ᠵᠢᠢ ᠬᠠᠢ ᠶᠠᠩ ᠪᠦᠯᠬᠦᠮ ᠳᠠᠭᠠᠭᠤᠯᠤᠨ ᠾᠧᠨᠠᠨ ᠮᠤᠵᠢ ᠶᠢᠨ ᠭᠦᠩ ᠢ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/11/24
   11 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠢ ᠶᠠᠩ ᠪᠦᠯᠬᠦᠮ ᠳᠠᠭᠠᠭᠤᠯᠤᠨ ᠾᠧᠨᠠᠨ ᠮᠤᠵᠢ ᠶᠢᠨ ᠭᠦᠩ ᠢ ᠬᠤᠲᠠ ᠳᠤ ᠭᠦᠨᠵᠡᠭᠡᠶᠢᠷᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠤ ᠬᠠᠶ ᠮᠢᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠨᠧᠷᠭᠢ ᠶᠢᠨ ᠲᠣᠪᠴᠢᠶ᠎ᠠ᠂ ᠡᠯ᠎ᠡ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃

   ᠯᠦᠸᠧ ᠶᠠᠩ ᠴᠠᠩ ᠯᠦᠩ ᠠᠵᠤ ᠦᠢᠯᠡᠰ ᠤᠨ ᠬᠢᠵᠠᠭᠠᠷᠲᠤ ᠺᠣᠮᠫᠠᠨᠢ ᠳᠤ᠂ ᠵᠢᠢ ᠬᠠᠢ ᠶᠠᠩ ᠨᠠᠷ ᠠᠵᠤ

ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ

ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠠᠵᠤ ᠦᠢᠯᠡᠰ ᠤᠨ ᠪᠠᠶᠢᠷᠢᠰᠢᠭᠤᠯᠤᠯᠲᠠ᠂ ᠭᠤᠣᠯᠯᠠᠭᠴᠢ ᠦᠢᠯᠡᠳᠬᠦᠨ

ᠪᠣᠯᠣᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠤᠯᠢᠩᠭᠤᠤᠯ ᠤᠨ

ᠠᠵᠤ ᠠᠬᠤᠢ ᠨᠡᠶᠢᠭᠡᠮ ᠤᠨ ᠦᠨᠳᠦᠰᠦᠨ ᠪᠠᠶᠢᠳᠠᠯ᠂ ᠬᠥᠩᠭᠡᠨᠴᠠᠭᠠᠨ ᠤ ᠠᠵᠤ ᠦᠢᠯᠡᠰ ᠤᠨ ᠳᠠᠪᠠᠭᠤᠯᠢᠭ ᠵᠡᠷᠭᠡ

ᠪᠠᠶᠢᠳᠠᠯ ᠢ ᠲᠠᠨᠢᠯᠴᠠᠭᠤᠯᠪᠠ᠃ ᠲᠡᠷᠡ᠂ ᠯᠦᠸᠧ ᠶᠠᠩ ᠴᠠᠩ ᠯᠦᠩ ᠠᠵᠤ ᠦᠢᠯᠡᠰ ᠤᠨ ᠬᠢᠵᠠᠭᠠᠷᠲᠤ ᠺᠣᠮᠫᠠᠨᠢ

ᠴᠠᠬᠢᠯᠭᠠᠨ ᠤᠲᠠᠰᠤ ᠴᠠᠬᠢᠯᠭᠠᠨ ᠲᠠᠲᠠᠯᠭ᠎ᠠ ᠦᠢᠯᠡᠳᠬᠦ ᠬᠦᠷᠢᠶᠡᠨ ᠳᠤ ᠵᠣᠬᠢᠬᠤ ᠵᠠᠬ᠎ᠠ ᠳᠡᠯᠭᠡᠭᠦᠷ ᠤᠨ ᠬᠤᠪᠢ ᠶᠢᠨ

ᠲᠤᠭ᠎ᠠ ᠪᠣᠯᠤᠨ ᠥᠷᠢᠰᠦᠯᠳᠦᠬᠦ ᠬᠦᠴᠦᠨ ᠲᠠᠢ᠂ ᠦᠢᠯᠡᠳᠬᠦᠨ ᠤ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂

ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠂ ᠺᠣᠮᠫᠠᠨᠢ ᠶᠢᠨ ᠭᠤᠣᠯ ᠡᠵᠡᠩᠨᠡᠯᠲᠡ ᠶᠢᠨ

