ᠵᠢᠢ ᠬᠠᠢ ᠶᠠᠩ ᠪᠦᠯᠬᠦᠮ ᠳᠠᠭᠠᠭᠤᠯᠤᠨ ᠬᠠᠶᠢᠨᠠᠨ ᠤ ᠯᠠᠶ ᠸᠧᠶ ᠡᠳ᠋ ᠬᠥᠷᠥᠩᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠵᠤ ᠵᠥᠪᠳᠡᠯᠴᠡᠪᠡ
ᠨᠡᠶᠢᠲᠡᠯᠡᠭᠰᠡᠨ ᠴᠠᠭ᠄
2024/11/20
    11 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠦᠯᠬᠦᠮ ᠳᠠᠭᠠᠭᠤᠯᠤᠨ ᠬᠠᠶᠢᠨᠠᠨ ᠤ ᠯᠠᠶ ᠸᠧᠢ ᠡᠳ᠋ ᠬᠥᠷᠥᠩᠭᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠬᠤᠤᠯᠢᠩᠭᠤᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠱᠠᠨ ᠯᠢᠶᠠᠨ ᠾᠧᠩ ᠵᠢᠴᠢ ᠬᠤᠲᠠ ᠶᠢᠨ ᠡᠨᠧᠷᠭᠢ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃

   ᠵᠢᠢ ᠬᠠᠢ ᠶᠠᠩ ᠨᠠᠷ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠢ ᠲᠤᠬᠠᠢ ᠶᠢᠨ ᠭᠠᠵᠠᠷ ᠲᠤᠨᠢ

ᠲᠣᠭᠤᠷᠢᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ

᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ

ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠨᠠᠨᠤᠮᠧᠳ᠋ᠷ ᠤᠨ ᠬᠤᠭᠤᠯᠠᠢ ᠵᠢᠴᠢ ᠨᠡᠭᠦᠷᠡᠰᠦᠲᠥ᠋ᠷᠥᠭᠴᠢ ᠶᠢ

ᠴᠤᠭᠯᠠᠭᠤᠯᠬᠤ ᠲᠦᠷᠦᠯ ᠵᠦᠢᠯ ᠤᠨ ᠬᠠᠮᠲᠤᠷᠠᠯᠴᠠᠭᠠᠨ ᠤ ᠶᠠᠪᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃

   ᠵᠢᠢ ᠬᠠᠢ ᠶᠠᠩ ᠢᠯᠡᠷᠬᠡᠶᠢᠯᠡᠬᠦ ᠳᠡᠭᠡᠨ᠂ ᠣᠳᠣᠬᠠᠨ ᠳᠤ ᠬᠤᠤᠯᠢᠩᠭᠤᠤᠯ ᠬᠤᠲᠠ ᠶᠠᠭ ᠪᠥᠬᠦ ᠬᠦᠴᠦᠨ ᠢᠶᠠᠷ ᠢᠶᠠᠨ

︽ᠳᠤᠮᠳᠠᠳᠤ ᠤᠯᠤᠰ · ᠪᠣᠬᠢᠷᠲᠤᠯ ᠥᠬᠡᠶ ᠴᠠᠬᠢᠯᠭᠠᠨ ᠬᠦᠩᠭᠡᠨᠴᠠᠭᠠᠨ ᠤ ᠬᠤᠲᠠ︾ ᠶᠢ ᠪᠠᠶᠢᠭᠤᠯᠵᠤ ᠪᠠᠶᠢᠨ᠎ᠠ᠂

ᠠᠵᠤ ᠦᠢᠯᠡᠰ ᠤᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠤᠨ ᠲᠠᠰ

ᠳᠡᠪᠰᠢᠭᠦᠯᠬᠦ ᠶᠢ ᠳᠥᠯᠭᠢᠨ ᠠᠬᠢᠭᠤᠯᠵᠤ ᠪᠠᠶᠢᠨ᠎ᠠ᠂ ᠨᠡᠭᠦᠷᠡᠰᠦᠲᠥ᠋ᠷᠥᠭᠴᠢ ᠶᠢᠨ ᠦᠶ᠋ᠯᠡᠰ ᠤᠨ ᠪᠣᠬᠢᠷᠲᠤᠯ ᠥᠬᠡᠶ

