ᠰᠢᠩ ᠹᠠ ᠨᠡᠶᠢᠭᠡᠮ ᠲᠣᠭᠤᠷᠢᠭ ᠪᠣᠷᠣᠬᠤᠵᠢᠷ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/22
   10 ᠰᠠᠷ᠎ᠠ ᠶᠢᠨ16 ᠤ ᠡᠳᠦᠷ ᠰᠢᠩ ᠹᠠ ᠨᠡᠶᠢᠭᠡᠮ ᠲᠣᠭᠤᠷᠢᠭ ᠪᠣᠷᠣᠬᠤᠵᠢᠷ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠵᠣᠬᠢᠶᠠᠨ ᠪᠠᠶᠢᠭᠤᠯᠤᠯᠲᠠ ᠲᠠᠢ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠠᠵᠢᠯᠲᠠᠨ ᠪᠣᠯᠤᠨ ᠠᠷᠠᠳ ᠤᠨ ᠴᠠᠭᠳᠠᠭ᠎ᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠰᠡᠵᠢᠭ ᠢ ᠬᠠᠷᠢᠭᠤᠯᠬᠤ᠂ ᠲᠥᠭᠡᠷᠢᠭᠳᠡᠯ ᠢ ᠲᠠᠶᠢᠯᠬᠤ ᠵᠡᠷᠭᠡ ᠬᠡᠯᠪᠡᠷᠢ ᠪᠠᠷ ᠰᠠᠭᠤᠭᠠᠯᠢ ᠠᠷᠠᠳ ᠲᠤ ︽ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢᠨ ᠵᠢᠷᠭᠤᠭᠠᠨ ᠶᠡᠭᠡ ᠬᠢᠯᠠᠰ ᠴᠡᠭ ᠵᠡᠷᠭᠡ ᠠᠭᠤᠯᠭ᠎ᠠ ᠶᠢ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠤᠨ ᠢᠯᠡᠴᠢᠯᠡᠨ ᠮᠡᠳᠡᠭᠦᠯᠬᠦ ᠤᠲᠠᠰᠤ᠂ ᠢᠯᠡᠴᠢᠯᠡᠨ ᠮᠡᠳᠡᠭᠦᠯᠬᠦ ᠬᠠᠶᠢᠷᠴᠠᠭ ᠵᠡᠷᠭᠡ ᠠᠷᠭ᠎ᠠ ᠵᠠᠮ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠵᠤᠷᠢᠭᠵᠢᠭᠤᠯᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号