ᠲᠤᠬᠠᠶᠢᠯᠠᠭᠰᠠᠨ ᠠᠵᠢᠯ ᠨᠢ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠲᠠᠢ ᠮᠠᠰᠢ ᠣᠯᠠᠨ ᠵᠣᠬᠢᠴᠠᠯᠳᠤᠬᠤ

ᠲᠠᠯ᠎ᠠ ᠲᠠᠢ ᠶᠤᠮ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠠᠷᠢᠯᠴᠠᠨ

ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃

ᠯᠦᠸᠧ ᠶᠠᠩ ᠴᠠᠩ ᠯᠦᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠸᠠᠩ ᠬᠤᠤ ᠫᠧᠩ

ᠢᠯᠡᠷᠬᠡᠶᠢᠯᠡᠬᠦ ᠳᠡᠭᠡᠨ᠂ ᠬᠤᠤᠯᠢᠩᠭᠤᠤᠯ ᠤᠨ ᠪᠠᠲᠤ ᠪᠠᠬᠢ ᠠᠵᠤ ᠦᠢᠯᠡᠰ ᠤᠨ ᠰᠠᠭᠤᠷᠢ᠂ ᠪᠦᠷᠢᠨ ᠲᠡᠭᠦᠯᠳᠡᠷ

ᠰᠠᠭᠤᠷᠢ ᠪᠠ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠢ᠂ ᠲᠠᠷᠠᠭᠠᠴᠢ ᠶᠢᠨ ᠠᠯᠬᠤᠮ ᠳᠤ

ᠰᠣᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ

ᠲᠥᠪᠯᠡᠷᠡᠭᠦᠯᠦᠨ᠂ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠰᠦᠪᠡᠭᠴᠢᠯᠡᠵᠦ᠂ ᠬᠤᠤᠯᠢᠩᠭᠤᠤᠯ ᠤᠨ ᠠᠵᠤ

ᠠᠬᠤᠶ ᠨᠡᠶᠢᠭᠡᠮ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠨ᠎ᠡ ᠭᠡᠵᠡᠶ᠃

   ᠾᠧᠨᠠᠨ ᠤ ᠷᠦᠨ ᠰᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠵᠢᠢ

ᠬᠠᠢ ᠶᠠᠩ ᠨᠠᠷ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ

ᠾᠧᠨᠠᠨ ᠤ ᠷᠦᠨ ᠰᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ

ᠳᠠᠭᠠᠭᠠᠮᠠᠯ ᠮᠠ ᠯᠢ ᠫᠧᠩ ᠲᠠᠢ ᠭᠦᠨᠵᠡᠭᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠢᠢ ᠬᠠᠢ ᠶᠠᠩ

ᠢᠯᠡᠷᠬᠡᠶᠢᠯᠡᠬᠦ ᠳᠡᠭᠡᠨ᠂ ᠾᠧᠨᠠᠨ ᠤ ᠷᠦᠨ ᠰᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ

ᠺᠣᠮᠫᠠᠨᠢ ᠲᠡᠮᠦᠷᠯᠢᠭ ᠤᠨ ᠮᠠᠲ᠋ᠧᠷᠢᠶᠠᠯ ᠦᠢᠯᠡᠳᠬᠦ᠂ ᠲᠡᠮᠦᠷᠯᠢᠭ ᠤᠨ ᠭᠠᠳᠠᠷᠭᠤ ᠶᠢᠨ ᠰᠢᠢᠳᠪᠦᠷᠢᠯᠡᠯᠲᠡ ᠵᠢᠴᠢ

ᠬᠠᠯᠠᠭᠤᠨ ᠰᠢᠢᠳᠪᠦᠷᠢᠯᠡᠯᠲᠡ ᠡᠳ᠋ᠰᠢᠭᠦᠯᠦᠯᠲᠡ᠂ ᠲᠡᠮᠦᠷᠯᠢᠭ ᠤᠨ ᠪᠦᠲᠦᠴᠡ ᠦᠢᠯᠡᠳᠭᠡᠯ ᠵᠡᠷᠭᠡ ᠬᠦᠷᠢᠶᠡᠨ ᠳᠤ ᠴᠥᠮ

ᠯᠤᠲᠤ ᠶᠡᠭᠡ ᠳᠠᠯᠳᠠ ᠬᠦᠴᠦᠨ ᠲᠠᠢ᠂ ᠣᠶᠢᠷ᠎ᠠ ᠶᠢᠨ ᠵᠢᠯ ᠳᠤ᠂ ᠬᠤᠤᠯᠢᠩᠭᠤᠤᠯ ᠬᠤᠲᠠ ᠶᠢᠨ ᠴᠢᠨᠠᠷ ᠰᠠᠶᠢᠲᠠᠶ ᠡᠬᠢ

ᠪᠠᠶᠠᠯᠢᠭ ᠲᠦᠷᠭᠡᠨ ᠴᠤᠭᠯᠠᠷᠠᠵᠤ᠂ ᠣᠷᠦ᠋ᠢᠯᠠᠭᠰᠠᠨ ᠴᠢᠳᠠᠪᠤᠷᠢᠲᠠᠨ ᠲᠠᠰᠤᠷᠠᠯᠲᠠ ᠥᠬᠡᠶ ᠣᠷᠣᠵᠤ ᠢᠷᠡᠵᠤ᠂

ᠢᠷᠡᠭᠡᠳᠦᠶ ᠶᠢᠨ ᠬᠥᠭᠵᠢᠯᠲᠡ ᠶᠢᠨ ᠳᠠᠯᠳᠠ ᠬᠦᠴᠦᠨ ᠬᠢᠵᠠᠭᠠᠯᠠᠰᠢ ᠥᠬᠡᠶ ᠪᠠᠶᠢᠵᠤ᠂ ᠠᠵᠤ ᠠᠬᠤᠶᠢᠯᠠᠯ

ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠴᠢᠨᠠᠷ ᠰᠠᠶᠢᠲᠠᠶ

ᠬᠥᠭᠵᠢᠯᠲᠡ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃ ᠮᠠ ᠯᠢ ᠫᠧᠩ ᠢᠯᠡᠷᠬᠡᠶᠢᠯᠡᠬᠦ ᠳᠡᠭᠡᠨ᠂

ᠬᠤᠤᠯᠢᠩᠭᠤᠤᠯ ᠬᠤᠲᠠ ᠶᠢᠨ ᠪᠣᠬᠢᠷᠲᠤᠯ ᠥᠬᠡᠶ ᠴᠠᠬᠢᠯᠭᠠᠨ ᠤ ᠳᠠᠪᠠᠭᠤᠯᠢᠭ ᠢᠯᠡᠷᠬᠡᠶ᠂ ᠠᠵᠤ ᠦᠢᠯᠡᠰ ᠤᠨ

ᠬᠥᠭᠵᠢᠯᠲᠡ ᠡᠷᠴᠢᠮᠲᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠵᠤ᠂ ᠬᠤᠶᠠᠷ

ᠲᠠᠯ᠎ᠠ ᠪᠠᠷ ᠢᠶᠠᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭ᠎ᠠ ᠪᠠᠨ ᠲᠠᠰᠤᠷᠠᠯᠲᠠ ᠥᠬᠡᠶ

ᠭᠦᠨᠵᠡᠭᠡᠶᠢᠷᠡᠭᠦᠯᠦᠨ᠂ ᠬᠤᠤᠯᠢᠩᠭᠤᠤᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ

ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ  ᠃

   ᠾᠧᠨᠠᠨ ᠤ ᠹᠧᠩ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠵᠢᠢ ᠬᠠᠢ ᠶᠠᠩ ᠨᠠᠷ

ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠲᠠᠨᠢᠯᠴᠠᠭᠤᠯᠭ᠎ᠠ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠠᠵᠤ

ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠢᠷᠡᠭᠡᠳᠦᠢ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ

ᠬᠠᠮᠲᠤ ᠶᠠᠷᠢᠯᠴᠠᠨ ᠰᠣᠯᠢᠯᠴᠠᠪᠠ᠃ ᠵᠢᠢ ᠬᠠᠢ ᠶᠠᠩ ᠢᠯᠡᠷᠬᠡᠶᠢᠯᠡᠬᠦ ᠳᠡᠭᠡᠨ᠂ ᠣᠳᠣᠬᠠᠨ ᠳᠤ᠂ ᠬᠤᠤᠯᠢᠩᠭᠤᠤᠯ ᠬᠤᠲᠠ

ᠶᠠᠭ ᠪᠥᠬᠦ ᠬᠦᠴᠦᠨ ᠢᠶᠠᠷ ᠢᠶᠠᠨ ︽ᠳᠤᠮᠳᠠᠳᠤ ᠤᠯᠤᠰ · ᠪᠣᠬᠢᠷᠲᠤᠯ ᠥᠬᠡᠶ ᠴᠠᠬᠢᠯᠭᠠᠨ ᠬᠦᠩᠭᠡᠨᠴᠠᠭᠠᠨ ᠤ ᠬᠤᠲᠠ︾