ᠨᠡᠭᠦᠷᠡᠰᠦᠲᠥ᠋ᠷᠥᠭᠴᠢ ᠶᠢᠨ ᠪᠥᠲᠥᠭᠡᠨ ᠪᠠᠶᠢᠭᠤᠯᠤᠯᠲᠠ ᠵᠢᠴᠢ ᠨᠡᠭᠦᠷᠡᠰᠦᠲᠥ᠋ᠷᠥᠭᠴᠢ ᠶᠢ ᠴᠤᠭᠯᠠᠭᠤᠯᠬᠤ ᠲᠥᠷᠥᠯ

ᠵᠦᠢᠯ ᠨᠢ ᠬᠤᠤᠯᠢᠩᠭᠤᠤᠯ ᠬᠤᠲᠠ ᠶᠢᠨ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠬᠦ᠂ ᠠᠵᠤ ᠠᠬᠤᠶ ᠶᠢᠨ

ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ

ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠪᠥᠲᠥᠭᠡᠨ

ᠪᠠᠶᠢᠭᠤᠯᠬᠤ ᠶᠢ ᠬᠦᠰᠡᠵᠦ ᠪᠠᠶᠢᠨ᠎ᠠ᠂ ᠬᠤᠤᠯᠢᠩᠭᠤᠤᠯ ᠬᠤᠲᠠ ᠲᠥᠷᠥᠯ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ

ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠴᠠᠭ

ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠡᠯ᠎ᠡ ᠵᠦᠢᠯ ᠤᠨ ᠲᠤᠬᠠᠶᠢᠯᠠᠭᠰᠠᠨ

ᠠᠵᠢᠯ ᠤᠨ ᠤᠷᠤᠭᠰᠢᠲᠠᠶ ᠶᠠᠪᠤᠭᠳᠠᠬᠤ ᠳᠤ ᠬᠦᠴᠦᠨ ᠨᠡᠮᠡᠷᠢᠯᠡᠨ᠎ᠡ ᠭᠡᠵᠡᠶ᠃

   ᠯᠠᠢ ᠸᠧᠢ ᠡᠳ᠋ ᠪᠣᠳᠠᠰ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠸᠧᠢ᠂ ᠬᠤᠤᠯᠢᠩᠭᠤᠤᠯ

ᠬᠤᠳᠠ ᠶᠢᠨ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠪᠠᠲᠤ᠂

ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ

ᠪᠠᠶᠢᠨ᠎ᠠ᠂ ᠤᠢᠢᠷ᠎ᠠ ᠶᠢᠨ ᠬᠤᠭᠤᠴᠠᠭᠠᠨ ᠳᠤ ᠬᠤᠷᠠᠯ ᠬᠤᠷᠠᠯᠳᠤᠭᠤᠯᠵᠤ᠂ ᠠᠵᠢᠯ ᠡᠬᠢᠯᠡᠭᠦᠯᠬᠦ ᠴᠠᠭ᠂ ᠪᠦᠳᠦᠭᠡᠨ

ᠪᠠᠶᠢᠭᠤᠯᠤᠯᠲᠠ ᠶᠢᠨ ᠲᠥᠯᠥᠪᠯᠡᠭᠡ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠲᠦᠷᠦᠯ ᠵᠦᠢᠯ ᠢ ᠡᠷᠲᠡ ᠡᠬᠢᠯᠡᠭᠦᠯᠵᠦ᠂

ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ

ᠠᠬᠢᠭᠤᠯᠵᠤ᠂ ᠬᠤᠤᠯᠢᠩᠭᠤᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ

ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号