ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠲᠦᠷᠭᠡᠨ ᠬᠥᠭᠵᠢᠬᠦ ᠶᠢ ᠳᠠᠭᠠᠯᠳᠤᠨ᠂ ᠬᠠᠮᠢᠶ᠎ᠠ ᠪᠦᠬᠦᠢ | ᠬᠡᠷᠡᠭᠯᠡᠯᠲᠡ ᠨᠢ ᠶᠠᠭ ᠪᠢᠳᠡᠨ ᠤ ᠠᠮᠢᠳᠤᠷᠠᠯ ᠤᠨ ᠡᠯ᠎ᠡ ᠲᠠᠯ᠎ᠠ ᠳᠤ ᠣᠷᠣᠵᠤ ᠪᠤᠢ᠃ ᠭᠡᠲᠡᠯ᠎ᠡ ᠡᠨᠡ ᠨᠢ ᠪᠠᠰᠠ ᠬᠤᠪᠢ | ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠳᠤ ᠰᠢᠨ᠎ᠡ ᠥᠷᠢᠰᠥᠯᠳᠦᠭᠡᠨ ᠢ ᠠᠪᠴᠢᠷᠠᠭᠰᠠᠨ ᠪᠠᠶᠢᠨ᠎ᠠ᠃ | ᠵᠢᠱᠢᠶᠡᠯᠡᠪᠡᠯ ︽AI ᠵᠢᠰᠦ ᠴᠢᠷᠠᠢ ᠰᠣᠯᠢᠬᠤ︾ ᠮᠡᠷᠭᠡᠵᠢᠯ ᠨᠢ ᠵᠥᠪᠬᠡᠨ ᠬᠠᠷᠠᠯᠳᠠᠳᠤ ᠬᠥᠮᠦᠨ ᠤ ᠨᠢᠭᠡ ᠰᠢᠷᠭᠡᠭ | ᠭᠡᠷᠡᠯ ᠵᠢᠷᠤᠭ ᠪᠠᠶᠢᠪᠠᠯ ᠳᠠᠷᠤᠶ ᠭᠡᠷᠡᠯ ᠵᠢᠷᠤᠭ ᠤᠨ ᠳᠣᠲᠣᠷᠠᠬᠢ ᠬᠥᠮᠦᠨ ᠢ ᠬᠥᠳᠡᠯᠭᠡᠬᠡᠨ ᠲᠠᠢ ᠪᠤᠯᠭᠠᠵᠤ ᠲᠠᠶᠢᠯᠤᠨ᠎ᠠ᠃ | ᠵᠠᠩ ᠪᠦᠸᠧ ᠲᠠᠨᠢᠯᠴᠠᠭᠤᠯᠤᠨ ᠬᠡᠯᠡᠬᠦ ᠳᠡᠭᠡᠨ᠂ ᠣᠲᠣ AI ᠵᠢᠰᠦ ᠴᠢᠷᠠᠢ ᠰᠣᠯᠢᠬᠤ᠂ ᠲᠠᠭᠤ ᠰᠣᠯᠢᠬᠤ ᠵᠡᠷᠭᠡ ᠨᠢ | ᠬᠡᠳᠦ᠋ᠢᠪᠡᠷ ᠵᠣᠬᠢᠬᠤ ᠮᠡᠷᠭᠡᠵᠢᠯ ᠤᠨ ᠨᠥᠬᠦᠴᠡᠯ ᠪᠠ ᠠᠵᠢᠯᠯᠠᠬᠤ ᠥᠪᠡᠷ ᠤᠨ ᠥᠷᠲᠡᠭ ᠲᠠᠢ ᠪᠣᠯᠪᠠᠴᠤ ᠬᠡᠷᠪᠡ ᠬᠠᠤᠯᠢ | ᠪᠤᠰᠤ ᠡᠲᠡᠭᠡᠳ ᠲᠤ ᠠᠰᠢᠬᠯᠠᠬᠳᠠᠬᠤ ᠪᠠᠶᠢᠳᠠᠯ ᠳᠤᠤᠷ᠎ᠠ᠂ ᠳᠠᠷᠤᠶ ᠪᠤᠰᠤᠳ ᠢ ᠬᠠᠭᠤᠷᠴᠤ ᠮᠡᠭᠡᠯᠡᠬᠦ ᠳᠤ ᠬᠡᠷᠡᠭᠯᠡᠵᠦ᠂ | ᠬᠠᠮᠢᠶ᠎ᠠ ᠪᠥᠬᠦᠶ ᠶᠠᠯᠠᠲᠤ ᠠᠵᠢᠯᠯᠠᠭ᠎ᠠ ᠬᠢᠵᠦ ᠮᠡᠳᠡᠨ᠎ᠡ᠃ | ︽ᠣᠳᠣᠬᠠᠨ ᠳᠤ AI ᠵᠢᠰᠦ ᠴᠢᠷᠠᠢ ᠰᠣᠯᠢᠬᠤ ᠮᠡᠷᠭᠡᠵᠢᠯ ᠨᠢ ᠨᠡᠯᠢᠶᠡᠳ ᠪᠣᠯᠪᠠᠰᠤᠷᠠᠩᠭᠤᠶ ᠪᠤᠯᠵᠤ᠂ ᠸᠢᠳᠢᠣ᠋ ᠪᠠᠷ | ᠤᠲᠠᠰᠤ ᠪᠠᠷ ᠶᠠᠷᠢᠯᠴᠠᠬᠤ ᠳᠤ ᠴᠠᠭ ᠲᠤᠬᠠᠶ ᠳᠤᠨᠢ ᠵᠢᠰᠦ ᠴᠢᠷᠠᠢ ᠰᠣᠯᠢᠬᠤ ᠶᠢ ᠳᠡᠮᠵᠢᠵᠦ᠂ ᠦᠨᠡᠨ ᠬᠤᠳᠠᠯ ᠢ | ᠬᠤᠳᠬᠤᠯᠳᠤᠭᠤᠯᠬᠤ ᠬᠡᠮᠵᠢᠶᠡᠨ ᠳᠤ ᠬᠦᠷᠦᠭᠰᠡᠨ ᠪᠠᠶᠢᠨ᠎ᠠ᠃ ᠵᠢᠰᠦ ᠴᠢᠷᠠᠢ ᠶᠢ ᠰᠣᠯᠢᠬᠤ ᠠᠴᠠ ᠭᠠᠳᠠᠨ᠎ᠠ᠂ ᠪᠠᠰᠠ | ᠣᠷᠴᠢᠨ ᠠᠬᠤᠶ ᠶᠢ ᠰᠣᠯᠢᠬᠤ᠂ ᠲᠠᠭᠤ ᠶᠢ ᠰᠣᠯᠢᠬᠤ ᠵᠡᠷᠭᠡ ᠲᠠᠢ ᠤᠶᠠᠯᠳᠤᠭᠤᠯᠪᠠᠯ᠂ ᠦᠨᠡᠮᠰᠢᠬᠦ ᠬᠡᠮᠵᠢᠶ᠎ᠡ ᠨᠢ ᠨᠠᠩ | ᠥᠨᠳᠥᠷ ᠪᠣᠯᠵᠣ᠂ ᠨᠠᠩ ᠴᠤ ᠢᠯᠭᠠᠵᠤ ᠳᠡᠶᠢᠯᠬᠦ ᠥᠬᠡᠶ ᠪᠣᠯᠤᠨ᠎ᠠ︾ ᠭᠡᠪᠡ᠃ ᠢᠨᠲ᠋ᠧᠷ ᠰᠦᠯᠵᠢᠶᠡᠨ ᠤ | ᠮᠡᠷᠭᠡᠵᠢᠯᠳᠡᠨ ᠬᠡᠯᠡᠬᠦ ᠳᠡᠭᠡᠨ᠂ ︽ᠨᠦᠬᠦᠭᠡ ᠡᠳᠡᠭᠡᠳ ᠢᠶᠠᠷ ᠢᠶᠠᠨ ᠲᠣᠯᠣᠭᠠᠶ ᠪᠠᠨ ᠥᠨᠳᠡᠶᠢᠬᠦ᠂ ᠲᠣᠯᠣᠭᠠᠶ ᠪᠠᠨ | ᠳᠣᠬᠢᠬᠤ᠂ ᠡᠷᠭᠢᠬᠦ ᠬᠦᠳᠡᠯᠭᠡᠭᠡᠨ ᠲᠦᠷᠭᠡᠨ ᠬᠢᠯᠭᠡᠪᠡᠯ ᠨᠢ ᠸᠢᠳᠢᠣ᠋ ᠳᠤ ᠬᠡᠪ ᠤᠨ ᠪᠤᠰᠤ ᠨᠠᠷᠢᠨ ᠵᠦᠢᠯᠡᠰ ᠪᠠᠶᠢᠬᠤ | ᠡᠰᠡᠬᠦ ᠶᠢ ᠤᠯᠠᠮ ᠨᠢᠭᠡ ᠠᠯᠬᠤᠮ ᠮᠠᠭᠠᠳᠯᠠᠵᠤ᠂ ᠡᠨᠡ ᠸᠢᠳᠢᠣ᠋ ᠶᠢᠨ ᠦᠨᠡᠨ ᠪᠣᠳᠠᠲᠠᠶ ᠡᠰᠡᠬᠦ ᠶᠢ ᠨᠤᠳᠠᠯᠠᠵᠤ ᠴᠢᠳᠠᠨ᠎ᠠ | ︾ ᠬᠡᠪᠡ᠃ ᠡᠨᠡ ᠬᠡᠳᠦᠨ ᠵᠦᠢᠯ ᠬᠡᠷᠡᠯ ᠵᠢᠷᠤᠭ ᠢ ᠶᠠᠭᠠᠬᠢᠭᠰᠠᠨ ᠴᠤ ᠳᠤᠷ᠎ᠠ ᠪᠠᠷ ᠢᠶᠠᠨ ᠰᠦᠯᠵᠢᠶᠡᠨ ᠲᠡᠭᠡᠷ᠎ᠡ | ᠲᠠᠯᠪᠢᠵᠦ ᠪᠣᠯᠬᠤ ᠦᠭᠡᠢ ᠡᠳᠦᠷ ᠲᠤᠲᠤᠮ ᠤᠨ ᠠᠮᠢᠳᠤᠷᠠᠯ ᠳᠤᠮᠳᠠ᠂ ᠴᠥᠭᠡᠨ ᠪᠤᠰᠤ ᠬᠥᠮᠦᠰ ᠨᠠᠶᠢᠵᠠ ᠶᠢᠨ | ᠲᠣᠭᠤᠷᠢᠭ᠂ ᠣᠬᠤᠷ ᠸᠢᠳᠢᠣ᠋ ᠳᠡᠭᠡᠷ᠎ᠡ ᠠᠮᠲᠠᠲᠤ ᠢᠳᠡᠭᠡᠨ᠂ ᠭᠤᠶᠣ ᠦᠵᠡᠮᠵᠢ ᠲᠠᠯᠪᠢᠵᠦ ᠬᠤᠪᠢᠶᠠᠯᠴᠠᠬᠤ ᠳᠤᠷᠠᠲᠠᠶ | ᠪᠠᠶᠢᠳᠠᠭ᠂ ᠬᠡᠷᠪᠡ ᠵᠢᠭᠠᠬᠠᠨ ᠬᠢᠴᠢᠶᠡᠬᠦ ᠥᠬᠡᠶ ᠪᠣᠯ ᠡᠲᠡᠭᠡᠷ ᠦᠢᠯᠡ ᠶᠠᠪᠤᠳᠠᠯ ᠨᠢ ᠬᠤᠪᠢ ᠬᠥᠮᠦᠨ ᠤ ᠮᠡᠳᠡᠭᠡ | ᠵᠠᠩᠭᠢ ᠪᠠᠨ ᠳᠠᠮ ᠢᠶᠠᠷ ᠵᠠᠳᠠᠷᠠᠭᠤᠯᠵᠤ ᠮᠡᠳᠡᠨ᠎ᠡ᠃ ᠬᠡᠷᠪᠡ ᠤᠨᠳᠤᠤ ᠰᠠᠨᠠᠭ᠎ᠠ ᠲᠠᠢ ᠬᠥᠮᠦᠨ ᠤᠯᠵᠤ ᠠᠪᠤᠪᠠᠯ | ᠥᠪᠡᠷ ᠤᠨ ᠴᠢᠨᠢ ᠪᠠ ᠭᠡᠷ ᠤᠨ ᠬᠥᠮᠦᠰ ᠤᠨ ᠴᠢᠨᠢ ᠡᠳ᠋ ᠬᠥᠷᠥᠩᠭᠡ ᠴᠢᠨᠠᠭᠰᠢᠯᠠᠪᠠᠯ ᠬᠤᠪᠢ ᠪᠡᠶ᠎ᠡ ᠶᠢᠨ ᠴᠢᠨᠢ ᠠᠮᠤᠷ | ᠲᠦᠪᠰᠢᠨ ᠢ ᠰᠦᠷᠳᠡᠭᠦᠯᠵᠦ ᠮᠡᠳᠡᠨ᠎ᠡ᠃ | ᠲᠡᠭᠡᠪᠡᠯ ᠶᠡᠮᠡᠷ ᠶᠠᠮᠠᠷ ᠭᠡᠷᠡᠯ ᠵᠢᠷᠤᠭ ᠢ ᠲᠠᠯᠪᠢᠬᠤ ᠶᠢ ᠵᠠᠪᠠᠯ ᠬᠢᠴᠢᠶᠡᠵᠦ᠂ ᠰᠦᠯᠵᠢᠶᠡᠨ ᠳᠡᠭᠡᠷ᠎ᠡ ᠶᠠᠭᠠᠬᠢᠬᠰᠠᠨ | ᠴᠤ ᠳᠤᠷ᠎ᠠ ᠪᠠᠷ ᠢᠶᠠᠨ ᠲᠠᠯᠪᠢᠵᠦ ᠪᠤᠯᠬᠤ ᠦᠭᠡᠢ ᠪᠤᠢ︖ | · ᠭᠠᠷ ᠲᠠᠭᠠᠨ ᠪᠡᠶ᠎ᠡ ᠶᠢᠨ ᠦᠨᠡᠮᠯᠡᠯ ᠪᠠᠷᠢᠬᠰᠠᠨ ᠪᠤᠶᠤ ᠭᠠᠷ ᠲᠠᠭᠠᠨ ᠴᠠᠭᠠᠨ ᠴᠠᠭᠠᠰᠤᠨ ᠲᠡᠭᠡᠷ᠎ᠡ ᠪᠠᠭᠤᠯᠭᠠᠬᠰᠠᠨ | ᠭᠡᠷᠡᠯ ᠵᠢᠷᠤᠭ ᠢ ᠲᠠᠯᠪᠢᠵᠦ ᠪᠤᠯᠬᠤ ᠦᠭᠡᠢ ᠡᠲᠡᠭᠡᠷ ᠬᠡᠷᠡᠯ ᠵᠢᠷᠤᠭ ᠲᠤ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ | ᠦᠨᠡᠮᠯᠡᠯ ᠤᠨ ᠨᠣᠮᠧᠷ᠂ ᠣᠷᠣᠨ ᠰᠠᠭᠤᠴᠠ ᠶᠢᠨ ᠬᠠᠶ᠋ᠢᠭ ᠵᠡᠷᠭᠡ ᠰᠡᠷᠭᠡᠭ ᠮᠡᠳᠡᠭᠡ ᠵᠠᠩᠭᠢ ᠪᠠᠶᠢᠳᠠᠭ᠂ ᠬᠡᠷᠪᠡ | ᠵᠠᠳᠠᠷᠠᠬᠤ ᠳᠤ ᠬᠦᠷᠪᠡᠯ ᠬᠠᠤᠯᠢ ᠪᠤᠰᠤ ᠡᠲᠡᠭᠡᠳ ᠡᠲᠡᠭᠡᠷ ᠮᠡᠳᠡᠭᠡ ᠵᠠᠩᠭᠢ ᠶᠢ ᠠᠰᠢᠭᠯᠠᠨ ᠪᠡᠶ᠎ᠡ ᠶᠢᠨ ᠬᠢᠷᠢ ᠬᠡᠮ ᠢ | ᠴᠢᠨᠢ ᠬᠤᠯᠠᠭᠠᠶᠢᠯᠠᠨ ᠬᠡᠷᠡᠭᠯᠡᠵᠦ᠂ ᠢᠲᠡᠭᠡᠮᠵᠢ ᠶᠢᠨ ᠺᠠᠷᠲ᠂ ᠵᠢᠭᠡᠯᠡᠯᠭᠡ ᠵᠡᠷᠭᠡ ᠮᠥᠩᠭᠦᠨ ᠬᠦᠢᠯᠭᠡᠭᠡᠨ ᠤ | ᠲᠤᠬᠠᠶᠢᠯᠠᠭᠰᠠᠨ ᠠᠵᠢᠯ ᠢ ᠬᠦᠢᠴᠡᠳᠬᠡᠵᠦ᠂ ᠴᠢᠨᠠᠭᠰᠢᠯᠠᠪᠠᠯ ᠬᠠᠤᠯᠢ ᠶᠢ ᠵᠥᠷᠢᠴᠡᠬᠦ ᠠᠵᠢᠯᠯᠠᠭ᠎ᠠ ᠬᠢᠵᠦ ᠮᠡᠳᠡᠨ᠎ᠡ᠃ | ᠡᠭᠦᠨ ᠠᠴᠠ ᠭᠠᠳᠠᠨ᠎ᠠ᠂ ᠭᠠᠷ ᠲᠠᠭᠠᠨ ᠴᠠᠭᠠᠨ ᠴᠠᠭᠠᠰᠤᠨ ᠲᠡᠭᠡᠷ᠎ᠡ ᠪᠠᠭᠤᠯᠭᠠᠬᠰᠠᠨ ᠭᠡᠷᠡᠯ ᠵᠢᠷᠤᠭ ᠪᠤᠶᠤ | ᠰᠤᠨᠢᠨ ᠳᠤ ᠨᠡᠶᠢᠳᠡᠯᠡᠭᠰᠡᠨ ᠬᠡᠷᠡᠯ ᠵᠢᠷᠤᠭ ᠵᠡᠷᠭᠡ ᠶᠢ ᠦᠷᠭᠦᠯᠵᠢ ᠪᠡᠶ᠎ᠡ ᠶᠢᠨ ᠬᠢᠷᠢ ᠬᠡᠮ ᠢ ᠰᠢᠯᠭᠠᠬᠤ ᠳᠤ ᠬᠡᠷᠡᠭᠯᠡᠳᠡᠭ᠂ | ᠬᠡᠷᠪᠡ ᠬᠠᠤᠯᠢ ᠪᠤᠰᠤ ᠡᠲᠡᠭᠡᠳ ᠣᠯᠵᠤ ᠠᠪᠤᠪᠠᠯ᠂ ᠬᠠᠭᠤᠷᠮᠠᠭ ᠦᠨᠡᠮᠯᠡᠯ ᠦᠢᠯᠡᠳᠬᠦ ᠪᠤᠶᠤ ᠰᠦᠯᠵᠢᠶᠡᠨ ᠤ ᠮᠡᠬᠡᠯᠡᠯ | ᠶᠠᠪᠤᠭᠤᠯᠬᠤ ᠳᠤ ᠬᠡᠷᠡᠭᠯᠡᠵᠦ ᠮᠡᠳᠡᠨ᠎ᠡ᠂ ᠢᠩᠭᠢᠪᠡᠯ ᠬᠤᠪᠢ ᠬᠥᠮᠦᠨ ᠳᠤ ᠴᠢᠨᠢ ᠠᠵᠤ ᠠᠬᠤᠶ ᠶᠢᠨ ᠬᠤᠬᠢᠷᠠᠯ ᠪᠠ | ᠨᠡᠷ᠎ᠡ ᠲᠥᠷᠥ ᠶᠢᠨ ᠬᠤᠬᠢᠷᠠᠯ ᠤᠴᠠᠷᠠᠭᠤᠯᠵᠤ ᠮᠡᠳᠡᠨ᠎ᠡ᠃ | · ᠡᠯ᠎ᠡ ᠵᠦᠢᠯ ᠤᠨ ᠬᠡᠷᠡᠴᠢ ᠪᠠᠷᠢᠮᠲᠠ ᠶᠢᠨ ᠲᠥᠷᠥᠯ ᠤᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ ᠮᠠᠰᠢ ᠤᠯᠠᠨ | ᠬᠥᠮᠦᠨ ᠠᠵᠢᠯ ᠢᠶᠠᠷ ᠭᠠᠳᠠᠭᠰᠢ ᠭᠠᠷᠬᠤ᠂ ᠵᠢᠭᠤᠯᠴᠢᠯᠠᠬᠤ ᠳᠠᠭᠠᠨ ᠪᠦᠷ ᠭᠠᠯᠲᠤ ᠲᠡᠷᠭᠡᠨ ᠤ ᠪᠢᠯᠧᠲ ᠪᠤᠶᠤ | ᠨᠢᠰᠬᠡᠯ ᠳᠤ ᠰᠠᠭᠤᠬᠤ ᠫᠠᠶᠢᠰᠠ ᠪᠠᠨ ᠰᠡᠭᠦᠳᠡᠷᠯᠡᠵᠦ᠂ ᠥᠪᠡᠷ ᠤᠨ ᠨᠠᠶᠢᠵᠠ ᠶᠢᠨ ᠲᠣᠭᠤᠷᠢᠭ ᠲᠠᠭᠠᠨ ᠲᠠᠯᠪᠢᠵᠦ | ᠬᠤᠪᠢᠶᠠᠯᠴᠠᠬᠤ ᠲᠤᠷᠠᠳᠠᠢ ᠪᠠᠶᠢᠳᠠᠭ᠃ ᠡᠳᠡᠭᠡᠷ ᠪᠢᠯᠧᠲ ᠭᠡᠷᠡᠴᠢ ᠳᠡᠭᠡᠷ᠎ᠡ ᠴᠢᠨᠢ ᠣᠪᠣᠭ ᠨᠡᠷ᠎ᠡ᠂ ᠬᠦᠯᠳᠡᠬᠦ ᠭᠠᠵᠠᠷ᠂ | ᠬᠦᠷᠬᠦ ᠭᠠᠵᠠᠷ ᠵᠡᠷᠭᠡ ᠮᠡᠳᠡᠭᠡ ᠵᠠᠩᠭᠢ ᠪᠠᠶᠢᠳᠠᠭ ᠢᠶᠠᠷ ᠪᠠᠷᠠᠬᠤ ᠦᠭᠡᠶ᠂ ᠪᠠᠰᠠ ᠵᠢᠷᠤᠭᠠᠰᠤᠨ ᠲᠡᠮᠳᠡᠭ ᠪᠤᠶᠤ ᠬᠤᠶᠠᠷ | ᠬᠡᠮᠵᠢᠯᠳᠦ ᠺᠤᠳ᠋ ᠲᠡᠭᠡᠷ᠎ᠡ ᠨᠢ ᠠᠶᠠᠨᠴᠢᠳ ᠬᠤᠪᠢ ᠬᠥᠮᠦᠨ ᠤ ᠮᠡᠳᠡᠭᠡ ᠵᠠᠩᠭᠢ ᠪᠠᠶᠢᠳᠠᠭ ᠠᠴᠠ ᠬᠠᠤᠯᠢ ᠪᠤᠰᠤ | ᠡᠲᠡᠭᠡᠳ ᠲᠤ ᠲᠠᠶᠢᠯᠤᠭᠳᠠᠬᠤ ᠪᠤᠶᠤ ᠪᠥᠭᠡᠳ ᠬᠤᠯᠠᠭᠠᠶᠢᠯᠠᠭᠳᠠᠬᠤ ᠪᠣᠯᠤᠯᠴᠠᠭ᠎ᠠ ᠲᠠᠢ ᠪᠠᠶᠢᠳᠠᠭ᠃ | · ᠭᠡᠷ ᠤᠨ ᠲᠦᠯᠬᠢᠭᠦᠷ᠂ ᠲᠡᠷᠭᠡᠨ ᠫᠠᠶᠢᠰᠠ ᠵᠡᠷᠭᠡ ᠶᠢᠨ ᠭᠡᠷᠡᠯ ᠵᠢᠷᠤᠭ ᠢ ᠲᠠᠯᠪᠢᠵᠦ ᠪᠤᠯᠬᠤ ᠦᠭᠡᠢ ᠬᠠᠤᠯᠢ ᠪᠤᠰᠤ | ᠡᠲᠡᠭᠡᠳ ᠲᠣᠮᠣ ᠳ᠋ᠠᠶᠢᠲ᠋ᠠ ᠵᠡᠷᠭᠡ ᠮᠡᠷᠭᠡᠵᠢᠯ ᠤᠨ ᠠᠷᠭ᠎ᠠ ᠪᠠᠷᠢᠯ ᠪᠠ ᠡᠳᠡᠭᠡᠷ ᠭᠡᠷᠡᠯ ᠵᠢᠷᠤᠭ ᠢᠶᠠᠷ ᠲᠠᠮᠵᠢᠭᠤᠯᠤᠨ | ᠨᠡᠶᠢᠳᠡᠯᠡᠭᠴᠢ ᠶᠢᠨ ᠤᠨᠴᠠᠭᠠᠢ ᠴᠠᠭ ᠬᠤᠭᠤᠴᠠᠭᠠᠨ ᠳᠠᠬᠢ ᠪᠠᠶᠢᠭ᠎ᠠ ᠣᠨᠴᠠ ᠲᠣᠭᠲᠠᠭᠰᠠᠨ ᠣᠷᠣᠨ ᠪᠠᠶᠢᠷᠢ ᠶᠢ | ᠵᠠᠳᠠᠯᠤᠨ ᠭᠠᠷᠭᠠᠬᠤ ᠪᠦᠭᠡᠳ ᠪᠠᠰᠠ ᠨᠡᠶᠢᠲᠡᠯᠡᠭᠴᠢ ᠶᠢᠨ ᠬᠤᠯᠪᠣᠭᠳᠠᠯ ᠪᠥᠬᠦᠶ ᠠᠮᠢᠳᠤᠷᠠᠯ ᠤᠨ ᠳᠠᠳᠬᠠᠯ ᠢ ᠣᠯᠵᠤ | ᠪᠣᠯᠤᠨ᠎ᠠ᠃ ᠡᠶᠢᠮᠦ ᠠᠴᠠ ᠬᠠᠮᠤᠭ ᠰᠠᠶᠢᠨ ᠠᠷᠭ᠎ᠠ ᠪᠣᠯ ᠭᠡᠷᠡᠯ ᠵᠢᠷᠤᠭ ᠤᠨ ᠲᠤᠳᠤᠷ᠎ᠠ ᠪᠠᠨ ᠵᠢᠱᠢᠶᠡᠯᠡᠪᠡᠯ ᠭᠡᠷ ᠤᠨ | ᠲᠦᠯᠬᠢᠭᠦᠷ᠂ ᠲᠡᠷᠭᠡᠨ ᠫᠠᠶᠢᠰᠠ ᠶᠢᠨ ᠨᠣᠮᠧᠷ ᠵᠡᠷᠭᠡ ᠣᠨᠴᠠᠯᠢᠭ ᠢᠶᠠᠷ ᠢᠯᠡᠷᠬᠡᠶ ᠶᠠᠭᠤᠮᠠᠰ ᠢ ᠪᠢᠲᠡᠭᠡᠶ ᠤᠷᠤᠭᠤᠯᠤᠭᠠᠷᠠᠢ | ᠃ | |