ᠬᠤᠤᠯᠢᠩᠭᠤᠤᠯ ᠬᠤᠲᠠ ︽ᠦᠨᠳᠦᠰᠦᠲᠡᠨ ᠨᠦᠭᠦᠳ ᠪᠦᠯᠬᠦᠮᠳᠡᠨ ᠬᠠᠮᠲᠤ ᠪᠠᠷ ᠴᠡᠴᠡᠭᠯᠡᠨ ᠬᠦᠭᠵᠢᠨ ᠤᠷᠠᠨ ᠭᠠᠷ ᠢᠶᠠᠷ ᠦᠨᠳᠦᠰᠦᠲᠡᠨ ᠤ ᠬᠠᠶᠢᠷ᠎ᠠ ᠰᠡᠳᠬᠢᠯᠭᠡ ᠶᠢ ᠬᠠᠮᠲᠤ ᠪᠠᠷ ᠴᠣᠭᠴᠠᠯᠠᠶ᠎ᠠ︾ ᠭᠡᠬᠦ ᠦᠨᠳᠦᠰᠦᠲᠡᠨ ᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/10/23
    ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ᠭᠠᠷ ᠤᠷᠠᠯᠠᠯ ᠤᠨ ᠬᠠᠳᠬᠤᠮᠠᠯ ᠤᠨ ᠤᠷ᠎ᠠ ᠮᠡᠷᠭᠡᠵᠢᠯ ᠤᠨ ᠬᠢᠷᠢ ᠲᠦᠪᠰᠢᠨ ᠪᠠ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠩ ᠣᠯᠠᠨ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠶᠢ ᠳᠠᠶᠢᠴᠢᠯᠠᠬᠤ ᠶᠢᠨ ᠲᠥᠯᠥᠭᠡ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ 10 ᠰᠠᠷ᠎ᠠ ᠶᠢᠨ 22 ᠤ ᠡᠳᠦᠷ᠂ ᠬᠤᠤᠯᠢᠩᠭᠤᠤᠯ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠲᠠ ᠶᠢᠨ ︽ᠠᠨᠠᠷ ᠤᠨ ᠤᠯᠠᠭᠠᠨ︾ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ︽ᠰᠢᠶᠠᠩ ᠶᠠᠩ︾ ᠦᠢᠯᠡᠴᠢᠯᠡᠭᠡᠨ ᠤ ᠪᠦᠯᠬᠦᠮ ᠤᠨ ᠬᠠᠮᠲᠤᠷᠠᠨ ᠡᠷᠭᠢᠯᠡᠭᠰᠡᠨ ᠦᠨᠳᠦᠰᠦᠲᠡᠨ ᠤ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠪᠡ᠃

   ᠲᠣᠰ ᠤᠳᠠᠭᠠᠨ ᠤ ᠪᠣᠯᠪᠠᠰᠤᠷᠠᠭᠤᠯᠤᠯ ᠤᠨ ᠠᠵᠢᠯᠯᠠᠭ᠎ᠠ ᠶᠢ ︽ᠠᠨᠠᠷ ᠤᠨ ᠤᠯᠠᠭᠠᠨ︾ ᠴᠥᠭᠡᠨ ᠲᠣᠭᠠᠲᠤ

ᠦᠨᠳᠦᠰᠦᠲᠡᠨ ᠤ ᠲᠥᠯᠥᠭᠡᠯᠡᠭᠴᠢ ᠬᠥᠮᠦᠰ ᠤᠨ ︽ᠨᠠᠷᠠ ᠬᠦᠷᠭᠡᠬᠦ︾ ᠦᠢᠯᠡᠴᠢᠯᠡᠬᠡᠨ ᠤ ᠪᠦᠯᠬᠦᠮ ᠤᠨ

ᠪᠦᠷᠢᠯᠳᠦᠬᠦᠨ ᠨᠡᠷ ᠦᠨᠳᠦᠰᠦᠲᠡᠨ ᠤ ᠭᠠᠷ ᠤᠷᠠᠯᠠᠯ ᠤᠨ ᠲᠤᠰᠬᠠᠶ ᠮᠡᠷᠭᠡᠵᠢᠯ ᠤᠨ ᠮᠡᠳᠡᠯᠭᠡ ᠪᠠ ᠤᠷ᠎ᠠ ᠮᠡᠷᠭᠡᠵᠢᠯ

