11 ᠰᠠᠷ᠎ᠠ ᠶᠢᠨ 16 ᠤ ᠡᠳᠦᠷ᠂ ᠬᠤᠩ ᠱᠢ ᠨᠡᠶᠢᠭᠡᠮ ᠲᠣᠭᠤᠷᠢᠭ ᠬᠠᠷᠢᠶ᠎ᠠ ᠣᠷᠣᠨ ᠤ ᠪᠠᠨ ᠵᠠᠯᠠᠭᠤᠴᠤᠳ | ᠪᠠᠭᠠᠴᠤᠳ ᠢ ᠵᠣᠬᠢᠶᠠᠨ ᠪᠠᠶᠢᠭᠤᠯᠵᠤ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠬᠤᠪᠢᠰᠬᠠᠯ ᠤᠨ | ᠤᠳᠤᠮᠰᠢᠯ ᠢ ᠡᠭᠦᠷᠢᠳᠡ ᠦᠯᠦ ᠮᠠᠷᠲᠠᠬᠤ︾ ᠤᠷᠠᠨ ᠤᠩᠰᠢᠯᠭ᠎ᠠ ᠶᠢᠨ ᠬᠤᠷᠠᠯ ᠢ ᠥᠷᠨᠢᠭᠦᠯᠪᠡ᠃ ᠠᠵᠢᠯᠯᠠᠭ᠎ᠠ | ᠡᠬᠢᠯᠡᠵᠦ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠷᠡᠭᠳᠡᠭᠰᠡᠨ | ᠪᠠᠭᠠᠲᠤᠷᠴᠤᠳ ᠤᠨ ᠦᠯᠢᠭᠡᠷ ᠢ ᠶᠠᠷᠢᠪᠠ᠃ ᠳᠠᠷᠠᠭ᠎ᠠ ᠨᠢ᠂ ᠵᠠᠯᠠᠭᠤᠴᠤᠳ ᠪᠠᠭᠠᠴᠤᠳ ᠬᠠᠮᠲᠤ ᠶᠢᠨ ᠤᠩᠰᠢᠯᠭ᠎ᠠ᠂ | ᠬᠤᠪᠢ ᠬᠥᠮᠦᠨ ᠤ ᠤᠩᠰᠢᠯᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠦᠷᠡᠭᠳᠡᠭᠰᠡᠨ ᠪᠠᠭᠠᠲᠤᠷᠴᠤᠳ ᠢ | ᠬᠦᠨᠳᠦᠳᠬᠡᠨ ᠪᠢᠰᠢᠷᠡᠬᠦ ᠪᠠ ᠮᠥᠷᠥᠭᠡᠳᠦᠨ ᠰᠠᠨᠠᠭᠠᠯᠵᠠᠵᠤ ᠪᠠᠶᠢᠬᠤ ᠪᠠᠨ ᠢᠯᠡᠳᠬᠡᠪᠡ᠃ ᠲᠣᠰ ᠤᠳᠠᠭᠠᠨ ᠤ | ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠵᠠᠯᠠᠭᠤᠴᠤᠳ ᠪᠠᠭᠠᠴᠤᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠲᠡᠳᠡᠨ ᠤ ᠤᠯᠤᠰ ᠢᠶᠠᠨ ᠬᠠᠶᠢᠷᠠᠯᠠᠬᠤ ᠬᠠᠯᠠᠭᠤᠨ | ᠰᠡᠳᠬᠢᠯᠭᠡ ᠶᠢ ᠬᠥᠭᠵᠢᠭᠡᠵᠦ᠂ ᠪᠠᠭᠠᠴᠤᠳ ᠬᠡᠦᠬᠡᠳ ᠢ ᠴᠠᠭ ᠦᠶ᠎ᠡ ᠶᠢᠨ ᠰᠢᠨ᠎ᠡ ᠬᠥᠮᠦᠨ ᠪᠣᠯᠬᠤ ᠪᠠᠷ ᠴᠢᠷᠮᠠᠶᠢᠬᠤ ᠶᠢ | ᠵᠣᠷᠢᠭᠵᠢᠭᠤᠯᠪᠠ᠃ |