10 ᠰᠠᠷ᠎ᠠ ᠶᠢᠨ 16 ᠤ ᠡᠳᠦᠷ᠂ ᠪᠸᠢ ᠵᠠᠨ ᠨᠡᠶᠢᠭᠡᠮ ᠲᠣᠭᠤᠷᠢᠭ ᠬᠥᠮᠦᠨ ᠠᠮᠠ ᠶᠢᠨ ᠬᠤᠪᠢᠷᠠᠯᠲᠠ ᠶᠢᠨ | ᠪᠠᠶᠢᠳᠠᠯ ᠢ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠪᠡ᠃ ᠰᠦᠯᠵᠢᠶᠡᠨ ᠤ ᠠᠵᠢᠯᠲᠠᠨ ᠢᠳᠡᠪᠬᠢᠲᠡᠶ ᠪᠠᠷ | ᠬᠡᠷ ᠲᠤᠨᠢ ᠬᠦᠷᠴᠦ ᠡᠷᠦᠬᠡ ᠳᠤ ᠬᠦᠷᠴᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠬᠠᠮᠢᠶ᠎ᠠ ᠪᠥᠬᠦᠶ | ᠡᠷᠦᠬᠡ ᠶᠢᠨ ᠮᠡᠳᠡᠭᠡ ᠵᠠᠩᠭᠢ ᠶᠢ ᠳᠡᠩᠰᠡᠯᠡᠵᠦ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠪᠠᠶᠢᠳᠠᠯ ᠨᠢ | ᠦᠨᠡᠨ ᠪᠣᠳᠠᠲᠠᠶ ᠪᠥᠭᠡᠳ ᠨᠠᠶᠢᠳᠠᠪᠤᠷᠢᠲᠠᠶ᠂ ᠪᠠᠶᠢᠴᠠᠭᠠᠯᠲᠠ ᠶᠢᠨ ᠬᠦᠰᠦᠨᠦᠭᠲᠦ ᠶᠢᠨ ᠲᠥᠷᠥᠯ ᠵᠦᠢᠯ ᠢ ᠪᠦᠷᠢᠨ | ᠭᠦᠢᠴᠡᠳ ᠲᠠᠭᠯᠠᠨ ᠮᠡᠳᠡᠭᠦᠯᠬᠦ ᠶᠢ ᠦᠨᠡᠨᠬᠦ ᠪᠠᠲᠤᠯᠠᠪᠠ᠃ ᠮᠠᠳᠠᠭ ᠲᠠᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ | ᠴᠠᠭ ᠲᠤᠬᠠᠶ ᠳᠤᠨᠢ ᠬᠢᠨᠠᠨ ᠪᠠᠶᠢᠴᠠᠭᠠᠵᠤ ᠵᠠᠯᠠᠷᠠᠭᠤᠯᠤᠨ᠂ ᠮᠥᠨ ᠰᠡᠵᠢᠭ ᠲᠠᠢ ᠪᠣᠯ ᠳᠠᠬᠢᠨᠲᠠ ᠡᠷᠦᠬᠡ ᠳᠤ ᠬᠦᠷᠴᠦ | ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠭᠰᠡᠨ ᠬᠤᠭᠤᠰᠣᠨ ᠡᠷᠦᠬᠡ ᠶᠢ ᠲᠣᠭᠲᠠᠭᠰᠠᠨ ᠴᠠᠭ ᠦᠭᠡᠶ ᠪᠠ ᠪᠦᠬᠦᠨ ᠢ | ᠬᠠᠮᠤᠷᠤᠭᠰᠠᠨ ᠰᠤᠭᠤᠴᠢᠨ ᠪᠠᠶᠢᠴᠠᠭᠠᠯᠲᠠ ᠬᠢᠬᠦ ᠬᠡᠷᠡᠭᠲᠡᠶ᠃ ᠣᠳᠣᠬᠠᠨ ᠳᠤ 360 ᠡᠷᠦᠬᠡ ᠰᠠᠭᠤᠭᠠᠯᠢ ᠠᠷᠠᠳ ᠤᠨ | ᠬᠤᠪᠢᠷᠠᠯᠲᠠ ᠶᠢᠨ ᠪᠠᠶᠢᠳᠠᠯ ᠤᠨ ᠪᠠᠶᠢᠴᠠᠭᠠᠯᠲᠠ ᠬᠢᠵᠦ ᠳᠠᠭᠤᠰᠬᠠᠪᠠ᠃ | | | | |