ᠵᠢᠢ ᠬᠠᠢ ᠶᠠᠩ ᠪᠦᠯᠬᠦᠮ ᠳᠠᠭᠠᠭᠤᠯᠤᠨ ᠾᠧᠨᠠᠨ ᠤ ᠮᠢᠩ ᠲᠠᠢ ᠬᠦᠩᠭᠡᠨᠴᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/11/22
    11 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠦᠯᠬᠦᠮ ᠳᠠᠭᠠᠭᠤᠯᠤᠨ ᠾᠧᠨᠠᠨ ᠤ ᠮᠢᠩ ᠲᠠᠢ ᠬᠦᠩᠭᠡᠨᠴᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠤ ᠬᠠᠶ ᠮᠢᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠨᠧᠷᠭᠢ ᠶᠢᠨ ᠲᠣᠪᠴᠢᠶ᠎ᠠ ᠵᠢᠴᠢ ᠡᠯ᠎ᠡ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃

   ᠵᠢᠢ ᠬᠠᠢ ᠶᠠᠩ ᠨᠠᠷ ᠮᠢᠩ ᠲᠠᠢ ᠬᠦᠩᠭᠡᠨᠴᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ

ᠠᠬᠤᠶᠢᠯᠠᠯ ᠤᠨ ᠡᠵᠡᠩᠨᠡᠯᠲᠡ ᠬᠥᠭᠵᠢᠯᠲᠡ᠂ ᠦᠢᠯᠡᠳᠪᠦᠷᠢᠯᠡᠯ ᠤᠨ ᠤᠷᠠᠯᠠᠯ᠂ ᠦᠢᠯᠡᠳᠬᠦᠨ ᠤ ᠪᠣᠷᠣᠯᠠᠭᠤᠯᠭ᠎ᠠ ᠵᠡᠷᠭᠡ

ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃

   ᠶᠠᠷᠢᠯᠴᠠᠬᠤ ᠬᠤᠷᠠᠯ ᠳᠡᠭᠡᠷ᠎ᠡ᠂ ᠵᠢᠢ ᠬᠠᠢ ᠶᠠᠩ ᠬᠤᠤᠯᠢᠩᠭᠤᠤᠯ ᠤᠨ ᠠᠵᠤ ᠠᠬᠤᠢ ᠨᠡᠶᠢᠭᠡᠮ ᠤᠨ

ᠬᠥᠭᠵᠢᠯᠲᠡ ᠶᠢᠨ ᠣᠳᠣᠬᠢ ᠪᠠᠶᠢᠳᠠᠯ᠂ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠵᠢᠴᠢ ᠪᠣᠬᠢᠷᠳᠤᠯ ᠦᠭᠡᠢ

ᠴᠠᠬᠢᠯᠭᠠᠨ ᠤ ᠳᠠᠪᠠᠭᠤᠯᠢᠭ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠮᠢᠩ ᠲᠠᠢ

ᠬᠦᠩᠭᠡᠨᠴᠠᠭᠠᠨ ᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠰᠢᠨᠵᠢᠯᠡᠬᠦ ᠤᠬᠠᠭᠠᠨ ᠤ

ᠰᠤᠳᠤᠯᠭᠠᠨ᠂ ᠡᠳ᠋ᠰᠢᠭᠦᠯᠬᠦ᠂ ᠦᠶ᠋ᠯᠡᠳᠬᠦ ᠶᠢ ᠨᠢᠭᠡ ᠴᠣᠭᠴᠠᠵᠢᠭᠤᠯᠤᠭᠰᠠᠨ ᠲᠣᠮᠣ ᠬᠡᠯᠪᠡᠷᠢ ᠶᠢᠨ ᠣᠳᠣᠬᠢᠴᠢᠯᠠᠭᠰᠠᠨ

ᠬᠦᠩᠭᠡᠨᠴᠠᠭᠠᠨ ᠡᠳ᠋ᠰᠢᠭᠦᠯᠬᠦ ᠠᠵᠤ ᠠᠬᠤᠶᠢᠯᠠᠯ ᠪᠣᠯᠤᠨ᠎ᠠ᠂ ᠬᠦᠩᠭᠡᠨᠴᠠᠭᠠᠨ ᠤ ᠡᠬᠢ ᠪᠠᠶᠠᠯᠢᠭ ᠤᠨ ᠡᠷᠬᠢᠯᠳᠡᠳᠦ ᠲᠠᠰ ᠢ

ᠥᠨᠳᠥᠷ ᠥᠷᠲᠡᠭ ᠲᠠᠢ ᠠᠰᠢᠭᠯᠠᠬᠤ ᠪᠠ ᠬᠦᠩᠭᠡᠨᠴᠠᠭᠠᠨ ᠤ ᠦᠨᠡᠰᠦᠨ ᠰᠢᠭᠠᠷᠤ ᠶᠢ ᠬᠤᠤᠷ ᠥᠬᠡᠶ ᠪᠠᠶᠢᠯᠭᠠᠬᠤ

ᠥᠨᠳᠥᠷ ᠥᠷᠲᠡᠭ ᠲᠠᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠤᠯᠤᠰ ᠤᠨ ᠳᠣᠲᠣᠭᠠᠳᠤ ᠶᠢᠨ ᠠᠳᠠᠯᠢ ᠠᠵᠢᠯ

ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠣᠷᠣᠰᠢᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠨᠠᠷᠠᠲᠤ

ᠲᠡᠮᠳᠡᠭᠲᠦ ᠶᠢᠨ ᠨᠥᠯᠥᠭᠡᠯᠡᠬᠦ ᠬᠦᠴᠦᠨ ᠤᠯᠤᠰ ᠤᠨ ᠳᠣᠲᠣᠭᠠᠳᠤ ᠶᠢᠨ ᠬᠥᠩᠭᠡᠨ ᠴᠠᠭᠠᠨ ᠡᠳ᠋ᠰᠢᠭᠦᠯᠬᠦ ᠨᠢᠭᠡᠳᠦᠭᠡᠷ

ᠡᠩᠨᠡᠭᠡᠨ ᠳᠤ ᠣᠷᠣᠵᠤ᠂ ᠪᠣᠳᠠᠲᠤ ᠬᠦᠴᠦᠨ ᠴᠢᠩᠭ᠎ᠠ᠂ ᠳᠠᠪᠠᠭᠤᠯᠢᠭ ᠢᠯᠡᠷᠬᠡᠶ ᠪᠠᠶᠢᠵᠤ᠂ ᠺᠣᠮᠫᠠᠨᠢ ᠶᠢᠨ ᠭᠤᠤᠯ

ᠡᠵᠡᠩᠨᠡᠯᠲᠡ ᠶᠢᠨ ᠲᠤᠬᠠᠶᠢᠯᠠᠭᠰᠠᠨ ᠠᠵᠢᠯ ᠨᠢ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠲᠠᠢ ᠮᠠᠰᠢ

ᠣᠯᠠᠨ ᠵᠣᠬᠢᠴᠠᠯᠳᠤᠬᠤ ᠴᠡᠭ ᠲᠠᠢ ᠪᠠᠶᠢᠵᠤ᠂ ᠬᠠᠷᠢᠯᠴᠠᠨ ᠣᠯᠣᠯᠴᠠᠭ᠎ᠠ ᠰᠣᠯᠢᠯᠴᠠᠭ᠎ᠠ ᠪᠠᠨ ᠤᠯᠠᠮ ᠨᠢᠭᠡ ᠠᠯᠬᠤᠮ

ᠴᠢᠩᠭᠠᠳᠬᠠᠵᠤ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠲᠦᠷᠭᠡᠪᠴᠢᠯᠡᠨ ᠪᠣᠶ ᠪᠣᠯᠭᠠᠵᠤ

᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ

ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃

   ᠾᠧᠨᠠᠨ ᠤ ᠮᠢᠩ ᠲᠠᠢ ᠬᠥᠩᠭᠡᠨ ᠴᠠᠭᠠᠨ ᠤ ᠦᠢᠯᠡᠰ ᠤᠨ ᠶᠡᠷᠦᠩᠬᠡᠶ ᠳᠠᠭᠠᠭᠠᠮᠠᠯ ᠯᠢᠦ ᠵᠢᠶᠧ ᠵᠢᠢ ᠬᠠᠢ ᠶᠠᠩ

ᠨᠡᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠠᠵᠤ

ᠠᠬᠤᠶᠢᠯᠠᠯ ᠤᠨ ᠬᠥᠭᠵᠢᠯᠲᠡ ᠶᠢᠨ ᠶᠠᠪᠤᠴᠠ ᠵᠢᠴᠢ ᠢᠷᠡᠭᠡᠳᠦᠶ ᠶᠢᠨ ᠬᠥᠭᠵᠢᠯᠲᠡ ᠶᠢᠨ ᠴᠢᠭᠯᠡᠯ ᠢᠶᠠᠨ

ᠲᠠᠨᠢᠯᠴᠠᠭᠤᠯᠤᠭᠰᠠᠨ ᠪᠥᠭᠡᠳ ᠨᠣᠭᠤᠭᠠᠨ ᠴᠠᠬᠢᠯᠭᠠᠨ ᠤ ᠳᠠᠪᠠᠭᠤᠯᠢᠭ ᠢᠯᠡᠷᠬᠡᠶ ᠪᠠᠶᠢᠨ᠎ᠠ᠂ ᠲᠠᠷᠠᠭᠠᠴᠢ ᠶᠢᠨ

ᠠᠯᠬᠤᠮ ᠳᠤ ᠬᠤᠤᠯᠢᠩᠭᠤᠤᠯ ᠬᠤᠲᠠ ᠯᠤᠭ᠎ᠠ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠲᠣᠰ

ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠭᠦᠨᠵᠡᠭᠡᠶ ᠬᠠᠮᠲᠤᠷᠠᠯᠴᠠᠭ᠎ᠠ ᠬᠢᠵᠦ᠂ ᠣᠷᠣᠨ ᠨᠤᠲᠤᠭ ᠤᠨ ᠠᠵᠤ

ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

 

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号