ᠪᠠᠶ ᠬᠤᠸᠠ ᠬᠤᠪᠢᠰᠬᠠᠯ ᠤᠨ ᠦᠵᠡᠰᠬᠦᠯᠡᠩ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠰᠬᠠᠶ ᠰᠡᠳᠦᠪ ᠢᠶᠠᠷ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/19
   11 ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ ᠪᠦᠯᠬᠦᠮ ᠳᠠᠭᠠᠭᠤᠯᠤᠨ ᠬᠤᠪᠢᠰᠬᠠᠯ ᠤᠨ ᠡᠬᠢ ᠪᠠᠶᠠᠯᠢᠭ ᠤᠨ ᠳᠡᠯᠭᠡᠨ ᠦᠵᠡᠭᠦᠯᠬᠦ ᠲᠠᠯᠠᠪᠤᠷ ᠲᠤ ᠭᠦᠨᠵᠡᠭᠡᠶᠢᠷᠡᠵᠦ᠂ ᠲᠣᠰ ᠭᠠᠵᠠᠷ ᠣᠷᠣᠨ ᠤ ᠪᠠᠨ ᠬᠤᠪᠢᠰᠬᠠᠯ ᠤᠨ ᠰᠣᠶᠣᠯ ᠢ ᠬᠡᠷᠬᠢᠨ ᠭᠦᠨᠵᠡᠭᠡᠶ ᠠᠭᠤᠳᠠᠯᠬᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠯᠠᠮᠵᠢᠯᠠᠬᠤ ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠮᠢᠨ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠳᠤ ᠣᠷᠣᠯᠴᠠᠪᠠ᠃

   ᠶᠠᠷᠢᠯᠴᠠᠬᠤ ᠬᠤᠷᠠᠯ ᠳᠡᠭᠡᠷ᠎ᠡ᠂ ᠪᠠᠢ ᠬᠤᠸᠠ ᠬᠤᠪᠢᠰᠬᠠᠯ ᠤᠨ ᠡᠬᠢ ᠪᠠᠶᠠᠯᠢᠭ ᠤᠨ ᠳᠡᠯᠭᠡᠨ ᠦᠵᠡᠭᠦᠯᠬᠦ

ᠲᠠᠯᠠᠪᠤᠷ ᠤᠨ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠤᠷᠠᠯ ᠳᠤ ᠣᠷᠣᠯᠴᠠᠭᠰᠠᠳ

ᠬᠤᠪᠢᠰᠬᠠᠯ ᠤᠨ ᠦᠵᠡᠰᠬᠦᠯᠡᠩ ᠤᠨ ᠣᠷᠳᠣᠨ ᠤ ᠪᠡᠯᠡᠳᠬᠡᠯ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ ᠶᠢᠨ

ᠰᠡᠳᠬᠢᠴᠡ ᠵᠢᠴᠢ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠢ

ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃

   ᠪᠠᠶ ᠬᠤᠸᠠ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂

ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂

ᠬᠤᠪᠢᠰᠬᠠᠯ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠪᠠ ᠤᠯᠠᠮᠵᠢᠯᠠᠨ ᠪᠠᠳᠠᠷᠠᠭᠤᠯᠬᠤ ᠠᠵᠢᠯ ᠢ ᠯᠠᠪᠳᠠᠭᠤᠨ

ᠪᠠᠲᠤᠲᠠᠶ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ︔ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠶᠢ

ᠴᠢᠬᠤᠯᠠᠴᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠠᠰᠢᠭᠯᠠᠬᠤ ᠳᠡᠭᠡᠷ᠎ᠡ ᠬᠦᠴᠦ ᠣᠷᠣᠭᠤᠯᠵᠤ᠂ ᠰᠣᠶᠣᠯ ᠤᠨ

ᠦᠨ᠎ᠡ ᠦᠷᠳᠡᠭ ᠲᠠᠢ ᠪᠠ ᠣᠷᠣᠨ ᠵᠠᠶ ᠪᠠᠶᠢᠭᠤᠯᠬᠤ ᠬᠤᠪᠢᠰᠬᠠᠯ ᠤᠨ ᠴᠡᠭ ᠢ ᠨᠡᠭᠡᠭᠡᠨ ᠬᠥᠭᠵᠢᠭᠦᠯᠵᠦ᠂

ᠬᠤᠪᠢᠰᠬᠠᠯ ᠤᠨ ᠡᠬᠢ ᠪᠠᠶᠠᠯᠢᠭ ᠤᠨ ᠦᠵᠡᠰᠬᠦᠯᠡᠩ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠢᠶᠠᠷ

ᠠᠬᠢᠭᠤᠯᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠬᠤ ᠶᠢ ᠴᠢᠩᠭᠠᠳᠬᠠᠵᠤ᠂ ᠬᠤᠪᠢᠰᠬᠠᠯ ᠤᠨ

ᠰᠣᠶᠣᠯ ᠵᠤᠭᠠᠴᠠᠯ ᠤᠨ ᠠᠵᠤ ᠦᠢᠯᠡᠰ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ

ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠪᠠᠷ ᠳᠠᠮᠵᠢᠭᠤᠯᠤᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠨ

ᠬᠤᠪᠢᠰᠬᠠᠯ ᠤᠨ ᠦᠵᠡᠰᠬᠦᠯᠡᠩ ᠤᠨ ᠣᠷᠳᠣᠨ ᠤ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢ

ᠨᠢᠭᠲᠠᠷᠠᠭᠤᠯᠵᠤ᠂ ᠮᠠᠨ ᠤ ᠬᠤᠳᠠ ᠶᠢᠨ ᠬᠤᠪᠢᠰᠬᠠᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ

ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ ᠭᠡᠵᠡᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号