ᠤᠷ᠎ᠠ ᠮᠡᠷᠭᠡᠰᠢᠯ ᠢ ᠲᠠᠶᠢᠯᠪᠤᠷᠢᠯᠠᠨ ᠥᠭᠴᠦ᠂ ᠭᠠᠷ ᠤᠷᠠᠯᠠᠯ ᠤᠨ ᠲᠡᠭᠦᠪᠦᠷᠢ ᠶᠢ ᠤᠯᠠᠮᠵᠢᠯᠠᠬᠤ ᠴᠢᠬᠤᠯᠠ ᠠᠷᠭ᠎ᠠ ᠶᠢ

ᠲᠡᠷᠡ ᠬᠡᠪ ᠢᠶᠠᠷ ᠨᠢ ᠨᠠᠷᠢᠨ ᠨᠢᠮᠪᠠᠶ ᠵᠢᠱᠢᠶ᠎ᠡ ᠦᠵᠡᠭᠦᠯᠬᠦ ᠪᠣᠯᠤᠨ᠎ᠠ᠃ ᠡᠯ᠎ᠡ ᠦᠨᠳᠦᠰᠦᠲᠡᠨ ᠤ ᠭᠠᠷ ᠤᠷᠠᠯᠠᠯ ᠤᠨ

ᠳᠤᠷ᠎ᠠ ᠪᠠᠭ᠋ᠠᠲᠠᠶ ᠬᠥᠮᠦᠰ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠠᠭᠰᠢ ᠨᠠᠷ ᠠᠴᠠ ᠬᠦᠴᠢᠷ ᠠᠰᠠᠭᠤᠳᠠᠯ ᠢ

ᠠᠰᠠᠭᠤᠵᠤ᠂ ᠨᠢᠭᠡ ᠲᠠᠯ᠎ᠠ ᠪᠠᠷ ᠬᠠᠷᠢᠯᠴᠠᠨ ᠰᠣᠯᠢᠯᠴᠠᠨ ᠶᠠᠷᠢᠯᠴᠠᠵᠤ᠂ ᠲᠤᠬᠠᠢ ᠶᠢᠨ ᠲᠠᠯᠠᠪᠠᠢ ᠶᠢᠨ

ᠰᠤᠷᠤᠯᠴᠠᠯᠭ᠎ᠠ ᠶᠢᠨ ᠠᠭᠤᠷ ᠠᠮᠢᠰᠬᠤᠯ ᠢ ᠬᠦᠷ ᠬᠥᠭᠵᠢᠶᠡᠨ ᠲᠠᠢ ᠪᠤᠯᠭᠠᠪᠠ᠃

   ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ

ᠡᠮᠡᠭᠲᠡᠶᠢᠴᠦᠳ ᠲᠤ ᠰᠤᠷᠤᠯᠴᠠᠬᠤ᠂ ᠰᠣᠯᠢᠯᠴᠠᠬᠤ᠂ ᠳᠡᠯᠭᠡᠨ ᠦᠵᠡᠭᠦᠯᠬᠦ ᠲᠠᠪᠴᠠᠩ ᠪᠠᠶᠢᠭᠤᠯᠤᠨ ᠥᠭᠴᠦ᠂

ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠥᠲᠥᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠭᠠᠷ

ᠤᠷᠠᠯᠠᠯ ᠤᠨ ᠬᠠᠳᠬᠤᠮᠠᠯ ᠤᠷᠠᠯᠠᠯ ᠵᠡᠷᠭᠡ ᠤᠷ᠎ᠠ ᠴᠢᠳᠠᠪᠤᠷᠢ ᠪᠠᠷ ᠳᠠᠮᠵᠢᠭᠤᠯᠤᠨ ᠠᠵᠢᠯ ᠣᠯᠵᠤ ᠦᠢᠯᠡᠰ

ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠲᠤᠬᠠᠶ ᠶᠢᠨ ᠭᠠᠵᠠᠷ ᠲᠤᠨᠢ ᠠᠳᠠᠯ ᠦᠢᠯᠡᠰ ᠴᠣᠭᠴᠠᠯᠠᠬᠤ᠂

ᠠᠮᠢᠳᠤᠯᠢᠭ ᠢᠶᠠᠷ ᠠᠵᠢᠯ ᠤᠯᠬᠤ ᠶᠢ ᠪᠡᠶᠡᠯᠡᠭᠦᠯᠵᠦ᠂ ᠦᠨᠳᠦᠰᠦᠲᠡᠨ ᠤ ᠭᠠᠷ ᠤᠷᠠᠯᠠᠯ ᠢ ᠰᠠᠶᠢᠲᠤᠷ ᠤᠯᠠᠮᠵᠢᠯᠠᠬᠤ ᠶᠢᠨ

ᠬᠠᠮᠲᠤ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号