ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 112 ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/22
   11 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ 112 ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃

   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠸᠠᠩᠳᠦ᠋ᠩ ᠤᠨ ᠵᠦᠬᠠᠢ ᠬᠤᠳᠠ ᠶᠢᠨ ᠲᠡᠷᠭᠡ

ᠵᠢᠯᠣᠭᠤᠳᠴᠤ ᠮᠥᠷᠭᠦᠯᠳᠦᠭᠰᠡᠨ ᠬᠡᠷᠡᠭ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ᠂ ᠶᠡᠷᠦᠩᠬᠡᠢ ᠱᠦᠵᠢ ᠰᠢ ᠶᠢᠨ

ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ

ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠤᠨ ᠲᠠᠶᠢᠯᠤᠮᠵᠢ ᠶᠢᠨ ᠵᠣᠬᠢᠶᠠᠯ᠂ ᠥᠪᠡᠷᠲᠡᠭᠡᠨ

ᠵᠠᠰᠠᠬᠤ ᠣᠷᠣᠨ ᠪᠣᠯᠤᠨ ᠲᠦᠩᠯᠢᠶᠣᠤ ᠬᠤᠳᠠ ᠶᠢᠨ ᠲᠣᠭᠤᠷᠢᠨ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ

ᠠᠩᠬᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ ᠶᠢᠨ ᠲᠣᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠂ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ

ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ

ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠠᠬᠢᠭᠤᠯᠤᠭᠰᠠᠨ ᠪᠠᠶᠢᠳᠠᠯ᠂ ᠪᠦᠬᠦ ᠬᠤᠳᠠ ᠶᠢᠨ ᠠᠭᠠᠷ

ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠠᠬᠢᠴᠠ ᠶᠢᠨ ᠪᠠᠶᠢᠳᠠᠯ ᠢ ᠰᠣᠨᠣᠰᠴᠠᠢ᠃

   ᠬᠤᠷᠠᠯ ᠠᠴᠠ᠂ ᠭᠤᠣᠯᠳᠠᠯᠭ᠎ᠠ ᠲᠠᠢ ᠬᠦᠷᠢᠶ᠎ᠡ ᠪᠣᠯᠤᠨ ᠬᠥᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ

ᠬᠦᠷᠢᠶᠡᠨ ᠤ ᠠᠶᠤᠯ ᠲᠦᠭᠰᠢᠭᠦᠷᠢ ᠶᠢᠨ ᠵᠥᠷᠢᠴᠡᠯ ᠤᠨ ᠭᠡᠮ ᠰᠣᠭᠤᠭ ᠢ ᠭᠦᠨᠵᠡᠭᠡᠢ ᠨᠠᠷᠢᠨ ᠨᠢᠮᠪᠠᠢ ᠪᠠᠶᠢᠴᠠᠭᠠᠨ

ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠴᠢᠷᠳᠡᠯᠲᠡᠢ

ᠬᠥᠮᠦᠰ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠤᠨ ᠠᠶᠤᠯ

ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ

ᠴᠢᠩᠭ᠎ᠠ ᠠᠩᠬᠠᠷᠴᠤ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ︽ᠶᠢᠰᠦᠨ ᠪᠠᠭ᠎ᠠ ᠲᠠᠯᠠᠪᠤᠷ︾᠂

ᠡᠪᠦᠯ ᠤᠨ ᠤᠯᠠᠷᠢᠯ ᠤᠨ ᠴᠠᠬᠢᠯᠭᠠᠨ ᠬᠡᠷᠡᠭᠯᠡᠬᠦ᠂ ᠵᠠᠮ ᠬᠠᠷᠢᠯᠴᠠᠭ᠎ᠠ ᠵᠡᠷᠭᠡ ᠲᠠᠯ᠎ᠠ ᠶᠢᠨ ᠠᠮᠤᠷ ᠲᠦᠪᠰᠢᠨ ᠤ ᠬᠡᠮ

ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠠᠳ ᠤᠯᠠᠨ ᠤ ᠠᠮᠢ ᠨᠠᠰᠤᠨ ᠤ

ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠪᠠᠲᠤᠯᠠᠬᠤ

ᠬᠡᠷᠡᠭᠲᠡᠢ ᠬᠡᠵᠠᠢ᠃

   ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠭᠲᠠᠭᠰᠠᠨ

ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠪᠢᠶᠠᠷᠢᠯᠠᠯ ᠤᠨ ᠲᠥᠰᠦᠯ ᠶᠣᠰᠣᠭᠠᠷ᠂ ᠴᠡᠭᠴᠡᠯᠡᠨ ᠰᠠᠶᠢᠵᠢᠷᠠᠭᠤᠯᠬᠤ

ᠡᠭᠦᠷᠭᠡ ᠶᠢᠨ ᠬᠥᠳᠡᠯᠦᠩᠭᠦᠢ ᠬᠠᠮᠢᠶᠠᠷᠤᠯᠲᠠ᠂ ᠡᠬᠡ ᠲᠠᠩᠰᠠ ᠶᠢᠨ ᠠᠬᠢᠭᠤᠯᠤᠯᠳᠠ᠂ ᠡᠯᠭᠦᠭᠡ ᠲᠠᠩᠰᠠ ᠶᠢᠨ ᠳ᠋ᠤᠭᠠᠷ ᠢ

ᠬᠠᠰᠤᠵᠤ᠂ ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ

ᠨᠡᠶᠢᠳᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ

ᠬᠢᠨᠠᠨ ᠪᠤᠳᠤᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠠᠶᠤᠯᠭᠦᠢ

ᠦᠢᠯᠡᠳᠪᠦᠷᠢᠯᠡᠯ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠲᠠᠢ

ᠤᠶᠠᠯᠳᠤᠭᠤᠯᠵᠤ᠂ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠪᠦᠷᠢᠯᠳᠦᠭᠦᠯᠵᠦ᠂

ᠶᠡᠷᠦᠩᠬᠡᠶᠢᠯᠡᠨ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠶᠡᠬᠡᠰᠬᠡᠬᠦ ᠬᠡᠷᠡᠭᠲᠡᠢ᠃ ᠠᠰᠠᠭᠤᠳᠠᠯ ᠤᠨ

ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠡᠪᠡᠳᠴᠢᠨ ᠤ ᠭᠤᠯᠣᠮᠲᠠ᠂ ᠡᠪᠡᠳᠴᠢᠨ ᠳᠤᠨᠢ ᠲᠠᠭᠠᠷᠠᠭᠤᠯᠤᠨ ᠡᠮ

ᠥᠭᠴᠦ᠂ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ

ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢᠶᠠᠨ

ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ ᠭᠡᠵᠠᠢ᠃

   ᠬᠤᠷᠠᠯ ᠠᠴᠠ᠂ ᠲᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ

ᠴᠢᠩᠭᠠᠳᠬᠠᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠭᠡᠮ ᠤᠨ ᠪᠠᠲᠤᠯᠠᠭ᠎ᠠ ᠵᠡᠷᠭᠡ ᠡᠯ᠎ᠡ

ᠲᠦᠷᠦᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢ ᠵᠣᠯᠭᠠᠭᠤᠯᠬᠤ

ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ

ᠲᠥᠯᠥᠪᠵᠢᠭᠦᠯᠵᠦ᠂ ᠨᠢᠭᠡᠨᠲᠡ ᠪᠠᠶᠢᠭ᠎ᠠ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠠᠴᠠ

ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂

ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ

ᠤᠨᠢᠨ ᠳᠡᠭᠡᠷ᠎ᠡ ᠨᠢ ᠬᠦᠴᠦᠲᠡᠢ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠠᠵᠤ ᠠᠬᠤᠶᠢᠯᠠᠯ ᠤᠨ

ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ

ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠠᠬᠢᠭᠤᠯᠵᠤ᠂ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ

ᠲᠣᠭᠲᠠᠭᠤᠨ ᠢᠶᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ

ᠴᠢᠩᠳᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠢᠭᠡ ᠠᠴᠠ ᠵᠦᠢᠴᠢᠯᠡᠵᠦ

ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠡᠯ᠎ᠡ ᠲᠦᠷᠦᠯ ᠤᠨ

ᠠᠰᠠᠭᠤᠳᠠᠯ ᠢ ︽ᠬᠥᠳᠡᠯᠦᠩᠭᠦᠢ ᠪᠠᠷ ᠴᠡᠪᠡᠷᠯᠡᠬᠦ︾ ᠶᠢ ᠪᠠᠲᠤᠯᠠᠵᠤ᠂ ᠰᠡᠳᠬᠢᠯ ᠨᠢᠭᠡᠳᠦᠨ ᠬᠦᠴᠦ ᠪᠠᠨ

ᠬᠠᠮᠲᠤᠳᠬᠠᠵᠤ ᠪᠠᠶᠢᠭᠠᠳ ᠪᠦᠬᠦ ᠬᠤᠳᠠ ᠶᠢᠨ ᠠᠭᠠᠷ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ

ᠠᠬᠢᠭᠤᠯᠬᠤ ᠬᠡᠷᠡᠭᠲᠡᠢ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号