ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/20
    11 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠨᠠᠢᠮᠠᠳᠤᠭᠠᠷ ᠬᠤᠷᠠᠯ ᠬᠤᠷᠠᠯᠳᠤᠭᠤᠯᠵᠤ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠪᠦᠷᠢᠯᠳᠦᠬᠦᠨ ᠵᠢᠴᠢ ᠡᠯ᠎ᠡ ᠥᠭᠡᠷᠡᠴᠢᠯᠡᠯᠲᠡ ᠶᠢᠨ ᠬᠦᠷᠢᠶᠡᠨ ᠳᠠᠬᠢ ᠡᠭᠦᠷᠭᠡ ᠬᠠᠷᠢᠭᠤᠴᠠᠯᠭᠠᠲᠤ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

   ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ

ᠥᠭᠡᠷᠡᠴᠢᠯᠡᠯᠲᠡ ᠶᠢᠨ ᠠᠵᠢᠯ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ

ᠬᠤᠲᠠ ᠶᠢᠨ ︽ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠲᠤᠬᠠᠶ ᠪᠠᠶᠢᠳᠠᠯ ᠤᠨ ᠵᠠᠳᠠᠯᠤᠯᠲᠠ ᠶᠢᠨ

ᠮᠡᠳᠡᠭᠦᠯᠦᠯᠲᠡ︾ ᠶᠢ ᠵᠠᠷᠯᠠᠨ ᠮᠡᠳᠡᠭᠳᠡᠵᠦ᠂ ︽ᠬᠤᠤᠯᠢᠩᠭᠤᠤᠯ ᠬᠤᠲᠠ ᠶᠢᠨ 2024 ᠣᠨ ᠤ ᠥᠭᠡᠷᠡᠴᠢᠯᠡᠯᠲᠡ ᠶᠢ

ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠠᠬᠢᠭᠤᠯᠬᠤ ᠡᠭᠦᠷᠭᠡ ᠶᠢᠨ ᠨᠠᠷᠢᠨ ᠲᠠᠩᠰᠠ︾ ᠶᠢ

ᠬᠢᠨᠠᠨ ᠵᠥᠪᠯᠡᠵᠦ ᠪᠠᠲᠤᠯᠠᠪᠠ᠃

   ᠭᠤᠤ ᠵᠢᠢ ᠶᠧ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠢ

ᠨᠡᠩ ᠲᠤᠪᠤᠶᠢᠮ᠎ᠠ ᠴᠢᠬᠤᠯᠠ ᠪᠠᠶᠢᠷᠢᠨ ᠳᠤ ᠲᠠᠯᠪᠢᠵᠤ᠂ ᠵᠢᠯ ᠤᠨ ᠡᠴᠦᠰ ᠤᠨ ᠡᠯ᠎ᠡ ᠬᠦᠷᠢᠶᠡᠨ ᠤ ᠭᠤᠣᠯᠳᠠᠯᠭ᠎ᠠ ᠲᠠᠢ

ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳᠴᠢᠯᠠᠯ ᠬᠠᠤᠯᠢ ᠲᠦᠷᠢᠮ᠂ ᠠᠷᠠᠳ ᠤᠨ ᠠᠮᠢᠳᠤᠷᠠᠯ᠂ ᠠᠮᠢ

ᠠᠬᠤᠢ ᠶᠢᠨ ᠪᠣᠯᠪᠠᠰᠤᠨ᠂ ᠰᠣᠶᠣᠯ᠂ ᠨᠠᠮ ᠤᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠥᠭᠡᠷᠡᠴᠢᠯᠡᠯᠲᠡ ᠶᠢ

ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠬᠤᠳᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ

ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠦᠷ᠎ᠡ

ᠪᠦᠲᠦᠭᠡᠯ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠢᠯ ᠲᠦᠷᠦᠯ ᠤᠨ ᠬᠢᠯᠠᠰ ᠴᠡᠭ᠂

ᠰᠢᠨ᠎ᠡ ᠶᠢ ᠡᠭᠦᠳᠬᠦ ᠠᠷᠭ᠎ᠠ ᠬᠢᠳᠡᠯ ᠢ ᠭᠤᠣᠯᠳᠠᠯᠭ᠎ᠠ ᠲᠠᠢ ᠠᠩᠬᠠᠷᠴᠤ᠂ ᠥᠭᠡᠷᠡᠴᠢᠯᠡᠯᠲᠡ ᠶᠢᠨ ᠲᠤᠷᠰᠢᠯᠭ᠎ᠠ ᠠᠷᠭ᠎ᠠ

ᠬᠢᠳᠡᠯ ᠢ ᠠᠭᠤᠳᠠᠯᠬᠤ ᠡᠷᠴᠢᠮ ᠢᠶᠠᠨ ᠴᠢᠩᠭᠠᠷᠠᠭᠤᠯᠵᠤ᠂ ᠳ᠋ᠦᠩᠨᠡᠨ ᠪᠣᠯᠪᠠᠰᠤᠷᠠᠭᠤᠯᠬᠤ ᠶᠢ ᠴᠢᠩᠭᠠᠳᠬᠠᠵᠤ᠂ ᠰᠢᠨ᠎ᠡ

