ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ | ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠸᠢᠶᠧᠲᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ | ᠱᠦᠵᠢ ᠯᠢᠶᠠᠩ ᠴᠢᠶᠠᠩ ᠲᠠᠢ ᠠᠭᠤᠯᠵᠠᠪᠠ᠃ | | | | | | | | ᠰᠢ ᠶᠢᠨ ᠫᠢᠩ᠂ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠬᠤ | ᠪᠣᠯ ᠳᠤᠮᠳᠠᠳᠤ ᠸᠢᠶᠧᠲᠨᠠᠮ ᠬᠤᠶᠠᠷ ᠤᠯᠤᠰ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ ᠪᠠᠰᠠ ᠴᠤ ᠳᠤᠮᠳᠠᠳᠤ | ᠸᠢᠶᠧᠲᠨᠠᠮ ᠤᠨ ᠬᠠᠷᠢᠯᠴᠠᠭ᠎ᠠ ᠶᠢ ᠬᠥᠭᠵᠢᠭᠦᠯᠬᠦ ᠬᠠᠮᠤᠭ ᠤᠨ ᠪᠠᠲᠤ ᠪᠠᠬᠢ ᠤᠯᠤᠰ ᠲᠦᠷᠦ ᠶᠢᠨ ᠰᠠᠭᠤᠷᠢ ᠮᠥᠨ᠃ | ᠳᠤᠮᠳᠠᠳᠤ ᠤᠯᠤᠰ ᠸᠢᠶᠧᠲᠨᠠᠮ ᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠲᠡᠷᠢᠭᠦᠨ ᠴᠢᠭᠯᠡᠯ ᠪᠤᠯᠭᠠᠵᠤ᠂ | ᠳᠤᠷᠠᠲᠠᠶ᠎ᠠ ᠸᠢᠶᠧᠲᠨᠠᠮ ᠤᠨ ᠬᠢᠨ ᠲᠠᠢ ᠬᠠᠮᠲᠤ ᠪᠠᠷ᠂ ᠥᠨᠳᠥᠷ ᠲᠦᠪᠰᠢᠨ ᠪᠦᠬᠦᠢ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠳᠡᠯᠡᠬᠡᠢ ᠶᠢᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ | ᠦᠢᠯᠡᠰ ᠢ ᠠᠬᠢᠭᠤᠯᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ | ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ ᠪᠠᠶᠢᠭ᠎ᠠ | ᠪᠠᠶᠢᠳᠠᠯ ᠳᠣᠣᠷ᠎ᠠ᠂ ᠳᠤᠮᠳᠠᠳᠤ ᠸᠢᠶᠧᠲᠨᠠᠮ ᠬᠤᠶᠠᠷ ᠲᠠᠯ᠎ᠠ ᠪᠠᠷ ᠢᠶᠠᠨ ᠤᠯᠤᠰ ᠲᠦᠷᠦ ᠶᠢᠨ ᠴᠢᠭᠯᠡᠯ ᠢᠶᠠᠨ ᠣᠨᠣᠪᠴᠢᠲᠠᠢ | ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢ ᠡᠵᠡᠮᠳᠡᠬᠦ ᠶᠢ | ᠪᠠᠷᠢᠮᠲᠠᠯᠠᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠵᠥᠪ ᠵᠠᠮ ᠢᠶᠠᠷ ᠲᠠᠰᠤᠷᠠᠯᠳᠠ ᠦᠭᠡᠢ ᠤᠷᠤᠭᠰᠢ ᠬᠥᠭᠵᠢᠬᠦ ᠶᠢ | ᠪᠠᠲᠤᠯᠠᠶ᠎ᠠ᠃ ᠦᠵᠡᠯ ᠰᠠᠨᠠᠭ᠎ᠠ ᠣᠶᠢᠯᠠᠭᠠᠭᠳᠠᠬᠤᠨ ᠤ ᠰᠣᠯᠢᠯᠴᠠᠭ᠎ᠠ ᠪᠠᠨ ᠴᠢᠩᠭᠠᠳᠬᠠᠵᠤ᠂ ᠤᠨᠤᠯ ᠤᠨ ᠰᠤᠳᠤᠯᠤᠨ | ᠶᠠᠷᠢᠯᠴᠠᠭ᠎ᠠ᠂ ᠺᠠᠳ᠋ᠷ ᠤᠨ ᠪᠣᠯᠪᠠᠰᠤᠷᠠᠯ ᠵᠡᠷᠭᠡ ᠲᠣᠭᠲᠠᠴᠠ ᠶᠢᠨ ᠲᠠᠪᠴᠠᠩ ᠢ ᠰᠠᠶᠢᠲᠤᠷ ᠬᠡᠷᠡᠭᠯᠡᠵᠦ᠂ ᠨᠠᠮ ᠢᠶᠠᠨ ᠵᠠᠰᠠᠵᠤ | ᠲᠦᠷᠦ ᠪᠠᠨ ᠵᠠᠰᠠᠬᠤ ᠲᠤᠷᠰᠢᠯᠭ᠎ᠠ ᠪᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠤ ᠶᠢ ᠴᠢᠩᠭᠠᠳᠬᠠᠵᠤ᠂ ᠲᠦᠷᠦ ᠪᠠᠷᠢᠬᠤ | ᠴᠢᠳᠠᠪᠤᠷᠢ ᠪᠠᠨ ᠬᠠᠮᠲᠤ ᠪᠠᠷ ᠳᠡᠭᠡᠭᠰᠢᠯᠡᠭᠦᠯᠵᠦ᠂ ᠲᠦᠷᠦ ᠪᠠᠷᠢᠬᠤ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠶ᠎ᠡ᠃ | ᠬᠠᠮᠲᠤ ᠪᠠᠷ ᠠᠰᠢᠭ ᠭᠦᠷᠳᠡᠭᠦ ᠪᠠᠶᠢᠷᠢᠰᠢᠯ ᠢ ᠪᠠᠶᠢᠭᠤᠯᠵᠤ᠂ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠵᠤ᠂ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠ ᠬᠤᠯᠪᠣᠯᠳᠤᠨ ᠨᠡᠪᠲᠡᠷᠡᠯᠴᠡᠬᠦ ᠶᠢ ᠪᠦᠭᠦ ᠲᠠᠯ᠎ᠠ ᠪᠠᠷ | ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠷᠠᠯᠲᠠ ᠶᠢ | ᠴᠢᠷᠮᠠᠶᠢᠨ ᠪᠡᠶᠡᠯᠡᠭᠦᠯᠦᠶ᠎ᠡ᠃ ᠠᠷᠠᠳ ᠤᠨ ᠬᠤᠭᠤᠷᠣᠨᠳᠣᠭᠢ ᠨᠥᠬᠦᠷᠯᠡᠯ ᠢ ᠪᠣᠶᠢᠵᠢᠭᠤᠯᠵᠤ᠂ ᠢᠷᠡᠬᠦ ᠵᠢᠯ ᠤᠨ ᠳᠤᠮᠳᠠᠳᠤ | ᠸᠢᠶᠧᠲᠨᠠᠮ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠣᠯᠣᠨ ᠳᠤᠮᠳᠠᠳᠤ ᠸᠢᠶᠧᠲᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ ᠤ ᠠᠵᠠ ᠲᠣᠭᠢᠶᠠᠯ ᠢ ᠰᠠᠶᠢᠲᠤᠷ ᠠᠰᠢᠭᠯᠠᠵᠤ᠂ ᠤᠯᠠᠮᠵᠢᠯᠠᠯᠲᠤ ᠨᠥᠬᠦᠷᠯᠡᠯ ᠤᠨ | ᠬᠥᠮᠦᠵᠢᠯ ᠪᠣᠯᠣᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭᠠᠨ ᠤ | ᠠᠯᠤᠰ ᠭᠡᠳᠤ ᠶᠢᠨ ᠬᠥᠭᠵᠢᠯᠲᠡ ᠳᠤ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠡᠨᠡ ᠵᠢᠯ ᠤᠨ 7 ᠰᠠᠷ᠎ᠠ ᠳᠤ ᠬᠤᠷᠠᠯᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠵᠠᠢ᠃ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠨᠢ ᠲᠤᠰ | ᠪᠡᠶ᠎ᠡ ᠶᠢᠨ ᠬᠥᠭᠵᠢᠯᠲᠡ ᠳᠡᠭᠡᠨ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠬᠦ ᠪᠠᠷ ᠪᠠᠷᠠᠬᠤ ᠦᠭᠡᠢ ᠪᠠᠰᠠ ᠸᠢᠶᠧᠲᠨᠠᠮ | ᠵᠢᠴᠢ ᠳᠡᠯᠡᠬᠡᠢ ᠶᠢᠨ ᠡᠯ᠎ᠡ ᠤᠯᠤᠰ ᠤᠨ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ᠂ ᠰᠢᠨ᠎ᠡ ᠠᠵᠠ ᠲᠣᠭᠢᠶᠠᠯ | ᠠᠪᠴᠢᠷᠠᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠯᠤᠭ᠎ᠠ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠵᠤ᠂ ᠭᠠᠷ ᠬᠤᠯᠪᠣᠯᠴᠠᠨ ᠥᠭᠡᠷᠡᠴᠢᠯᠡᠯᠲᠡ ᠶᠢᠨ ᠵᠠᠮ ᠳᠡᠭᠡᠷᠡᠬᠢ ᠬᠠᠮᠲᠤ ᠠᠶᠠᠯᠠᠭᠴᠢ᠂ ᠣᠳᠣᠬᠢᠴᠢᠯᠠᠯᠲᠠ ᠶᠢᠨ | ᠵᠠᠮ ᠳᠡᠭᠡᠷᠡᠬᠢ ᠰᠠᠶᠢᠨ ᠬᠠᠨᠢᠲᠠᠨ ᠪᠣᠯᠣᠯᠴᠠᠨᠠ᠃ ᠶᠡᠷᠦᠩᠬᠡᠢ ᠱᠦᠵᠢ ᠰᠦᠯᠢᠨ ᠢᠶᠠᠷ ᠲᠣᠯᠣᠭᠠᠶᠢᠯᠠᠭᠤᠯᠤᠭᠰᠠᠨ | ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠳᠤᠷᠢᠳᠤᠯᠭ᠎ᠠ ᠳᠣᠣᠷ᠎ᠠ᠂ ᠸᠢᠶᠧᠲᠨᠠᠮ ᠤᠨ ᠪᠦᠭᠦ ᠨᠠᠮ ᠪᠦᠭᠦ | ᠴᠡᠷᠢᠭ ᠪᠦᠭᠦ ᠠᠷᠠᠳ ᠲᠦᠮᠡᠨ ᠸᠢᠶᠧᠲᠨᠠᠮ ᠤᠨ ᠡᠪ ᠬᠠᠮᠲᠤ ᠨᠠᠮ ᠤᠨ ᠠᠷᠪᠠᠨ ᠭᠤᠷᠪᠠᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠨᠠᠮ ᠪᠠᠶᠢᠭᠤᠯᠤᠭᠰᠠᠨ ᠤᠯᠤᠰ ᠪᠠᠶᠢᠭᠤᠯᠤᠭᠰᠠᠨ | ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠪᠠᠨ ᠯᠠᠪᠳᠠᠭᠤᠨ ᠢᠶᠠᠷ ᠤᠷᠤᠭᠰᠢᠯᠠᠬᠤ ᠶᠢ ᠢᠲᠡᠭᠡᠵᠦ ᠪᠠᠶᠢᠨ᠎ᠠ ᠭᠡᠵᠦ | ᠢᠯᠡᠳᠬᠡᠪᠡ᠃ | | | | |
