ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯᠳᠤᠭᠠᠨ ᠠᠴᠠ ︽ᠬᠠᠤᠯᠢ ᠳᠤ ᠲᠣᠭᠲᠠᠭᠠᠭᠰᠠᠨ | ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ | ᠲᠣᠭᠲᠠᠭᠠᠯ︾ ᠢ ᠪᠠᠲᠤᠯᠠᠪᠠ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠰᠦᠯᠵᠢᠶ᠎ᠡ᠂ ᠤᠯᠤᠰ ᠤᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠪᠥᠬᠦ | ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ᠂ ᠡᠯᠧᠺᠳ᠋ᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ᠂ ᠭᠠᠷ ᠤᠳᠠᠰᠤᠨ ᠤ 12333 | App ᠵᠡᠷᠭᠡ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠢᠶᠠᠷ ᠳᠠᠮᠵᠢᠭᠤᠯᠤᠨ᠂ ︽ | ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠲᠤᠬᠠᠢ ᠪᠤᠳᠤᠯᠭ᠎ᠠ ᠶᠢᠨ | ᠠᠷᠭ᠎ᠠ︾ ᠶᠢᠨ ᠵᠢᠵᠢᠭ ᠫᠷᠤᠭ᠍ᠷᠠᠮ ᠳᠤ ᠤᠷᠤᠵᠤ᠂ ᠲᠣᠰ ᠬᠥᠮᠦᠨ ᠤ ᠮᠡᠳᠡᠭᠡ ᠵᠠᠩᠭᠢ ᠪᠠᠨ ᠪᠢᠴᠢᠵᠦ ᠣᠷᠣᠭᠤᠯᠪᠠᠯ | ᠳᠠᠷᠤᠶ ᠠᠰᠠᠭᠤᠨ ᠯᠠᠪᠯᠠᠵᠤ ᠪᠣᠯᠤᠨ᠎ᠠ᠃ ᠪᠠᠰᠠ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ | ᠤᠲᠠᠰᠤ ᠶᠢ ᠤᠲᠠᠰᠤᠳᠠᠵᠤ᠂ ᠨᠡᠶᠢᠭᠡᠮ ᠤᠨ ᠳᠠᠭᠠᠳᠬᠠᠯ ᠤᠨ ᠭᠠᠷᠲᠠᠨ ᠬᠦᠢᠴᠡᠳᠬᠡᠬᠦ ᠪᠠᠶᠢᠭᠤᠯᠤᠮᠵᠢ ᠶᠢᠨ | ᠦᠢᠯᠡᠴᠢᠯᠡᠭᠡᠨ ᠤ ᠴᠤᠩᠬᠤᠪᠴᠢ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠲᠣᠰ ᠬᠥᠮᠦᠨ ᠤ ᠬᠠᠤᠯᠢ ᠪᠠᠷ | ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠰᠠᠭᠤᠨ ᠯᠠᠪᠯᠠᠵᠤ ᠪᠣᠯᠤᠨ᠎ᠠ᠃ |