ᠴᠠᠭ ᠦᠶ᠎ᠡ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠳᠤ ᠨᠡᠩ ᠤᠯᠠᠨ

ᠠᠮᠢᠳᠤᠯᠢᠭ ︽ᠬᠤᠤᠯᠢᠩᠭᠤᠤᠯ ᠤᠨ ᠲᠤᠷᠰᠢᠯᠭ᠎ᠠ︾ ᠶᠢ ᠡᠷᠭᠦᠬᠦ ᠬᠡᠷᠡᠭᠲᠡᠢ᠃ ᠪᠦᠬᠦ ᠲᠠᠯ᠎ᠠ ᠶᠢᠨ ᠴᠢᠨᠠᠷᠲᠠᠢ

ᠲᠥᠯᠥᠪᠵᠢᠭᠦᠯᠵᠦ᠂ ᠪᠦᠬᠦᠯᠢ ᠴᠣᠭᠴᠠ ᠶᠢᠨ ᠴᠢᠨᠠᠷᠲᠠᠢ ᠠᠬᠢᠭᠤᠯᠬᠤ ᠶᠢ ᠴᠢᠩᠭᠠᠳᠬᠠᠵᠤ᠂ ᠴᠠᠭ ᠤᠨ ᠬᠢᠵᠠᠭᠠᠷ ᠤᠨ

ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ︽ᠡᠴᠦᠰ ᠤᠨ

ᠳᠠᠶᠢᠯᠠᠯᠳᠤᠭᠠᠨ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠤᠮᠳᠠ ᠣᠷᠳᠣ ᠬᠤᠭᠤᠴᠠᠭᠠᠨ ᠤ

ᠥᠭᠡᠷᠡᠴᠢᠯᠡᠯᠲᠡ ᠶᠢᠨ ᠡᠭᠦᠷᠭᠡ ᠶᠢ ᠡᠬᠢᠯᠡᠭᠦᠯᠦᠨ ᠬᠡᠷᠡᠭᠵᠢᠭᠦᠯᠬᠦ ᠨᠢᠭᠡᠳᠦᠯᠲᠡᠶ ᠲᠥᠯᠥᠪᠵᠢᠭᠦᠯᠭᠡ ᠶᠢ ᠰᠠᠶᠢᠲᠤᠷ ᠬᠢᠵᠦ᠂

ᠲᠣᠳᠣᠷᠬᠠᠶ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠵᠤ᠂ ᠳᠡᠭᠡᠳᠦ ᠳᠣᠤᠷᠠᠳᠤ ᠱᠠᠲᠤᠨ ᠤ

ᠨᠡᠶᠢᠯᠡᠮᠡᠯ ᠬᠦᠴᠦᠨ ᠢ ᠭᠦᠢᠴᠡᠳ ᠨᠢᠭᠲᠠᠷᠠᠭᠤᠯᠤᠨ᠂ ᠨᠠᠷᠢᠨ ᠲᠠᠩᠰᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ

ᠵᠦᠢᠯ ᠤᠨ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠶ᠃ ᠦᠷ᠎ᠡ ᠪᠦᠲᠦᠮᠵᠢ ᠶᠢ ᠬᠠᠷᠢᠯᠴᠠᠨ

ᠳᠡᠭᠡᠭᠰᠢᠯᠡᠭᠦᠯᠵᠦ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠱᠠᠯᠠᠪᠳᠠᠭᠤᠯᠤᠨ

ᠪᠠᠶᠢᠴᠠᠭᠠᠵᠤ ᠤᠷᠮᠠᠰᠢᠭᠤᠯᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ

ᠵᠠᠯᠠᠷᠠᠭᠤᠯᠬᠤ᠂ ᠬᠢᠨᠠᠨ ᠰᠢᠯᠭᠠᠵᠤ ᠦᠨᠡᠯᠡᠬᠦ ᠵᠡᠷᠭᠡ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂

ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠠᠨ ᠴᠢᠯᠥᠭᠡᠯᠡᠵᠦ᠂

ᠠᠵᠠ ᠲᠣᠬᠢᠶᠠᠯ ᠢ ᠠᠮᠵᠢᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠬᠠᠲᠠᠭᠤᠵᠢᠯᠲᠠᠢ ᠠᠵᠢᠯᠯᠠᠵᠤ ᠪᠣᠳᠠᠲᠠᠢ

ᠠᠵᠢᠯᠯᠠᠵᠤ᠂ ᠥᠭᠡᠷᠡᠴᠢᠯᠡᠯᠲᠡ ᠪᠠᠷ ᠴᠢᠳᠠᠪᠤᠷᠢ ᠣᠯᠭᠤᠬᠤ ᠪᠠᠷ ︽ᠳᠤᠮᠳᠠᠳᠤ ᠤᠯᠤᠰ · ᠪᠣᠬᠢᠷᠲᠤᠯ ᠦᠭᠡᠢ

ᠴᠠᠬᠢᠯᠭᠠᠨ ᠬᠦᠩᠭᠡᠨᠴᠠᠭᠠᠨ ᠤ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ

ᠬᠡᠷᠡᠭᠲᠡᠢ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号