ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/23
    11 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠶ ᠬᠤᠸᠠ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦᠶ ᠹᠧᠩ ᠮᠢᠨ᠂ ᠴᠠᠢ ᠭᠦᠸᠧ ᠴᠦᠨ᠂ ᠸᠠᠩ ᠮᠢᠨ ᠬᠤᠷᠠᠯ ᠳᠤ ᠣᠷᠣᠯᠴᠠᠵᠠᠶ᠃ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠯᠢ ᠭᠦᠸᠧ ᡁᠢ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠬᠤᠷᠢᠶᠠᠨ ᠳᠠᠷᠤᠭ᠎ᠠ ᠱᠧᠨ ᠶᠠᠨ ᠮᠢᠨ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠡᠯ᠎ᠡ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠲᠠ ᠶᠢᠨ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ 29 ᠪᠠᠶᠢᠵᠤ᠂ ᠪᠣᠳᠠᠲᠠᠶ 23 ᠬᠦᠮᠦᠨ ᠬᠦᠷᠴᠦ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃

   ᠬᠤᠷᠠᠯ ᠠᠴᠠ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯ᠎ᠡ ᠱᠠᠲᠤᠨ ᠤ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠬᠠᠤᠯᠢ﹀ ᠳᠤ ᠵᠠᠰᠠᠪᠤᠷᠢ

ᠣᠷᠣᠭᠤᠯᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶᠠᠨ ᠤ ᠲᠣᠭᠲᠠᠭᠠᠯ︾ ᠢ ᠰᠤᠷᠤᠯᠴᠠᠵᠤ᠂ ᠬᠤᠲᠠ ᠶᠢᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ

ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢᠨ

ᠢᠨᠵᠧᠨᠧᠷᠢᠩ ᠤᠨ ᠲᠤᠬᠠᠶ ᠮᠡᠳᠡᠭᠦᠯᠦᠯᠲᠡ᠂ 2023 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ

ᠵᠢᠴᠢ ᠲᠣᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ

ᠬᠢᠨᠠᠨ ᠪᠤᠳᠤᠯᠳᠠ ᠶᠢᠨ ᠠᠵᠢᠯ ᠤᠨ ᠮᠡᠳᠡᠭᠦᠯᠦᠯᠲᠡ᠂ 2024 ᠣᠨ ᠤ 1 - 9 ᠰᠠᠷ᠎ᠠ ᠶᠢᠨ ᠡᠳ᠋ ᠤᠨ ᠵᠠᠰᠠᠭ ᠤᠨ

ᠲᠥᠰᠦᠪ ᠢ ᠬᠡᠷᠡᠭᠵᠢᠭᠦᠯᠦᠭᠰᠡᠨ ᠵᠢᠴᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ

ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠵᠥᠪᠯᠡᠯ ᠤᠨ

ᠮᠠᠨ ᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠵᠢᠴᠢ ᠬᠥᠳᠡᠭᠡ

ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ

ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠣᠷᠴᠢᠨ ᠲᠣᠭᠤᠷᠢᠨ ᠤ ᠡᠬᠢ ᠪᠠᠶᠠᠯᠢᠭ ᠬᠤᠲᠠ ᠶᠢᠨ

ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ

ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂

ᠲᠥᠯᠥᠭᠡᠯᠡᠭᠴᠢᠳ ᠤᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠣᠨᠴᠠ ᠵᠠᠷᠢᠮ ᠲᠥᠯᠥᠭᠡᠯᠡᠭᠴᠢ ᠶᠢᠨ

ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂

ᠬᠤᠲᠠ ᠶᠢᠨ ᠵᠠᠰᠠᠭ ᠤᠨ ᠣᠷᠳᠣᠨ ᠤ 2023 ᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ

ᠭᠦᠢᠴᠡᠳᠬᠡᠯ ᠢ ᠦᠨᠡᠯᠡᠨ ᠶᠠᠷᠢᠯᠴᠠᠬᠤ ᠠᠵᠢᠯ ᠵᠡᠷᠭᠡ ᠢ ᠶᠠᠪᠤᠭᠳᠠᠭᠤᠯᠪᠠ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号