ᠵᠢᠯ ᠤᠨ ᠡᠬᠢᠨ ᠠᠴᠠ ᠨᠠᠭᠠᠰᠢ᠂ ᠬᠤᠣᠯᠢᠩᠭᠤᠣᠯ ᠬᠤᠲᠠ ︽ᠲᠣᠮᠳᠠᠲᠦ ᠣᠯᠣᠰ · ᠨᠣᠭᠤᠭᠠᠨ ᠴᠠᠬᠢᠯᠭᠠᠨ | ᠬᠦᠩᠬᠡᠨᠴᠠᠭᠠᠨ ᠤ ᠬᠤᠲᠠ︾ ᠶᠢᠨ ᠪᠦᠲᠦᠭᠡᠨ ᠪᠠᠶᠢᠭᠤᠯᠣᠯᠲᠠ ᠶᠢᠨ ᠬᠠᠷᠠᠯᠲᠠ ᠶᠢ ᠲᠣᠭᠳᠠᠭᠠᠵᠣ᠂ ᠴᠢᠨᠠᠷ ᠰᠠᠶᠢᠲᠠᠢ | ᠬᠦᠭᠵᠢᠯᠲᠡ ᠶᠢᠨ ᠲᠣᠮᠲᠠ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠦ᠂ ᠰᠢᠨ᠎ᠡ ᠠᠮᠵᠢᠯᠲᠠ ᠪᠦᠳᠦᠮᠵᠢ ᠭᠠᠷᠭᠠᠪᠠ᠃ | ᠲᠣᠰ ᠡᠳᠦᠷ ᠠᠴᠠ ᠡᠬᠢᠯᠡᠨ᠂ ᠬᠤᠤᠯᠢᠩᠭᠤᠤᠯ ᠬᠤᠲᠠ ᠶᠢᠨ ᠬᠠᠮ ᠵᠠᠭᠤᠴᠢᠯᠠᠭᠤᠷ ᠤᠨ ᠲᠥᠪ ︽ᠵᠢᠵᠢᠭ | ᠬᠤᠤᠯᠢᠩᠭᠤᠤᠯ ᠤᠨ ﹇ᠰᠢᠨ᠎ᠡ﹈︾ ᠲᠡᠮᠳᠡᠭᠯᠡᠯ︾ ᠤᠨ ᠲᠤᠰᠬᠠᠶ ᠪᠤᠯᠤᠩ ᠭᠠᠷᠭᠠᠵᠤ᠂ ᠬᠤᠤᠯᠢᠩᠭᠤᠤᠯ ᠬᠤᠲᠠ ᠶᠢᠨ | ᠰᠢᠨ᠎ᠡ ᠮᠥᠷᠲᠡᠭᠡᠨ ᠤᠷᠤᠭᠰᠢᠯᠠᠨ ᠳᠠᠪᠰᠢᠬᠤ ᠠᠯᠬᠤᠭ᠎ᠠ ᠶᠢ ᠲᠡᠮᠳᠡᠭᠯᠡᠵᠦ᠂ ᠤᠳᠠᠭ᠎ᠠ ᠪᠦᠷᠢ ᠶᠢᠨ ᠰᠢᠨ᠎ᠡ ᠶᠢ ᠡᠭᠦᠳᠬᠦ | ᠤᠯᠠᠷᠢᠭᠤᠯᠤᠨ ᠬᠤᠪᠢᠷᠠᠭᠤᠯᠬᠤ ᠭᠱᠠᠨ ᠵᠠᠭᠤᠷ᠎ᠠ᠂ ᠬᠠᠮᠲᠤ ᠪᠠᠷ ᠬᠤᠤᠯᠢᠩᠭᠤᠤᠯ ᠤᠨ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠳᠤ ᠬᠠᠷᠢᠶᠠᠯᠠᠭᠳᠠᠬᠤ ᠴᠣ ᠰᠢᠨ᠎ᠡ ᠬᠠᠭᠤᠳᠠᠰᠤ ᠶᠢ ᠪᠢᠴᠢᠭᠯᠡᠪᠡ᠃ | ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠲᠣᠭᠲᠠᠪᠤᠷᠢᠲᠤ ᠴᠢᠨᠠᠷ᠂ ᠦᠢᠯᠡᠳᠬᠦᠨ ᠤ ᠶᠠᠰᠤ ᠴᠢᠨᠠᠷ ᠵᠢᠴᠢ | ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠰᠢᠯᠭᠠᠨ ᠪᠠᠲᠤᠯᠠᠬᠤ ᠶᠢᠨ | ᠲᠥᠯᠥᠭᠡ᠂ ᠥᠪᠥᠷ ᠮᠣᠩᠭᠤᠯ ᠤᠨ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠵᠢᠯ ᠳᠤ | 20 ᠲᠦᠮᠡᠨ ᠲᠣᠨ ᠳᠡᠭᠡᠳᠦ ᠲᠠᠰ ᠤᠨ ᠬᠥᠩᠭᠡᠨ ᠴᠠᠭᠠᠨ ᠤ ᠬᠠᠪᠲᠠᠰᠤᠨ ᠤ ᠨᠢᠮᠭᠡᠨ ᠴᠠᠭᠠᠰᠤ ᠦᠢᠯᠡᠳᠪᠦᠷᠢᠯᠡᠬᠦ | ᠲᠥᠷᠥᠯ ᠵᠦᠢᠯ ᠢ ᠲᠤᠷᠰᠢᠨ ᠦᠢᠯᠡᠳᠪᠦᠷᠢᠯᠡᠪᠡ᠃ ᠣᠶᠢᠯᠠᠭᠠᠭᠰᠠᠨ ᠢᠶᠠᠷ᠂ ᠴᠢᠳᠬᠤᠨ ᠬᠡᠪᠰᠢᠭᠦᠯᠬᠦ | ᠦᠢᠯᠡᠳᠪᠦᠷᠢᠯᠡᠯ ᠤᠨ ᠱᠤᠭᠤᠮ ᠨᠢ 7 ᠰᠠᠷ᠎ᠠ ᠶᠢᠨ 3 ᠤ ᠡᠳᠦᠷ ᠠᠴᠠ ᠡᠬᠢᠯᠡᠨ ᠲᠤᠷᠰᠢᠨ ᠦᠢᠯᠡᠳᠪᠦᠷᠢᠯᠡᠬᠦ | ᠠᠵᠢᠯ ᠢᠶᠠᠨ ᠡᠬᠢᠯᠡᠭᠦᠯᠵᠦ᠂ ᠬᠦᠢᠲᠡᠨ ᠬᠡᠪᠰᠢᠭᠦᠯᠬᠦ ᠦᠢᠯᠡᠳᠪᠦᠷᠢᠯᠡᠯ ᠤᠨ ᠱᠤᠭᠤᠮ ᠨᠢ 8 ᠰᠠᠷ᠎ᠠ ᠶᠢᠨ ᠡᠬᠢ ᠪᠠᠷ | ᠲᠤᠷᠰᠢᠨ ᠦᠢᠯᠡᠳᠪᠦᠷᠢᠯᠡᠬᠦ ᠳᠤ ᠣᠷᠣᠵᠤ᠂ ᠣᠳᠣᠬᠠᠨ ᠳᠤ ᠬᠤᠶᠠᠷ ᠦᠢᠯᠡᠳᠪᠦᠷᠢᠯᠡᠯ ᠤᠨ ᠱᠤᠭᠤᠮ ᠨᠢ ᠲᠣᠭᠲᠠᠭᠤᠨ | ᠪᠠᠶᠢᠨ᠎ᠠ᠃ | | | | | ᠳᠣᠰ ᠳᠦᠷᠦᠯ ᠵᠦᠢᠯ ᠪᠣᠯ ᠦᠪᠦᠷ ᠮᠣᠩᠭᠤᠯ ᠤᠨ ᠬᠤᠣᠯᠢᠩᠭᠤᠣᠯ ᠬᠤᠳᠠ ᠶᠢᠨ ᠵᠠᠰᠠᠭ ᠤᠨ ᠣᠷᠳᠣᠨ ᠤ | ᠬᠦᠴᠦᠳᠡᠢ ᠳᠡᠮᠵᠢᠵᠣ ᠪᠠᠶᠢᠭ᠎ᠠ ᠭᠤᠣᠯᠳᠠᠯᠭᠠᠳᠣ ᠳᠦᠷᠦᠯ ᠵᠦᠢᠯ ᠤᠨ ᠨᠢᠬᠡ ᠪᠣᠯᠣᠨ᠎ᠠ᠂ ᠡᠬᠢᠯᠡᠭᠰᠡᠨ ᠠᠴᠠ ᠨᠠᠭᠠᠰᠢ | ᠡᠯ᠎ᠡ ᠳᠠᠯ᠎ᠠ ᠶᠢᠨ ᠦᠷᠬᠡᠨ ᠢᠶᠠᠷ ᠠᠩᠬᠠᠷᠣᠯ ᠪᠠ ᠬᠦᠰᠡᠯ ᠡᠷᠡᠮᠡᠯᠵᠡᠯ ᠢ ᠬᠦᠷᠳᠡᠵᠣ᠂ ᠳᠦᠯᠦᠪᠯᠡᠨ ᠳᠦᠯᠦᠪᠯᠡᠬᠦ᠂ | ᠭᠠᠵᠠᠷ ᠰᠣᠩᠭᠤᠵᠣ ᠮᠠᠲ᠋ᠧᠷᠢᠶᠠᠯ ᠰᠣᠩᠭᠤᠬᠤ᠂ ᠳᠦᠬᠦᠭᠡᠷᠦᠮᠵᠢ ᠬᠤᠳᠠᠯᠳᠣᠨ ᠠᠪᠬᠤ᠂ ᠦᠢᠯᠡᠳᠪᠦᠷᠢ ᠶᠢᠨ ᠬᠡᠷ | ᠪᠠᠶᠢᠰᠢᠩ ᠪᠠᠶᠢᠭᠤᠯᠬᠤ ᠵᠡᠷᠬᠡ ᠰᠢᠷᠢᠰ ᠠᠵᠢᠯ ᠢ ᠳᠠᠮᠵᠢᠵᠣ᠂ ᠣᠳᠣᠬᠠᠨ ᠳᠤ ᠠᠵᠢᠯᠴᠢᠳ ᠶᠠᠭ ᠶᠠᠭᠠᠷᠠᠯᠳᠠᠢ | ᠠᠵᠢᠯᠯᠠᠵᠣ᠂ ᠳᠦᠷᠦᠯ ᠵᠦᠢᠯ ᠤᠨ ᠳᠣᠷᠰᠢᠨ ᠦᠢᠯᠡᠳᠪᠦᠷᠢᠯᠡᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠭᠰᠠᠨ | ᠪᠠᠶᠢᠨ᠎ᠠ᠃ | ︽ᠣᠳᠣᠬᠠᠨ ᠳᠤ ᠲᠤᠷᠰᠢᠨ ᠦᠢᠯᠡᠳᠪᠦᠷᠢᠯᠡᠭᠰᠡᠨ ᠦᠢᠯᠡᠳᠬᠦᠨ ᠨᠢ ᠭᠤᠣᠯᠳᠠᠭᠤ 1100᠂ 3003 ᠬᠡᠪ | ᠪᠠᠷᠢᠮᠵᠢᠶ᠎ᠠ ᠲᠠᠢ ᠬᠦᠢᠲᠡᠨ ᠬᠡᠪᠰᠢᠭᠦᠯᠬᠦ ᠣᠷᠢᠶᠠᠮᠠᠯ ᠮᠠᠲ᠋ᠧᠷᠢᠶᠠᠯ ᠪᠠᠶᠢᠵᠤ᠂ ᠲᠣᠬᠢᠷᠠᠭᠤᠯᠤᠨ ᠲᠤᠷᠰᠢᠬᠤ ᠳᠤ | ᠠᠰᠠᠭᠤᠳᠠᠯ ᠦᠭᠡᠢ ᠪᠣᠯ ᠳᠠᠷᠤᠶ ᠵᠢᠩᠬᠢᠨᠢ ᠦᠢᠯᠡᠳᠪᠦᠷᠢᠯᠡᠯ ᠤᠨ ᠱᠠᠲᠤᠨ ᠳᠤ ᠣᠷᠣᠵᠤ᠂ ᠡᠨᠡ ᠵᠢᠯ ᠪᠠᠷᠤᠭ ᠬᠤᠶᠠᠷ | ᠲᠦᠮᠡ ᠭᠠᠷᠤᠶ ᠲᠣᠨ ᠬᠦᠢᠲᠡᠨ ᠬᠡᠪᠰᠢᠭᠦᠯᠬᠦ ᠣᠷᠢᠶᠠᠮᠠᠯ ᠮᠠᠲ᠋ᠧᠷᠢᠶᠠᠯ ᠦᠢᠯᠡᠳᠪᠦᠷᠢᠯᠡᠵᠦ ᠴᠢᠳᠠᠨ᠎ᠠ ︾ ᠭᠡᠵᠦ ᠥᠪᠥᠷ | ᠮᠣᠩᠭᠤᠯ ᠤᠨ ᠤᠮᠠᠷᠠᠳᠤ ᠶᠢᠨ ᠬᠥᠩᠭᠡᠨ ᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠰᠠᠭ ᠵᠠᠬᠢᠷᠭᠠᠨ ᠤ | ᠲᠠᠷᠤᠭ᠎ᠠ ᠸᠠᠩ ᠢᠦᠢ ᠬᠡᠯᠡᠪᠡ᠃ | ᠥᠪᠥᠷ ᠮᠣᠩᠭᠤᠯ ᠤᠨ ᠤᠮᠠᠷᠠᠲᠤ ᠶᠢᠨ ᠬᠦᠩᠭᠡᠨᠴᠠᠭᠠᠨ ᠤ ᠦᠢᠯᠡᠰ ᠤᠨ ᠬᠢᠵᠠᠭᠠᠷᠲᠤ ᠺᠣᠮᠫᠠᠨᠢ ᠶᠢ | ᠭᠤᠸᠠᠩᠳᠦ᠋ᠩ ᠤᠨ ᠵᠣᠣ ᠴᠢᠩ ᠬᠤᠲᠠ ᠶᠢᠨ ᠳ᠋ᠢᠩ ᠹᠧᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠠᠴᠠ | ᠪᠡᠯᠡ ᠣᠷᠣᠭᠤᠯᠤᠨ ᠪᠠᠶᠢᠭᠤᠯᠵᠤ᠂ ᠬᠤᠤᠯᠢᠩᠭᠤᠤᠯ ᠬᠤᠲᠠ ᠶᠢᠨ 2022 ᠣᠨ ᠳᠤ ᠣᠷᠣᠭᠤᠯᠤᠨ ᠠᠪᠴᠢᠷᠠᠭᠰᠠᠨ | ᠭᠤᠣᠯᠳᠠᠯᠭ᠎ᠠ ᠲᠠᠢ ᠠᠵᠤ ᠠᠬᠤᠶᠢᠯᠠᠯ ᠪᠣᠯᠤᠨ᠎ᠠ᠂ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 15 | ᠳ᠋ᠦᠩᠰᠢᠭᠤᠷ ᠲᠥᠭᠦᠷᠢᠭ᠂ ᠶᠡᠷᠦᠩᠬᠡᠢ ᠲᠠᠯᠠᠪᠠᠶ ᠨᠢ 300 ᠮᠦ ᠪᠠᠶᠢᠵᠤ᠂ ᠬᠠᠯᠠᠭᠤᠨ ᠬᠡᠪᠰᠢᠭᠦᠯᠭᠡ ᠶᠢᠨ | ᠦᠢᠯᠡᠳᠪᠦᠷᠢᠯᠡᠯ ᠤᠨ ᠱᠤᠭᠤᠮ ᠢ ᠨᠢᠭᠡ ᠪᠠᠶᠢᠭᠤᠯᠬᠤ ᠪᠠᠷ ᠲᠥᠯᠥᠪᠯᠡᠵᠦ᠂ 10 ᠲᠦᠮᠡᠨ ᠲᠣᠨ ᠴᠡᠪᠡᠷ ᠡᠨᠧᠷᠭᠢ ᠶᠢᠨ | ᠳ᠋ᠢᠶᠠᠨ ᡂᠢ ᠶᠢᠨ ᠭᠠᠳᠠᠷ ᠬᠠᠯᠢᠰᠤ ᠶᠢ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ 1850 ᠬᠦᠢᠲᠡᠨ | ᠬᠡᠪᠰᠢᠭᠦᠯᠬᠦ ᠮᠠᠰᠢᠨ ᠬᠤᠶᠠᠷ᠂ 1600 ᠬᠦᠢᠲᠡᠨ ᠬᠡᠪᠰᠢᠭᠦᠯᠬᠦ ᠮᠠᠰᠢᠨ ᠬᠤᠶᠠᠳᠤᠭᠠᠷ ᠵᠢᠴᠢ ᠬᠤᠯᠪᠣᠭᠳᠠᠯ ᠪᠦᠬᠦᠢ | ᠲᠤᠰᠠᠯᠠᠬᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ | ᠲᠡᠭᠦᠯᠳᠡᠷᠵᠢᠭᠦᠯᠬᠦ ᠶᠢᠨ ᠲᠥᠯᠥᠭᠡ ᠤᠮᠠᠷᠠᠲᠤ ᠶᠢᠨ ᠬᠥᠩᠭᠡᠨ ᠴᠠᠭᠠᠨ ᠤ ᠦᠢᠯᠡᠰ ᠨᠢ ᠪᠠᠰᠠ 10 ᠲᠦᠮᠡᠨ ᠲᠣᠨ | ᠵᠠᠯᠭᠠᠨ ᠴᠢᠳᠬᠤᠵᠤ ᠬᠡᠪᠰᠢᠭᠦᠯᠬᠦ ᠲᠥᠬᠦᠭᠡᠷᠦᠮᠵᠢ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ 10 ᠲᠦᠮᠡᠨ | ᠲᠣᠨ ᠬᠥᠩᠭᠡᠨ ᠴᠠᠭᠠᠨ ᠢᠯᠳᠠᠰᠤ ᠦᠢᠯᠡᠳᠪᠦᠷᠢᠯᠡᠬᠦ ᠴᠢᠳᠠᠪᠤᠷᠢ ᠲᠠᠢ ᠪᠣᠯᠵᠤ᠂ ᠭᠤᠣᠯᠳᠠᠭᠤ ᠳ᠋ᠢᠶᠠᠨ ᡂᠢ ᠶᠢᠨ | ᠢᠯᠲᠡᠰᠦ᠂ ᠬᠤᠣᠰ ᠳᠠᠩ ᠢᠯᠲᠡᠰᠦ᠂ ᠵᠠᠰᠠᠯ ᠴᠢᠮᠡᠭᠯᠡᠯ ᠤᠨ ᠴᠠᠭᠠᠰᠤ ᠵᠡᠷᠭᠡ ᠬᠥᠩᠭᠡᠨ ᠴᠠᠭᠠᠨ ᠢᠯᠳᠡᠰᠦ ᠶᠢᠨ | ᠦᠢᠯᠡᠳᠬᠦᠨ ᠢ ᠦᠢᠯᠡᠳᠪᠦᠷᠢᠯᠡᠵᠡᠢ᠃ | ᠲᠦᠩᠯᠢᠶᠣᠤ ᠶᠢᠨ ᠭᠠᠵᠠᠷ ᠣᠷᠣᠨ ᠤ ᠭᠤᠤᠯᠯᠠᠬᠤ ᠠᠵᠤ ᠦᠢᠯᠡᠰ ᠤᠨ ᠨᠢᠭᠡ ᠪᠣᠯᠤᠭᠰᠠᠨ ᠤ ᠬᠤᠪᠢ ᠳᠤ᠂ | ᠣᠯᠠᠨ ᠵᠢᠯ ᠤᠨ ᠲᠤᠷᠰᠢ᠂ ᠬᠤᠤᠯᠢᠩᠭᠤᠤᠯ ᠬᠤᠲᠠ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠲᠤ ᠲᠦᠰᠢᠭᠯᠡᠨ | ᠂ ᠡᠨᠧᠷᠭᠢ ᠶᠢ ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠤᠷᠢᠳ ᠬᠤᠵᠢᠳ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ᠂ ᠱᠠᠨᠳᠦ᠋ᠩ ᠤᠨ ᠰᠢᠨ᠎ᠡ ᠶᠢ ᠡᠭᠦᠳᠬᠦ᠂ ᠬᠠᠩᠵᠧᠦ ᠶᠢᠨ | ᠵᠢᠶᠠᠩ ᠱᠧᠩ᠂ ᠵᠢᠶᠠᠩᠰᠦ ᠶᠢᠨ ᠳ᠋ᠢᠩ ᠱᠧᠩ ᠵᠡᠷᠭᠡ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ | ᠠᠬᠤᠶᠢᠯᠠᠯ ᠢ ᠲᠡᠳᠡᠨ ᠠᠪᠴᠢᠷᠠᠵᠤ ᠪᠠᠯᠠ ᠣᠷᠣᠭᠤᠯᠤᠨ ᠦᠢᠯᠡᠰ ᠪᠤᠰᠬᠠᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ᠂ | ᠴᠠᠬᠢᠯᠭᠠᠨ ᠢᠶᠠᠷ ᠪᠠᠲᠤᠯᠠᠭ᠎ᠠ ᠪᠣᠯᠭᠠᠭᠰᠠᠨ᠂ ᠬᠦᠩᠭᠡᠨᠴᠠᠭᠠᠨ ᠵᠢᠴᠢ ᠬᠦᠩᠭᠡᠨᠴᠠᠭᠠᠨ ᠤ ᠨᠠᠷᠢᠯᠢᠭ ᠡᠳ᠋ᠰᠢᠭᠦᠯᠬᠦ ᠪᠠᠷ | ᠭᠤᠤᠯ ᠴᠣᠭᠴᠠ ᠪᠣᠯᠭᠠᠭᠰᠠᠨ ᠬᠦᠩᠭᠡᠨᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠰᠦᠷᠦᠭᠵᠢᠯ ᠢ ᠠᠯᠬᠤᠮ ᠠᠯᠬᠤᠮ ᠢᠶᠠᠷ ᠪᠠᠶᠢᠭᠤᠯᠪᠠ᠃ ᠥᠪᠥᠷ ᠮᠣᠩᠭᠤᠯ ᠤᠨ ᠤᠮᠠᠷᠠᠲᠤ ᠶᠢᠨ ᠬᠥᠩᠭᠡᠨ ᠴᠠᠭᠠᠨ ᠤ | ᠦᠢᠯᠡᠰ ᠤᠨ ᠵᠢᠯ ᠳᠤ 20 ᠲᠦᠮᠡᠨ ᠲᠣᠨ ᠳᠡᠭᠡᠳᠦ ᠲᠠᠰ ᠤᠨ ᠬᠥᠩᠭᠡᠨ ᠴᠠᠭᠠᠨ ᠤ ᠬᠠᠪᠲᠠᠰᠤᠨ ᠪᠦᠰᠡ | ᠴᠠᠭᠠᠰᠤᠨ ᠤ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ | ᠬᠥᠩᠭᠡᠨ ᠴᠠᠭᠠᠨ ᠤ ᠬᠠᠪᠲᠠᠰᠤ ᠶᠢᠨ ᠢᠯᠳᠠᠰᠤ ᠶᠢ ᠨᠠᠷᠢᠯᠢᠭ ᠪᠣᠯᠪᠠᠰᠤᠷᠠᠭᠤᠯᠬᠤ ᠬᠡᠰᠡᠭ ᠲᠤ ᠦᠷᠭᠦᠯᠵᠢᠯᠡᠨ | ᠬᠦᠴᠦᠯᠡᠵᠦ᠂ ᠪᠥᠬᠦ ᠬᠤᠲᠠ ᠶᠢᠨ ᠬᠥᠩᠭᠡᠨ ᠴᠠᠭᠠᠨ ᠤ ᠠᠵᠤ ᠦᠢᠯᠡᠰ ᠤᠨ ᠪᠥᠭᠡᠮᠨᠡᠷᠡᠯ ᠤᠨ ᠬᠠᠨᠳᠤᠰᠢ ᠶᠢ | ᠬᠦᠴᠦᠲᠡᠶ ᠠᠬᠢᠭᠤᠯᠵᠤ᠂ ᠬᠤᠤᠯᠢᠩᠭᠤᠤᠯ ᠬᠤᠲᠠ ᠶᠢᠨ ᠬᠥᠩᠭᠡᠨ ᠴᠠᠭᠠᠨ ᠤ ᠠᠵᠤ ᠦᠢᠯᠡᠰ ᠤᠨ ᠬᠡᠯᠬᠢᠶ᠎ᠡ ᠶᠢᠨ | ᠳᠡᠭᠡᠳᠦ ᠦᠵᠦᠭᠦᠷ ᠤᠨ ᠬᠡᠯᠬᠢᠶ᠎ᠡ ᠶᠢ ᠤᠷᠲᠤᠳᠬᠠᠬᠤ᠂ ᠦᠵᠦᠭᠦᠷ ᠤᠨ ᠬᠡᠯᠬᠢᠶ᠎ᠡ ᠶᠢ ᠨᠥᠬᠦᠪᠥᠷᠢᠯᠡᠬᠦ᠂ ᠪᠦᠬᠦᠯᠢ | ᠴᠣᠭᠴᠠ ᠶᠢᠨ ᠬᠡᠯᠬᠢᠶ᠎ᠡ ᠶᠢ ᠴᠢᠩᠭᠠᠳᠬᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠬᠤ ᠪᠤᠯᠤᠨ᠎ᠠ᠃ |