ᠰᠢᠲᠠᠮᠠᠬᠠᠢ ᠬᠡᠢ ᠶᠢᠨ ᠠᠶᠤᠯᠭᠦᠢ ᠶᠢᠨ ᠮᠡᠳᠡᠯᠭᠡ
ᠨᠡᠶᠢᠲᠡᠯᠡᠭᠰᠡᠨ ᠴᠠᠭ᠄
2024/11/12
    ᠰᠢᠲᠠᠮᠠᠬᠠᠢ ᠬᠡᠢ ᠬᠡᠷᠡᠭᠯᠡᠬᠦ ᠦᠶ᠎ᠡ ᠶᠢᠨ ᠠᠩᠬᠠᠷᠬᠤ ᠵᠦᠢᠯ ᠪᠠᠶᠢᠭᠠᠯᠢ ᠶᠢᠨ ᠰᠢᠲᠠᠮᠠᠬᠠᠢ ᠬᠡᠢ ᠨᠠᠪᠲᠠᠷᠠᠭᠰᠠᠨ ᠭᠡᠷ ᠲᠤ᠂ ᠬᠡᠷᠡᠭᠯᠡᠭᠴᠢ ᠳᠠᠬᠢᠨ ᠪᠤᠰᠤᠳ ᠲᠦᠯᠡᠰᠢ ᠬᠡᠷᠡᠭᠯᠡᠵᠦ ᠪᠣᠯᠬᠤ ᠦᠭᠡᠢ᠂ ᠵᠢᠱᠢᠶᠡᠯᠡᠪᠡᠯ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ᠂ ᠨᠡᠭᠦᠷᠡᠰᠦ ᠵᠡᠷᠭᠡ ᠪᠣᠯᠣᠨ᠎ᠠ᠃ ᠪᠠᠶᠢᠭᠠᠯᠢ ᠶᠢᠨ ᠰᠢᠲᠠᠮᠠᠬᠠᠢ ᠬᠡᠢ ᠶᠢᠨ ᠭᠤᠮ ᠬᠤᠭᠤᠯᠠᠢ ᠶᠢᠨ ᠤᠷᠲᠤ ᠶᠢ 2 ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠭᠤᠮ ᠬᠤᠭᠤᠯᠠᠢ ᠬᠡᠷᠡᠮ ᠢ ᠨᠡᠪᠲᠡᠯᠵᠦ ᠪᠣᠯᠬᠤ ᠦᠭᠡᠢ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠰᠣᠯᠢᠬᠤ ᠬᠡᠷᠡᠭᠲᠡᠢ᠂ ᠭᠤᠮ ᠬᠤᠭᠤᠯᠠᠢ ᠬᠠᠭᠤᠴᠢᠷᠠᠬᠤ᠂ ᠬᠠᠭᠠᠷᠠᠬᠤ᠂ ᠮᠤᠷᠦ᠋ᠢᠬᠤ ᠪᠤᠶᠤ ᠡᠪᠳᠡᠭᠳᠡᠪᠡᠯ ᠴᠠᠭ ᠲᠤᠬᠠᠢ ᠳᠤᠨᠢ ᠰᠣᠯᠢᠬᠤ ᠬᠡᠷᠡᠭᠲᠡᠢ᠃ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠤᠳᠠᠭ᠎ᠠ ᠪᠦᠷᠢ ᠬᠡᠷᠡᠭᠯᠡᠭᠰᠡᠨ ᠤ ᠳᠠᠷᠠᠭ᠎ᠠ ᠡᠷᠬᠡᠪᠰᠢ ᠳᠠᠷᠤᠢ ᠲᠦᠷᠭᠡᠨ ᠬᠠᠭᠠᠵᠤ᠂ ᠤᠳᠠᠭ᠎ᠠ ᠪᠦᠷᠢ ᠬᠡᠷᠡᠭᠯᠡᠬᠦ ᠠᠴᠠ ᠪᠠᠨ ᠡᠮᠦᠨ᠎ᠡ ᠠᠶᠤᠯ ᠦᠭᠡᠢ ᠪᠥᠭᠡᠳ ᠬᠡᠢ ᠭᠤᠭᠤᠵᠢᠬᠤ ᠦᠭᠡᠢ ᠪᠠᠶᠢᠬᠤ ᠶᠢ ᠨᠤᠲᠠᠯᠠᠪᠠᠯ ᠰᠠᠶ᠋ᠢ ᠬᠡᠢ ᠨᠡᠪᠲᠡᠷᠡᠭᠦᠯᠦᠨ ᠭᠠᠯ ᠨᠣᠴᠣᠭᠠᠵᠤ ᠪᠣᠯᠣᠨ᠎ᠠ᠃ ᠬᠤᠭᠤᠯᠠ ᠬᠢᠬᠦ ᠦᠶᠡᠰ᠂ ᠲᠣᠭᠤᠭᠠᠨ ᠭᠡᠷ ᠲᠤ ᠴᠠᠭ ᠢᠮᠠᠭᠲᠠ ᠬᠥᠮᠥᠨ ᠪᠠᠶᠢᠵᠤ᠂ ᠱᠥᠯᠥ ᠪᠢᠯᠬᠠᠨ ᠭᠠᠷᠴᠤ ᠵᠤᠤᠬ᠎ᠠ ᠶᠢᠨ ᠭᠠᠯ ᠢ ᠤᠨᠲᠠᠷᠠᠭᠠᠵᠤ᠂ ᠰᠢᠲᠠᠮᠠᠬᠠᠢ ᠬᠡᠢ ᠯᠡᠪᠡᠷᠡᠬᠦ ᠠᠴᠠ ᠵᠠᠶᠢᠯᠠᠰᠬᠢᠬᠦ ᠬᠡᠷᠡᠭᠲᠡᠢ᠃ ᠬᠡᠷᠪᠡ ᠬᠡᠢ ᠬᠠᠩᠭᠠᠬᠤ ᠨᠢ ᠭᠡᠨᠡᠳᠲᠡ ᠲᠠᠰᠤᠯᠳᠠᠪᠠᠯ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠤᠨ ᠨᠡᠭᠡᠭᠡᠯᠭᠡ᠂ ᠭᠡᠷ ᠳᠣᠲᠣᠷᠠᠬᠢ ᠰᠢᠲᠠᠮᠠᠬᠠᠢ ᠬᠡᠢ ᠶᠢᠨ ᠶᠡᠷᠦᠩᠬᠡᠢ ᠨᠡᠭᠡᠯᠡᠭᠡᠢ ᠶᠢ ᠬᠠᠮᠲᠤ ᠳᠤᠨᠢ ᠬᠠᠭᠠᠵᠤ᠂ ᠬᠡᠪ ᠢᠶᠠᠷ ᠬᠡᠢ ᠬᠠᠩᠭᠠᠭᠰᠠᠨ ᠤ ᠳᠠᠷᠠᠭ᠎ᠠ ᠰᠠᠶ᠋ᠢ ᠦᠷᠭᠦᠯᠵᠢᠯᠡᠨ ᠬᠡᠷᠡᠭᠯᠡᠵᠦ ᠪᠣᠯᠣᠨ᠎ᠠ᠃    ᠬᠡᠢ ᠬᠡᠷᠡᠭᠯᠡᠬᠦ ᠳᠤ ᠳᠣᠣᠷᠠᠬᠢ ︽ᠵᠢᠷᠭᠤᠭ᠎ᠠ︾ ᠨᠢ ᠣᠨᠣᠪᠴᠢ ᠦᠭᠡᠢ     1. ᠰᠢᠲᠠᠮᠠᠬᠠᠢ ᠬᠡᠢ ᠶᠢᠨ ᠪᠡᠯᠡᠳᠬᠡᠮᠵᠢ ᠪᠣᠯᠣᠨ ᠬᠡᠷᠡᠭᠰᠡᠯ ᠢ ᠳᠤᠷ᠎ᠠ ᠪᠠᠷ ᠢᠶᠠᠨ ᠵᠠᠳᠠᠯᠵᠤ᠂ ᠥᠭᠡᠷᠡᠴᠢᠯᠡᠵᠦ ᠪᠣᠯᠬᠤ ᠦᠭᠡᠢ᠃ ᠬᠡᠷᠪᠡ ᠨᠤᠷᠠᠭᠠᠬᠤ᠂ ᠥᠭᠡᠷᠡᠴᠢᠯᠡᠬᠦ ︵ᠵᠢᠱᠢᠶᠡᠯᠡᠪᠡᠯ ᠵᠠᠰᠠᠵᠤ ᠴᠢᠮᠡᠭᠯᠡᠬᠦ︶ ᠭᠡᠪᠡᠯ᠂ ᠡᠷᠬᠡᠪᠰᠢ ᠵᠣᠬᠢᠴᠠᠩᠭᠤᠢ ᠬᠢᠷᠢ ᠬᠡᠮ ᠲᠠᠢ ᠰᠢᠲᠠᠮᠠᠬᠠᠢ ᠬᠡᠢ ᠤᠭᠰᠠᠷᠠᠬᠤ᠂ ᠰᠡᠯᠪᠢᠨ ᠵᠠᠰᠠᠬᠤ ᠠᠵᠤ ᠠᠬᠤᠶᠢᠯᠠᠯ ᠠᠴᠠ ᠪᠠᠷᠢᠯᠭ᠎ᠠ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠰᠢᠲᠠᠮᠠᠬᠠᠢ ᠬᠡᠢ ᠶᠢᠨ ᠬᠡᠮᠵᠢᠯᠲᠡ ᠶᠢᠨ ᠰᠢᠯᠵᠢᠮᠡᠯ ᠲᠣᠨᠣᠭᠯᠠᠯ ᠵᠢᠴᠢ ᠬᠡᠮᠵᠢᠯᠲᠡ ᠶᠢᠨ ᠲᠣᠨᠣᠭᠯᠠᠯ ᠠᠴᠠ ᠡᠮᠦᠨᠡᠬᠢ ᠪᠡᠯᠡᠳᠬᠡᠮᠵᠢ ᠶᠢ ᠦᠨᠡᠨᠬᠦ ᠬᠡᠷᠡᠭᠰᠡᠬᠦ ᠴᠢᠬᠤᠯᠠ ᠲᠠᠢ ᠪᠣᠯ ᠡᠷᠬᠡᠪᠰᠢ ᠰᠢᠲᠠᠮᠠᠬᠠᠢ ᠬᠡᠢ ᠬᠠᠩᠭᠠᠬᠤ ᠨᠢᠭᠡᠴᠡ ᠪᠠᠷ ᠵᠥᠪᠰᠢᠶᠡᠷᠡᠭᠦᠯᠬᠦ ᠬᠡᠷᠡᠭᠲᠡᠢ᠃    2. ᠰᠢᠲᠠᠮᠠᠬᠠᠢ ᠬᠡᠢ ᠶᠢᠨ ᠬᠤᠭᠤᠯᠠᠢ᠂ ᠨᠡᠭᠡᠯᠡᠭᠡᠢ᠂ ᠤᠷᠤᠰᠬᠠᠯ ᠤᠨ ᠬᠡᠮᠵᠢᠭᠦᠷ᠂ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠵᠡᠷᠭᠡ ᠰᠢᠲᠠᠮᠠᠬᠠᠢ ᠬᠡᠢ ᠶᠢᠨ ᠪᠡᠯᠡᠳᠬᠡᠮᠵᠢ ᠶᠢ ᠨᠢᠭᠲᠠ ᠪᠢᠲᠡᠭᠦᠮᠵᠢᠯᠡᠵᠦ ᠤᠭᠰᠠᠷᠠᠵᠤ ᠪᠣᠯᠬᠤ ᠦᠭᠡᠢ᠂ ᠵᠢᠱᠢᠶᠡᠯᠡᠪᠡᠯ ᠬᠡᠷᠡᠮ ᠬᠠᠨ᠎ᠠ᠂ ᠡᠯᠭᠦᠭᠦᠷ ᠣᠷᠣᠢ᠂ ᠬᠤᠷᠭᠤ᠂ ᠵᠤᠤᠬ᠎ᠠ ᠶᠢᠨ ᠲᠠᠶᠢᠰᠠ ᠵᠡᠷᠭᠡ ᠳᠤ ᠰᠠᠪᠠᠯᠠᠬᠤ ᠬᠡᠷᠡᠭᠲᠡᠢ    3. ᠰᠢᠲᠠᠮᠠᠬᠠᠢ ᠬᠡᠢ ᠶᠢᠨ ᠬᠡᠮᠵᠢᠭᠦᠷ᠂ ᠨᠡᠭᠡᠯᠡᠭᠡᠢ ᠵᠡᠷᠭᠡ ᠪᠡᠯᠡᠳᠬᠡᠮᠵᠢ ᠤᠭᠰᠠᠷᠠᠭᠰᠠᠨ ᠭᠡᠷ ᠳᠣᠲᠣᠷ᠎ᠠ ᠡᠯᠳᠡᠪ ᠶᠠᠭᠤᠮ᠎ᠠ ᠣᠪᠣᠭᠠᠯᠠᠵᠤ ᠪᠣᠯᠬᠤ ᠦᠭᠡᠢ᠃    4. ᠰᠢᠲᠠᠮᠠᠬᠠᠢ ᠬᠡᠢ ᠶᠢᠨ ᠬᠤᠭᠤᠯᠠᠢ ᠳᠣᠲᠣᠷ᠎ᠠ ᠴᠠᠬᠢᠯᠭᠠᠨ ᠤᠲᠠᠰᠤ᠂ ᠳᠡᠭᠡᠰᠦ ᠲᠠᠲᠠᠵᠤ ᠪᠣᠯᠬᠤ ᠦᠭᠡᠢ᠂ ᠡᠰᠡᠬᠦᠯ᠎ᠡ ᠡᠯᠳᠡᠪ ᠡᠳ᠋ ᠡᠯᠭᠦᠵᠦ ᠪᠣᠯᠬᠤ ᠦᠭᠡᠢ᠃     5. ᠰᠢᠲᠠᠮᠠᠬᠠᠢ ᠬᠡᠢ ᠶᠢᠨ ᠬᠤᠭᠤᠯᠠᠢ ᠶᠢᠨ ᠣᠯᠠᠨ ᠨᠡᠶᠢᠲᠡ ᠶᠢᠨ ᠨᠡᠭᠡᠯᠡᠭᠡᠢ ᠶᠢ ᠳᠤᠷ᠎ᠠ ᠪᠠᠷ ᠢᠶᠠᠨ ᠨᠡᠭᠡᠭᠡᠬᠦ ᠪᠤᠶᠤ ᠬᠠᠭᠠᠵᠤ ᠪᠣᠯᠬᠤ ᠦᠭᠡᠢ᠃   6. ᠰᠢᠲᠠᠮᠠᠬᠠᠢ ᠬᠡᠢ ᠶᠢᠨ ᠪᠡᠯᠡᠳᠬᠡᠮᠵᠢ ᠶᠢ ᠬᠠᠤᠯᠢ ᠪᠤᠰᠤ ᠪᠠᠷ ᠬᠡᠷᠡᠭᠯᠡᠬᠦ ᠪᠠ ᠰᠢᠲᠠᠮᠠᠬᠠᠢ ᠬᠡᠢ ᠶᠢ ᠬᠤᠯᠠᠭᠠᠶᠢᠯᠠᠬᠤ᠂ ᠳᠠᠮᠵᠢᠭᠤᠯᠤᠨ ᠬᠠᠩᠭᠠᠵᠤ ᠪᠣᠯᠬᠤ ᠦᠭᠡᠢ᠃    ᠡᠳᠦᠷ ᠲᠤᠲᠤᠮ ᠤᠨ ᠪᠠᠶᠢᠴᠠᠭᠠᠯᠲᠠ ᠶᠢᠨ ᠠᠷᠭ᠎ᠠ ᠦᠷᠭᠦᠯᠵᠢ ᠬᠡᠷᠡᠭᠯᠡᠳᠡᠭ ᠠᠷᠭ᠎ᠠ ᠪᠣᠯ ᠬᠢᠯᠭᠠᠰᠤᠨ ᠱᠤᠸᠠᠰᠠ ᠪᠠᠨ ᠰᠠᠪᠤᠩ ᠲᠠᠢ ᠤᠰᠤᠨ ᠳᠤ ᠳᠦᠷᠦᠵᠦ᠂ ᠰᠢᠲᠠᠮᠠᠬᠠᠢ ᠬᠡᠢ ᠶᠢᠨ ᠨᠡᠭᠡᠭᠡᠯᠭᠡ ᠶᠢᠨ ᠠᠭᠤᠯᠵᠠᠷ ᠲᠤ ᠳᠦᠷᠭᠢᠨ᠎ᠡ᠂ ᠬᠡᠷᠪᠡ ᠬᠥᠭᠡᠰᠦ ᠭᠠᠷᠪᠠᠯ᠂ ᠳᠠᠷᠤᠢ ᠲᠣᠰ ᠬᠡᠰᠡᠭ ᠤᠨ ᠬᠡᠢ ᠯᠡᠪᠡᠷᠡᠭᠰᠡᠨ ᠢ ᠬᠠᠷᠠᠭᠤᠯᠵᠤ ᠪᠠᠶᠢᠨ᠎ᠠ᠃ ᠢᠯᠡ ᠭᠠᠯ ᠢᠶᠠᠷ ᠪᠠᠶᠢᠴᠠᠭᠠᠵᠤ ᠶᠠᠭᠠᠬᠢᠭᠰᠠᠨ ᠴᠤ ᠪᠣᠯᠬᠤ ᠦᠭᠡᠢ᠃ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠢᠲᠠᠮᠠᠬᠠᠢ ᠬᠡᠢ ᠶᠢᠨ ᠨᠢᠭᠡᠴᠡ ᠶᠢᠨ ᠲᠤᠰᠬᠠᠢ ᠠᠵᠢᠯᠲᠠᠨ ᠳᠤ ᠮᠡᠳᠡᠭᠦᠯᠬᠦ ᠬᠡᠷᠡᠭᠲᠡᠢ᠃ ᠰᠢᠲᠠᠮᠠᠬᠠᠢ ᠬᠡᠢ ᠯᠡᠪᠡᠷᠡᠵᠦ ᠪᠠᠶᠢᠬᠤ ᠶᠢ ᠴᠠᠭ ᠲᠤᠬᠠᠢ ᠳᠤᠨᠢ ᠣᠯᠵᠤ ᠮᠡᠳᠡᠬᠦ ᠶᠢᠨ ᠲᠤᠰᠠᠳᠠ᠂ ᠭᠡᠷ ᠪᠦᠯᠢ ᠳᠤ ᠬᠡᠷᠡᠭᠯᠡᠬᠦ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠮᠠᠰᠢᠨ ᠤᠭᠰᠠᠷᠠᠵᠤ᠂ ᠭᠠᠯ ᠤᠨᠲᠠᠷᠠᠭᠠᠭᠤᠷ ᠪᠡᠯᠡᠳᠬᠡᠵᠦ᠂ ᠭᠠᠯ ᠤᠨ ᠠᠶᠤᠯ ᠭᠠᠷᠬᠤ ᠠᠴᠠ ᠰᠡᠷᠭᠡᠶᠢᠯᠡᠬᠦ ᠬᠡᠷᠡᠭᠲᠡᠢ᠃   ᠭᠡᠷ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠤᠶᠤ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠵᠡᠷᠭᠡ ᠨᠢ ᠯᠡᠪᠡᠷᠡᠭᠰᠡᠨ ᠢ ᠣᠯᠵᠤ ᠮᠡᠳᠡᠪᠡᠯ᠂ ᠳᠣᠣᠷᠠᠬᠢ ᠠᠯᠬᠤᠮ ᠳᠠᠷᠠᠭ᠎ᠠ ᠪᠠᠷ ᠠᠵᠢᠯᠯᠠᠭᠠᠷᠠᠢ᠄ ᠬᠡᠢ ᠶᠢᠨ ᠢᠷᠡᠯᠲᠡ ᠶᠢᠨ ᠶᠡᠷᠦᠩᠬᠡᠢ ᠨᠡᠭᠡᠯᠡᠭᠡᠢ ᠶᠢ ᠳᠠᠷᠤᠢ ᠲᠦᠷᠭᠡᠨ ᠬᠠᠭᠠᠭᠠᠷᠠᠢ︔ ᠭᠡᠷ ᠤᠨ ᠭᠠᠳᠠᠨᠠᠬᠢ ᠶᠡᠷᠦᠩᠬᠡᠢ ᠴᠠᠬᠢᠯᠭᠠᠨ ᠡᠭᠦᠰᠬᠡᠭᠴᠢ ᠶᠢ ᠲᠠᠰᠤᠯᠬᠤ︔ ᠠᠯᠢᠪᠠ ᠭᠠᠯ ᠢ ᠤᠨᠲᠠᠷᠠᠭᠠᠬᠤ︔ ᠡᠭᠦᠳᠡ ᠴᠣᠩᠬᠤ ᠶᠢ ᠲᠦᠷᠭᠡᠨ ᠨᠡᠭᠡᠭᠡᠬᠦ︔ ᠶᠠᠮᠠᠷᠪᠠ ᠴᠠᠬᠢᠯᠭᠠᠨ ᠬᠡᠷᠡᠭᠰᠡᠯ ᠨᠡᠭᠡᠭᠡᠬᠦ᠂ ᠬᠠᠭᠠᠬᠤ ᠪᠤᠶᠤ ᠭᠠᠷ ᠤᠲᠠᠰᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠰᠢᠲᠠᠮᠠᠬᠠᠢ ᠬᠡᠢ ᠶᠢᠨ ᠺᠣᠮᠫᠠᠨᠢ ᠳᠤ ᠬᠦᠷᠴᠦ ᠵᠠᠪᠳᠤᠨ ᠵᠠᠰᠠᠬᠤ᠂ ᠠᠶᠤᠯ ᠠᠴᠠ ᠠᠪᠤᠷᠠᠬᠤ ᠳ᠋ᠢᠶᠠᠩᠬᠤᠸᠠ ᠶᠢ ᠤᠲᠠᠰᠤᠳᠠᠬᠤ ᠬᠡᠷᠡᠭᠲᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号