| ᠯᠢᠶᠠᠩ ᠴᠢᠶᠠᠩ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ᠂ ᠢᠯᠠᠩᠭᠤᠶ᠎ᠠ
| ᠰᠢᠨ᠎ᠡ ᠴᠠᠭ ᠦᠶ᠎ᠡ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ
| ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠣᠯᠣᠭᠰᠠᠨ ᠯᠤᠲᠤ ᠶᠡᠭᠡ
| ᠬᠥᠭᠵᠢᠯᠲᠡ ᠶᠢᠨ ᠠᠮᠵᠢᠯᠲᠠ ᠪᠦᠲᠦᠮᠵᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ ᠤᠯᠤᠰ ᠯᠠᠪᠲᠠᠢ ᠬᠤᠶᠠᠳᠤᠭᠠᠷ
| ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠳᠡᠯᠡᠬᠡᠢ ᠶᠢᠨ ᠪᠠ ᠭᠠᠵᠠᠷ
| ᠣᠷᠣᠨ ᠤ ᠡᠩᠬᠡ ᠲᠠᠶᠢᠪᠤᠩ᠂ ᠲᠣᠭᠲᠠᠭᠤᠨ ᠪᠠ ᠬᠥᠭᠵᠢᠯ ᠴᠡᠴᠡᠭᠯᠡᠯ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠶᠢ
| ᠸᠢᠶᠧᠲᠨᠠᠮ ᠤᠨ ᠬᠢᠨ ᠪᠠᠲᠤ ᠢᠲᠡᠭᠡᠵᠦ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ
| ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠦᠢᠯᠡᠰ ᠲᠤ
| ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ᠂ ᠸᠢᠶᠧᠲᠨᠠᠮ ᠵᠡᠷᠭᠡ ᠨᠡᠶᠢᠭᠡᠮ ᠵᠢᠷᠤᠮᠲᠤ ᠤᠯᠤᠰ ᠵᠢᠴᠢ ᠳᠡᠯᠡᠬᠡᠢ
| ᠨᠡᠶᠢᠭᠡᠮ ᠳᠤ ᠴᠦ ᠴᠢᠬᠤᠯᠠ ᠶᠡᠭᠡ ᠦᠨ᠎ᠡ ᠦᠷᠳᠡᠭ ᠲᠠᠢ ᠶᠤᠮ᠃ ᠸᠢᠶᠧᠲᠨᠠᠮ ᠳᠤᠮᠳᠠᠳᠤ ᠪᠣᠯ ᠠᠭᠤᠯᠠ ᠤᠰᠤ ᠪᠠᠷ ᠢᠶᠠᠨ
| ᠵᠠᠯᠭᠠᠯᠳᠤᠭᠰᠠᠨ ᠨᠡᠶᠢᠭᠡᠮ ᠵᠢᠷᠤᠮᠲᠤ ᠬᠥᠷᠰᠢ ᠤᠯᠤᠰ ᠮᠥᠨ᠂ ᠸᠢᠶᠧᠲᠨᠠᠮ ᠤᠨ ᠦᠨᠳᠦᠰᠦᠲᠡᠨ ᠤ ᠲᠤᠰᠠᠭᠠᠷ ᠲᠣᠭᠲᠠᠨᠢᠯ
| ᠴᠢᠯᠦᠭᠡᠯᠡᠯᠲᠡ ᠶᠢᠨ ᠴᠠᠭ ᠦᠶ᠎ᠡ ᠪᠣᠯᠣᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠤᠮᠳᠠ ᠳᠤᠮᠳᠠᠳᠤ
| ᠤᠯᠤᠰ ᠠᠴᠠ ᠸᠢᠶᠧᠲᠨᠠᠮ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠶᠢ ᠸᠢᠶᠧᠲᠨᠠᠮ ᠤᠨ ᠬᠢᠨ ᠲᠤᠶᠢᠯ ᠢᠶᠠᠷ ᠨᠠᠨᠳᠢᠩᠨᠠᠵᠤ
| ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠢᠮᠠᠭᠲᠠ ᠸᠢᠶᠧᠲᠨᠠᠮ ᠤᠨ ᠶᠡᠷᠦᠩᠬᠡᠢ ᠭᠠᠳᠠᠭᠠᠳᠤ
| ᠬᠠᠷᠢᠯᠴᠠᠭᠠᠨ ᠤ ᠪᠤᠰᠤᠳᠴᠢ ᠬᠡᠷᠡᠭᠴᠡᠭᠡ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠵᠦᠢᠯ
| ᠪᠣᠯᠭᠠᠭᠰᠠᠭᠠᠷ ᠢᠷᠡᠵᠠᠢ᠃ ᠣᠳᠣᠬᠠᠨ ᠳᠤ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠬᠥᠭᠵᠢᠯᠲᠡ ᠴᠢᠩᠭ᠎ᠠ
| ᠬᠦᠴᠦᠲᠡᠢ ᠪᠠᠶᠢᠨ᠎ᠠ᠂ ᠸᠢᠶᠧᠲᠨᠠᠮ ᠦᠷᠭᠦᠯᠵᠢᠯᠡᠨ ᠳᠤᠮᠳᠠᠳᠤ ᠤᠯᠤᠰ ᠲᠠᠢ ᠬᠠᠮᠲᠤ ᠪᠠᠷ ᠣᠶᠢᠷ᠎ᠠ ᠶᠢᠨ ᠵᠢᠯ ᠤᠨ ᠲᠤᠷᠰᠢᠬᠢ
| ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ ᠲᠣᠬᠢᠷᠠᠯᠴᠠᠭᠰᠠᠨ ᠴᠢᠬᠤᠯᠠ
| ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠤᠯᠠᠮ
| ᠨᠢᠭᠡ ᠠᠯᠬᠤᠮ ᠴᠢᠩᠭᠠᠳᠬᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ
| ᠪᠣᠳᠠᠲᠠᠶᠢᠵᠢᠭᠤᠯᠵᠤ᠂ ᠵᠥᠷᠢᠯᠳᠦᠭᠡᠨ ᠢ ᠨᠡᠩ ᠰᠠᠶᠢᠲᠤᠷ ᠬᠠᠮᠢᠶᠠᠷᠤᠨ ᠰᠢᠢᠳᠪᠦᠷᠢᠯᠡᠵᠦ᠂ ︽ᠨᠥᠬᠦᠷ ᠪᠥᠭᠡᠳ ᠠᠬ᠎ᠠ ᠳᠡᠭᠦᠦ︾
| ᠶᠢᠨ ᠵᠣᠷᠢᠭ ᠰᠠᠨᠠᠭ᠎ᠠ ᠶᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠸᠢᠶᠧᠲᠨᠠᠮ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ
| ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠣᠨ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ
| ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠳᠠ ᠦᠭᠡᠢ ᠰᠢᠨ᠎ᠡ ᠠᠮᠵᠢᠯᠲᠠ ᠪᠦᠲᠦᠮᠵᠢ ᠣᠯᠬᠤ ᠶᠢ
| ᠠᠬᠢᠭᠤᠯᠤᠨ᠎ᠠ ᠭᠡᠵᠦ ᠢᠯᠡᠳᠬᠡᠪᠡ᠃
| ᠼᠠᠢ ᠴᠢ᠂ ᠸᠠᠩ ᠢ ᠠᠭᠤᠯᠵᠠᠯᠲᠠ ᠳᠤ ᠣᠷᠣᠯᠴᠠᠵᠠᠢ᠃
|
|
|