢᠶᠠᠷ | ᠳᠠᠭᠠᠭᠤᠯᠤᠨ ᠰᠤᠷᠭᠠᠬᠤ ᠠᠵᠢᠯᠯᠠᠭ᠎ᠠ ᠥᠷᠨᠢᠭᠦᠯᠪᠡ᠃ ᠭᠤᠷᠪᠠᠳᠤᠭᠠᠷ᠂ ᠳᠥᠷᠪᠡᠳᠦᠭᠡᠷ ᠳᠡᠰ ᠤᠨ ᠳᠠᠭᠠᠭᠤᠯᠤᠨ | ᠰᠤᠷᠭᠠᠬᠤ ᠮᠡᠰᠡ ᠵᠠᠰᠠᠯ ᠬᠢᠭᠰᠡᠨ 65 ᠵᠢᠱᠢᠶ᠎ᠡ᠂ ᠬᠦᠴᠢᠷ ᠲᠦᠪᠡᠭᠲᠡᠢ ᠡᠪᠡᠳᠴᠢᠨ ᠤ ᠵᠢᠱᠢᠶ᠎ᠡ ᠶᠢᠨ ᠲᠤᠬᠠᠢ 18 | ᠵᠢᠱᠢᠶ᠎ᠡ ᠶᠢ ᠶᠠᠷᠢᠯᠴᠠᠵᠤ᠂ ᠠᠯᠤᠰ ᠠᠴᠠ ᠬᠠᠮᠲᠤᠷᠠᠨ ᠣᠨᠣᠰᠢᠯᠠᠭᠰᠠᠨ 5 ᠵᠢᠱᠢᠶ᠎ᠡ᠂ ᠵᠢᠭᠠᠨ ᠰᠤᠷᠭᠠᠯᠲᠠ ᠶᠢᠨ ᠭᠡᠷ | ᠪᠠᠶᠢᠰᠢᠩ ᠢ 26 ᠤᠳᠠᠭ᠎ᠠ ᠪᠠᠶᠢᠴᠠᠭᠠᠵᠤ᠂ ᠤᠯᠠᠨ ᠲᠦᠮᠡᠨ ᠳᠤ 180 ᠭᠠᠷᠤᠢ ᠬᠥᠮᠥᠨ ᠤᠳᠠᠭ᠎ᠠ ᠠᠰᠢᠭ | ᠬᠦᠷᠲᠡᠭᠡᠪᠡ᠃ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠮᠦᠵᠢᠯ ᠢ ᠬᠡᠷᠡᠭᠵᠢᠭᠦᠯᠦᠨ᠂ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠰᠤᠷᠤᠭᠴᠢᠳ ᠤᠨ ᠪᠠᠶᠢᠩᠭᠤ ᠲᠣᠬᠢᠶᠠᠯᠳᠤᠳᠠᠭ | ᠡᠪᠡᠳᠴᠢᠨ ᠢ ᠰᠢᠭᠰᠢᠨ ᠪᠠᠶᠢᠴᠠᠭᠠᠬᠤ ᠪᠠ ᠬᠥᠳᠡᠭᠡ ᠲᠣᠰᠬᠤᠨ ᠤ ᠵᠣᠬᠢᠬᠤ ᠨᠠᠰᠤᠨ ᠤ ᠡᠮᠡᠭᠲᠡᠶᠢᠴᠦᠳ ᠤᠨ ᠬᠤᠶᠠᠷ | ᠥᠮᠡᠨ ᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠡᠮᠡᠭᠲᠡᠶᠢᠴᠦᠳ ᠪᠠ ᠬᠤᠳᠠ | ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠮᠡᠭᠲᠡᠶᠢᠴᠦᠳ ᠤᠨ ︽ᠬᠤᠶᠠᠷ ᠥᠮᠡᠨ︾ ᠢ | ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠵᠦᠢᠯᠡᠰ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠬᠤᠶᠠᠷ | ᠥᠮᠡᠨ︾ ᠢ ᠰᠢᠭᠰᠢᠨ ᠪᠠᠶᠢᠴᠠᠭᠠᠬᠤ ᠠᠵᠢᠯ ᠢ ᠨᠢᠭᠡᠨᠲᠡ 1324 ᠬᠥᠮᠥᠨ ᠳᠤ ᠪᠡᠶᠡᠯᠡᠭᠦᠯᠵᠦ᠂ ᠪᠡᠶᠡᠯᠡᠭᠦᠯᠦᠭᠰᠡᠨ | ᠨᠤᠷᠮ᠎ᠠ ᠶᠢ 100% ᠳᠤ ᠬᠦᠷᠭᠡᠪᠡ᠃ ︱ ︽ᠬᠤᠥᠯᠢᠨ ᠭᠤᠣᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠨ 2023 ᠣᠨ ᠤ ᠠᠵᠢᠯ ᠤᠨ ᠳ᠋ᠦᠩᠨᠡᠯᠲᠡ ᠵᠢᠴᠢ 2024 ᠣᠨ ᠤ ᠠᠵᠢᠯ ᠤᠨ | ᠲᠥᠯᠥᠪᠯᠡᠭᠡ︾ | | | | | ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ | ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠲᠣᠭᠲᠠᠭᠤᠨ ᠢᠶᠠᠷ | ᠴᠢᠩᠭᠠᠳᠬᠠᠵᠤ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ | ᠦᠢᠯᠡᠴᠢᠯᠡᠭᠡ᠂ ᠭᠡᠷ ᠪᠦᠯᠢ ᠶᠢᠨ ᠡᠮᠴᠢ ᠶᠢᠨ ᠠᠵᠢᠯᠯᠠᠬᠤ ᠲᠠᠰᠤᠭ᠂︽ᠢᠨᠲ᠋ᠥᠷ ᠰᠦᠯᠵᠢᠶ᠎ᠡ +︾ᠣᠶᠤᠨᠲᠤ ᠡᠮᠴᠢᠯᠡᠭᠡ᠂ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠭᠡ ᠵᠡᠷᠭᠡ ᠠᠯᠢ ᠤᠯᠠᠨ︽ᠣᠨᠴᠠᠯᠢᠭᠲᠤ ᠨᠡᠷ᠎ᠡ ᠶᠢᠨ | ᠬᠠᠭᠤᠳᠠᠰᠤ︾ ᠶᠢ ᠦᠷᠭᠦᠯᠵᠢᠯᠡᠨ ᠭᠡᠷᠡᠯᠳᠦᠬᠦᠯᠪᠡ ᠁ ᠠᠮᠵᠢᠯᠲᠠ ᠨᠢᠭᠡᠪᠦᠷᠢ ᠶᠢᠨ ᠠᠷᠤ ᠳᠤ᠂ ᠠᠷᠭ᠎ᠠ ᠪᠦᠬᠦᠨ ᠢ | ᠰᠦᠪᠡᠭᠴᠢᠯᠡᠨ ᠰᠠᠭᠤᠭᠠᠯᠢ ᠠᠷᠠᠳ ᠤᠯᠠᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠭᠰᠡᠨ ᠬᠤᠷᠢᠶᠠᠩᠭᠤᠢ | ᠳᠦᠷᠰᠦ ᠪᠠᠶᠢᠵᠤ᠂ ᠨᠡᠩ ᠴᠤ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠥᠷᠨᠢᠩᠭᠦᠢ ᠬᠥᠭᠵᠢᠯᠲᠡ ᠶᠢᠨ ᠦᠨᠡᠨ ᠪᠣᠳᠠᠲᠤ ᠵᠢᠷᠤᠭᠯᠠᠯ ᠪᠣᠯᠣᠨ᠎ᠠ᠃ | 2023 ᠣᠨ ᠠᠴᠠ ᠨᠠᠰᠢ᠂ ᠮᠠᠨ ᠤ ᠬᠤᠲᠠ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ | ᠢᠮᠠᠭᠲᠠ ᠪᠠᠷᠢᠮᠲᠠᠯᠠᠵᠤ᠂ ᠦᠨᠳᠦᠰᠦᠨ ᠱᠠᠲᠤ ᠶᠢ ᠬᠦᠴᠦᠷᠬᠡᠭᠵᠢᠭᠦᠯᠬᠦ ᠪᠠᠷ ᠭᠤᠣᠯᠳᠠᠯᠭ᠎ᠠ ᠪᠣᠯᠭᠠᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠪᠦᠬᠦ ᠲᠠᠯ᠎ᠠ ᠶᠢᠨ᠂ ᠪᠦᠬᠦ ᠦᠶᠡᠯᠡᠯ ᠤᠨ | ᠬᠤᠭᠤᠴᠠᠭ᠎ᠠ ᠲᠠᠢ ᠪᠠᠶᠢᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠵᠤ᠂ ᠴᠠᠭ ᠦᠶ᠎ᠡ ᠶᠢᠨ ᠰᠢᠨ᠎ᠡ | ᠱᠠᠭᠠᠷᠳᠠᠯᠭ᠎ᠠ ᠳᠤ ᠵᠣᠬᠢᠴᠠᠭᠰᠠᠨ᠂ ᠣᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠢ ᠬᠠᠩᠭᠠᠭᠰᠠᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ ᠢ ᠨᠡᠩ ᠲᠡᠭᠦᠯᠳᠡᠷ ᠪᠣᠯᠭᠠᠨ᠂ ᠵᠣᠯ ᠵᠢᠷᠭᠠᠯ ᠤᠨ ᠲᠥᠷᠥᠭᠳᠡᠯ ᠢ ᠨᠡᠩ ᠦᠷᠭᠦᠯᠵᠢᠯᠡᠭᠦᠯᠵᠦ᠂ ᠠᠮᠤᠷ | ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠪᠠ᠃ | ︽ᠭᠢᠷᠢᠨ ᠮᠤᠵᠢ ᠶᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ ᠲᠤᠰᠬᠠᠢ | ᠮᠡᠷᠭᠡᠵᠢᠯᠲᠡᠨ ᠢᠷᠡᠵᠦ ᠡᠮᠨᠡᠭᠦᠯᠬᠦ ᠪᠠᠷ ᠢᠷᠡᠭᠰᠡᠨ ᠢ ᠰᠣᠨᠣᠰᠤᠭᠠᠳ ᠪᠢ ᠰᠥᠰᠥᠨ ᠤ ᠴᠢᠯᠠᠭᠤᠵᠢᠯ ᠤᠨ ᠮᠡᠰᠡ ᠵᠠᠰᠠᠯ | ᠬᠢᠬᠦ ᠪᠠᠷ ᠪᠣᠯᠵᠣᠭᠰᠠᠨ ᠶᠤᠮ᠂ ᠥᠩᠭᠡᠷᠡᠭᠰᠡᠨ ᠳᠤ ᠣᠷᠣᠨ ᠨᠤᠲᠤᠭ ᠤᠨ ᠡᠮᠴᠢᠯᠡᠭᠡᠨ ᠤ ᠬᠢᠷᠢ ᠬᠡᠮᠵᠢᠶ᠎ᠡ ᠬᠢᠵᠠᠭᠠᠷ ᠲᠠᠢ | ᠠᠴᠠ ᠪᠣᠯᠵᠤ ᠮᠡᠰᠡ ᠵᠠᠰᠠᠯ ᠬᠢᠬᠦ ᠪᠠᠨ ᠬᠡᠳᠦᠨ ᠵᠢᠯ ᠬᠤᠶᠢᠰᠢᠯᠠᠭᠤᠯᠤᠭᠠᠳ ᠬᠢᠭᠰᠡᠨ ᠦᠭᠡᠢ᠂ ᠣᠳᠣ ᠰᠠᠶᠢᠨ ᠪᠣᠯᠵᠠᠢ | ᠂ ᠲᠤᠰᠬᠠᠢ ᠮᠡᠷᠭᠡᠵᠢᠯᠲᠡᠨ ︿ᠭᠡᠷ ᠤᠨ ᠡᠭᠦᠳᠡᠨ ᠳᠤ﹀ ᠬᠦᠷᠴᠦ ᠢᠷᠡᠭᠡᠳ᠂ ᠡᠨᠡ ᠤᠳᠠᠭᠠᠨ ᠤ ᠮᠡᠰᠡ ᠵᠠᠰᠠᠯ | ᠠᠮᠵᠢᠯᠲᠠ ᠲᠠᠢ ᠪᠣᠯᠵᠤ᠂ ᠪᠡᠶ᠎ᠡ ᠮᠠᠰᠢ ᠰᠠᠶᠢᠨ ᠡᠳᠡᠭᠡᠷᠡᠵᠡᠢ᠂ ᠡᠨᠡ ᠨᠢ ᠪᠠᠰᠠ ᠶᠡᠭᠡ ᠬᠤᠲᠠ ᠳᠤ ᠣᠴᠢᠵᠤ | ᠡᠪᠡᠳᠴᠢᠨ ᠦᠵᠡᠭᠦᠯᠬᠦ ᠥᠪᠡᠷ ᠤᠨ ᠥᠷᠲᠡᠭ ᠢ ᠠᠷᠪᠢᠯᠠᠵᠠᠢ︾᠃ ᠣᠶᠢᠷ᠎ᠠ ᠳᠤ᠂ ᠬᠤᠲᠠ ᠶᠢᠨ ᠠᠷᠠᠳ ᠤᠨ | ᠡᠮᠨᠡᠯᠭᠡ ᠶᠢᠨ ᠬᠤᠷᠢᠶ᠎ᠠ ᠳᠤ ᠡᠮᠨᠡᠭᠦᠯᠦᠭᠰᠡᠨ ᠡᠪᠡᠳᠴᠢᠲᠡᠨ ᠸᠠᠩ ᠠᠪᠤᠭᠠᠢ ᠶᠢᠨ ᠬᠡᠯᠡᠭᠰᠡᠨ ᠦᠭᠡ ᠨᠢ ᠮᠠᠨ ᠤ | ᠬᠤᠲᠠ ᠶᠢᠨ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠱᠠᠲᠤᠨ ᠤ | ᠣᠯᠠᠨ ᠲᠦᠮᠡᠨ ᠳᠤ ᠣᠯᠭᠤᠭᠰᠠᠨ ᠪᠣᠳᠠᠲᠤ ᠠᠰᠢᠭ ᠲᠤᠰᠠ ᠶᠢ ᠬᠡᠯᠡᠵᠦ ᠥᠭᠴᠡᠢ᠃ | | | | | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯ ᠠᠷᠠᠳ ᠣᠯᠠᠨ ᠤ ︽ᠡᠪᠡᠳᠴᠢᠨ | ᠦᠵᠡᠭᠦᠯᠬᠦ ᠳᠤ ᠬᠦᠴᠢᠷᠲᠡᠢ︾ ︽ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠶᠢ ᠰᠢᠢᠳᠪᠦᠷᠢᠯᠡᠬᠦ ᠶᠢᠨ | ᠦᠨᠳᠦᠰᠦᠨ ᠪᠠᠲᠤᠯᠠᠭ᠎ᠠ ᠮᠥᠨ᠂ ᠡᠷᠡᠭᠦᠯ ᠮᠡᠨᠳᠦ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠶᠢᠨ ᠪᠠᠲᠤ ᠪᠠᠬᠢ ᠰᠠᠭᠤᠷᠢ | ᠮᠥᠨ᠃ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠰᠢᠯᠢᠳᠡᠭ ᠡᠬᠢ ᠪᠠᠶᠠᠯᠢᠭ ᠤᠨ ᠬᠠᠪᠰᠤᠷᠤᠨ ᠲᠡᠳᠬᠦᠬᠦ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ | ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠲᠠ ︽ | ᠬᠤᠤᠯᠢᠩᠭᠤᠤᠤᠯ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠬᠦ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ ︵2023 ︱ 2025 ᠣᠨ︶︾ ︽ᠬᠤᠤᠯᠢᠩᠭᠤᠤᠯ ᠬᠤᠲᠠ ᠶᠢᠨ ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯᠯᠠᠭ᠎ᠠ ᠶᠢᠨ ᠲᠥᠰᠥᠯ︾ ᠵᠡᠷᠭᠡ | ᠲᠥᠰᠥᠯ ᠢ ᠢᠳᠡᠪᠬᠢᠲᠡᠢ ᠪᠠᠷ ᠬᠢᠨᠠᠨ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ | ᠡᠮᠴᠢᠯᠡᠭᠡᠨ ᠤ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠪᠦᠲᠦᠭᠡᠨ ᠪᠠᠶᠢᠭᠤᠯᠵᠤ᠂ ᠮᠠᠨ ᠤ ᠬᠤᠲᠠ ᠳᠤ ᠣᠲᠣ | ᠥᠪᠡᠷᠲᠡᠭᠡᠨ ᠵᠠᠰᠠᠬᠤ ᠣᠷᠣᠨ᠂ ᠲᠦᠩᠯᠢᠶᠣᠣ ᠬᠤᠲᠠ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 10 ᠪᠣᠶ᠃ | ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠤᠷᠢᠳ ᠬᠤᠵᠢᠳ ᠤᠯᠤᠰ ᠤᠨ ᠨᠠᠰᠤ ᠪᠠᠷᠠᠬᠤ ᠶᠢ ᠶᠡᠷᠦᠩᠬᠡᠶᠢᠯᠡᠨ | ᠰᠡᠷᠭᠡᠶᠢᠯᠡᠨ ᠵᠠᠰᠠᠬᠤ ᠲᠥᠪ᠂ ᠳᠤᠮᠳᠠᠳᠤ ᠤᠯᠤᠰ ᠤᠨ ᠴᠡᠭᠡᠵᠢ ᠡᠪᠡᠳᠬᠦ ᠶᠢ ᠡᠮᠨᠡᠨ ᠵᠠᠰᠠᠬᠤ ᠲᠥᠪ᠂ ᠨᠢᠷᠠᠢ | ᠬᠡᠦᠬᠡᠳ ᠢ ᠡᠮᠨᠡᠨ ᠵᠠᠰᠠᠬᠤ ᠲᠥᠪ ᠪᠠ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠢ ᠶᠢ ᠡᠮᠨᠡᠨ ᠵᠠᠰᠠᠬᠤ ᠲᠥᠪ᠂ | ᠤᠯᠤᠰ ᠤᠨ ᠬᠤᠶᠠᠳᠤᠭᠠᠷ ᠳᠡᠰ ᠤᠨ ᠮᠣᠯᠧᠺᠦ᠋ᠯ ᠤᠨ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ ︵PCR︶᠂ | ᠤᠯᠤᠰ ᠤᠨ ᠠᠮᠢᠰᠬᠤᠯ ᠪᠠ ᠬᠦᠨᠳᠦ ᠲᠦᠭᠰᠢᠭᠦᠷᠢᠲᠡᠢ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ︵ | PCCM︶ ᠶᠢ ᠬᠢᠨᠠᠨ ᠲᠣᠭᠲᠠᠭᠠᠬᠤ ᠪᠠ ᠭᠡᠷᠡᠴᠢᠯᠡᠬᠦ ᠪᠠᠷ ᠳᠡᠮᠵᠢᠨ᠂ ᠣᠲᠣ ᠶᠠᠭ ᠰᠢᠷᠬ᠎ᠠ ᠶᠢᠨ ᠲᠥᠪ ᠢ | ᠡᠭᠦᠳᠦᠨ ᠪᠠᠶᠢᠭᠤᠯᠬᠤ ᠭᠡᠷᠡᠴᠢᠯᠡᠯ ᠤᠨ ᠠᠵᠢᠯ ᠢ ᠲᠦᠯᠬᠢᠨ ᠠᠬᠢᠭᠤᠯᠵᠤ ᠪᠠᠶᠢᠨ᠎ᠠ᠃ | ︽ᠥᠩᠭᠡᠷᠡᠭᠰᠡᠨ ᠳᠤ ᠪᠠᠭ᠎ᠠ ᠰᠠᠭ᠎ᠠ ᠬᠢᠲᠠᠳ ᠡᠮ ᠤᠤᠭᠤᠵᠤ ᠪᠡᠶ᠎ᠡ ᠪᠠᠨ ᠰᠤᠪᠢᠯᠠᠶᠠ ᠭᠡᠵᠦ ᠪᠤᠳᠤᠵᠤ ᠪᠠᠶᠢᠭᠰᠠᠨ | ᠪᠣᠯᠬᠤᠷ᠂ ᠲᠡᠷᠡ ᠬᠡᠰᠡᠭ ᠲᠤ ᠬᠢᠲᠠᠳ ᠡᠮᠨᠡᠯᠭᠡ ᠶᠢᠨ ᠡᠮᠴᠢᠯᠡᠭᠡᠨ ᠤ ᠭᠠᠵᠠᠷ ᠪᠠᠶᠢᠬᠤ ᠶᠢ ᠭᠠᠵᠠᠷ ᠪᠣᠯᠭᠠᠨ ᠠᠴᠠ | ᠰᠤᠷᠠᠭᠯᠠᠳᠠᠭ᠂ ᠤᠳᠤ ᠨᠡᠶᠢᠭᠡᠮ ᠲᠣᠭᠤᠷᠢᠭ ᠤᠨ ᠡᠮᠨᠡᠯᠭᠡ ᠶᠢᠨ ᠭᠠᠵᠠᠷ ᠰᠠᠶᠢᠵᠢᠷᠠᠪᠠᠯ ᠳᠠᠷᠤᠢ ᠡᠮ ᠤᠨ ᠵᠣᠷ | ᠭᠠᠷᠭᠠᠴᠢᠬᠠᠨ᠎ᠠ᠂ ᠪᠡᠶ᠎ᠡ ᠰᠤᠪᠢᠯᠠᠯᠲᠠ ᠶᠢᠨ ᠴᠠᠢ ᠵᠡᠷᠭᠡ ᠶᠢᠨ ᠡᠮ ᠤᠨ ᠵᠣᠷ ᠭᠠᠷᠭᠠᠬᠤ ᠳᠤ ᠴᠤ ᠮᠠᠰᠢ ᠲᠦᠭᠦᠮ ᠪᠣᠯᠵᠠᠢ | ︾ ᠭᠡᠵᠦ ᠰᠢᠩ ᠰᠢᠩ ᠨᠡᠶᠢᠭᠡᠮ ᠲᠣᠭᠤᠷᠢᠭ ᠲᠤ ᠰᠠᠭᠤᠵᠤ ᠪᠠᠶᠢᠭ᠎ᠠ ᠶᠠᠩ ᠨᠠᠰᠤᠲᠠᠨ ᠢᠨᠢᠶᠡᠮᠰᠦᠭᠯᠡᠨ ᠬᠡᠯᠡᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠭᠤᠣᠯᠴᠢ ᠴᠢᠨᠠᠷ ᠪᠠ ᠪᠣᠯᠣᠮᠵᠢᠲᠤ ᠴᠢᠨᠠᠷ ᠤᠨ | ᠦᠷᠭᠦᠯᠵᠢᠯᠡᠨ ᠳᠡᠭᠡᠭᠰᠢᠯᠡᠬᠦ ᠶᠢ ᠳᠠᠭᠠᠯᠳᠤᠨ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠬᠤ | ᠠᠰᠠᠭᠤᠳᠠᠯ ᠢ ᠪᠦᠲᠦᠮᠵᠢᠲᠡᠶ ᠪᠠᠷ ᠨᠠᠮᠳᠠᠭᠤᠯᠪᠠ᠃ ᠮᠠᠨ ᠤ ᠬᠤᠲᠠ ᠣᠨᠣᠰᠢᠯᠠᠨ ᠡᠮᠨᠡᠬᠦ᠂ ᠬᠢᠲᠠᠳ ᠡᠮ ᠡᠮᠨᠡᠯᠭᠡ ᠶᠢᠨ | ᠦᠢᠯᠡᠴᠢᠯᠡᠭᠡ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢ ᠵᠢᠷᠤᠮᠵᠢᠭᠤᠯᠬᠤ ᠵᠡᠷᠭᠡ ᠲᠠᠯ᠎ᠠ ᠪᠠᠷ ᠬᠦᠴᠦ | ᠣᠷᠣᠭᠤᠯᠵᠤ᠂ ︽ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠵᠢᠱᠢᠶ᠎ᠡ | ᠦᠵᠡᠭᠦᠯᠬᠦ ᠰᠢᠶᠠᠨ︾ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ | ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ︽ᠬᠢᠲᠠᠳ ᠡᠮᠨᠡᠯᠭᠡ ᠶᠢᠨ ᠲᠠᠷᠢᠬᠢᠨ ᠤ ᠡᠪᠡᠳᠴᠢᠨ ᠤ ᠰᠠᠯᠠᠭ᠎ᠠ᠂ | ᠬᠢᠲᠠᠳ ᠡᠮᠨᠡᠯᠭᠡ ᠶᠢᠨ ᠳᠡᠯᠢᠭᠦᠦ ᠬᠤᠳᠣᠭᠤᠳᠤᠨ ᠤ ᠡᠪᠡᠳᠴᠢᠨ ᠤ ᠰᠠᠯᠠᠭ᠎ᠠ᠂ ᠮᠣᠩᠭᠤᠯ ᠡᠮᠨᠡᠯᠭᠡ ᠶᠢᠨ ᠤᠯᠠᠮᠵᠢᠯᠠᠯᠲᠤ | ᠡᠮᠴᠢᠯᠡᠭᠡᠨ ᠤ ᠮᠡᠷᠭᠡᠵᠢᠯ ᠤᠨ ᠰᠠᠯᠠᠭ᠎ᠠ᠂ ᠮᠣᠩᠭᠤᠯ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ ᠪᠠ ᠬᠢᠲᠠᠳ ᠡᠸᠦ᠋ᠷᠦᠫᠡ | ᠡᠮᠨᠡᠯᠭᠡ ᠶᠢ ᠤᠶᠠᠯᠳᠤᠭᠤᠯᠤᠭᠰᠠᠨ ᠬᠥᠩᠭᠡᠵᠢᠭᠦᠯᠬᠦ ᠰᠠᠯᠠᠭ᠎ᠠ︾ ᠵᠡᠷᠭᠡ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠳᠠᠪᠠᠭᠤᠯᠢᠭ ᠡᠪᠡᠳᠴᠢᠨ ᠤ ᠲᠥᠷᠥᠯ ᠳᠤ ᠴᠢᠭᠯᠡᠭᠦᠯᠦᠨ᠂ ᠬᠢᠲᠠᠳ | ᠡᠮᠨᠡᠯᠭᠡ ︵ᠮᠣᠩᠭᠤᠯ ᠡᠮᠨᠡᠯᠭᠡ︶ ᠶᠢᠨ ᠣᠨᠣᠰᠢᠯᠠᠨ ᠡᠮᠨᠡᠬᠦ ᠲᠥᠰᠥᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠴᠢᠯᠡᠭᠡᠨ ᠤ ᠠᠴᠢ ᠲᠤᠰᠠ ᠶᠢ ᠳᠡᠭᠡᠭᠰᠢᠯᠡᠭᠦᠯᠵᠦ᠂ 100% ᠪᠠᠷ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠰᠢᠯᠢᠳᠡᠭ ᠬᠡᠯᠪᠡᠷᠢ ᠶᠢᠨ ᠬᠢᠲᠠᠳ | ᠮᠣᠩᠭᠤᠯ ᠡᠮᠨᠡᠯᠭᠡ ᠶᠢᠨ ᠣᠷᠳᠣᠨ ᠪᠠᠶᠢᠭᠤᠯᠵᠤ 100% ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ ᠪᠣᠯᠣᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠬᠢᠲᠠᠳ ᠮᠣᠩᠭᠤᠯ ᠡᠮ | ᠡᠮᠨᠡᠯᠭᠡ ᠳᠤ ᠲᠣᠬᠢᠷᠠᠬᠤ ᠮᠡᠷᠭᠡᠵᠢᠯ ᠪᠣᠯᠣᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ᠂ 50% ᠶᠢᠨ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠵᠢᠱᠢᠶ᠎ᠡ ᠦᠵᠡᠭᠦᠯᠬᠦ ᠬᠡᠯᠪᠡᠷᠢ ᠶᠢᠨ | ᠬᠢᠲᠠᠳ ᠮᠣᠩᠭᠤᠯ ᠡᠮᠨᠡᠯᠭᠡ ᠶᠢᠨ ᠣᠷᠳᠣᠨ ᠪᠠᠶᠢᠭᠤᠯᠵᠤ᠂ 11% ᠶᠢᠨ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ | ᠬᠢᠲᠠᠳ ᠡᠮᠨᠡᠯᠭᠡ ᠶᠢᠨ ᠠᠰᠠᠷ ᠪᠠᠶᠢᠭᠤᠯᠵᠤ᠂ ᠦᠨᠳᠦᠰᠦᠨ ᠱᠠᠲᠤᠨ ᠳᠤ ᠬᠢᠲᠠᠳ ᠡᠮᠨᠡᠯᠭᠡ ᠶᠢᠨ ᠮᠣᠩᠭᠤᠯ ᠡᠮᠨᠡᠯᠭᠡ | ᠶᠢᠨ ᠣᠨᠴᠠᠯᠢᠭᠲᠤ ᠰᠡᠷᠭᠡᠶᠢᠯᠡᠨ ᠵᠠᠰᠠᠬᠤ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠳᠤ | ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠨ᠂ ᠠᠷᠠᠳ ᠣᠯᠠᠨ ᠳᠤ ︽ᠡᠮᠴᠢᠯᠡᠭᠡᠨ ᠤ ᠲᠦᠰᠢᠭ︾ ᠪᠤᠯᠵᠦ | ᠪᠤᠢ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠦᠢᠯᠡᠳᠦᠯ | ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠠᠬᠢᠭᠤᠯᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠢᠷᠢ ᠲᠦᠪᠰᠢᠨ ᠪᠠ ᠦᠢᠯᠡᠴᠢᠯᠡᠭᠡᠨ ᠤ | ᠴᠢᠳᠠᠪᠤᠷᠢ ᠶᠢ ᠬᠠᠮᠲᠤ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ | ᠬᠠᠩᠭᠠᠵᠦ ᠪᠠᠶᠢᠨ᠎ᠠ᠃ |