11 ᠰᠠᠷ᠎ᠠ ᠶᠢᠨ 15 ᠤ ᠡᠳᠦᠷ᠂ ᠢ ᠪᠢᠨ ᠨᠡᠶᠢᠭᠡᠮ ᠲᠣᠭᠤᠷᠢᠭ ︽ᠬᠡᠪᠯᠡᠯ ᠤᠨ ᠡᠷᠬᠡ ᠶᠢᠨ ᠤᠬᠠᠮᠰᠠᠷ ᠢ | ᠴᠢᠩᠭᠠᠳᠬᠠᠵᠤ ᠬᠡᠪᠯᠡᠯ ᠤᠨ ᠡᠷᠬᠡ ᠶᠢᠨ ᠮᠡᠳᠡᠯᠭᠡ ᠶᠢ ᠲᠦᠭᠡᠮᠡᠯᠵᠢᠭᠦᠯᠬᠦ︾ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ | ᠠᠵᠢᠯᠲᠠᠳ ᠰᠠᠭᠤᠭᠠᠯᠢ ᠠᠷᠠᠳ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠡᠪᠯᠡᠯ ᠤᠨ ᠡᠷᠬᠡ ᠶᠢᠨ | ᠬᠠᠮᠠᠭᠠᠯᠠᠯᠲᠠ ᠶᠢᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠣᠯᠠᠨ ᠤ ᠡᠷᠬᠢᠨ ᠲᠣᠭᠤᠷᠢᠨ ᠤ ᠬᠥᠮᠦᠰ ᠠᠴᠠ | ᠬᠠᠤᠯᠢ ᠪᠤᠰᠤ ᠬᠡᠪᠯᠡᠭᠳᠡᠬᠦᠨ ᠤ ᠬᠤᠤᠷ ᠬᠥᠨᠥᠭᠡᠯ ᠢ ᠤᠬᠠᠭᠤᠯᠤᠨ ᠲᠦᠭᠡᠮᠡᠯᠵᠢᠭᠦᠯᠬᠦ ᠶᠢ ᠰᠠᠨᠠᠭᠠᠴᠢᠯᠠᠵᠤ᠂ ᠵᠢᠩᠬᠢᠨᠢ | ᠬᠡᠪᠯᠡᠯ ᠤᠨ ᠨᠣᠮ ᠪᠢᠴᠢᠭ ᠪᠠ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠬᠤᠳᠠᠯᠳᠤᠨ ᠠᠪᠴᠤ | ᠬᠡᠷᠡᠭᠯᠡᠬᠦ ᠶᠢ ᠰᠠᠨᠠᠭᠠᠴᠢᠯᠠᠪᠠ᠃ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠲᠦᠮᠡᠨ ᠤ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠬᠠᠶ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠦᠨᠡᠨ ᠬᠦ ᠬᠠᠮᠠᠭᠠᠯᠠᠪᠠ᠃ | | | |