 ᠶᠢ ᠪᠠᠶᠢᠭᠤᠯᠵᠤ ᠪᠠᠶᠢᠨ᠎ᠠ᠂ ᠾᠧᠨᠠᠨ ᠤ ᠹᠧᠩ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠢ

ᠬᠥᠩᠭᠡᠨ ᠴᠠᠭᠠᠨ ᠤ ᠬᠠᠪᠲᠠᠰᠤ᠂ ᠬᠥᠩᠭᠡᠨ ᠴᠠᠭᠠᠨ ᠤ ᠢᠯᠳᠠᠰᠤ ᠶᠢᠨ ᠦᠢᠯᠡᠳᠪᠦᠷᠢᠯᠡᠯ ᠪᠠ ᠪᠣᠷᠣᠯᠠᠭᠤᠯᠭ᠎ᠠ ᠶᠢᠨ

ᠬᠦᠷᠢᠶᠡᠨ ᠳᠤ ᠵᠣᠬᠢᠬᠤ ᠬᠡᠪᠴᠢᠶ᠎ᠡ ᠪᠠ ᠪᠣᠳᠠᠲᠤ ᠬᠦᠴᠦᠨ ᠲᠠᠢ ᠠᠵᠤ ᠠᠬᠤᠶᠢᠯᠠᠯ ᠪᠣᠯᠤᠭᠰᠠᠨ ᠤ ᠬᠤᠪᠢ ᠳᠤ᠂

ᠠᠵᠢᠯ ᠲᠥᠷᠥᠯ ᠤᠨ ᠳᠣᠲᠣᠷ᠎ᠠ ᠵᠣᠬᠢᠬᠤ ᠠᠯᠳᠠᠷᠰᠢᠯ ᠪᠠ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ

ᠪᠠᠶᠢᠵᠤ᠂ ᠣᠳᠣᠬᠠᠨ ᠤ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠳᠡᠭᠡᠳᠦ

ᠬᠡᠮᠵᠢᠶ᠎ᠡ ᠪᠠᠷ ᠨᠡᠶᠢᠴᠡᠵᠦ᠂ ᠠᠵᠤ ᠠᠬᠤᠶᠢᠯᠠᠯ ᠤᠨ ᠬᠤᠤᠯᠢᠩᠭᠤᠤᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ

ᠰᠢᠨᠵᠢᠯᠡᠨ ᠪᠠᠶᠢᠴᠠᠭᠠᠵᠤ᠂ ᠪᠠᠯᠠ ᠣᠷᠣᠭᠤᠯᠤᠨ ᠦᠢᠯᠡᠰ ᠬᠥᠭᠵᠢᠭᠦᠯᠵᠦ᠂ ᠬᠠᠷᠢᠯᠴᠠᠨ ᠠᠰᠢᠭ ᠣᠯᠭᠤᠵᠤ

ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠾᠧᠨᠠᠨ ᠤ ᠹᠧᠩ ᠲᠠᠢ ᠰᠢᠨᠵᠢᠯᠡᠬᠦ

ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠶᠠᠨ ᠹᠧᠩ ᠢᠯᠡᠷᠬᠡᠶᠢᠯᠡᠬᠦ ᠳᠡᠭᠡᠨ᠂

ᠬᠤᠤᠯᠢᠩᠭᠤᠤᠯ ᠬᠤᠲᠠ ᠬᠥᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠤᠯᠠᠨ ᠠᠴᠠ

ᠣᠨᠴᠠᠭᠠᠢ ᠳᠠᠪᠠᠭᠤᠯᠢᠭ ᠲᠠᠢ᠂ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠣᠶᠢᠷ᠎ᠠ ᠶᠢᠨ

ᠬᠤᠭᠤᠴᠠᠭᠠᠨ ᠳᠤ ᠪᠦᠯᠬᠦᠮ ᠨᠡᠶᠢᠲᠡ ᠶᠢᠨ ᠬᠤᠤᠯᠢᠩᠭᠤᠤᠯ ᠳᠤ ᠬᠦᠷᠴᠦ ᠨᠡᠪᠲᠡᠷᠡᠯᠴᠡᠨ ᠵᠣᠯᠭᠠᠭᠤᠯᠵᠤ᠂ ᠪᠣᠳᠠᠲᠠᠶ ᠶᠢ

ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶ ᠠᠬᠢᠭᠤᠯᠤᠨ᠎ᠠ ᠭᠡᠵᠡᠶ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号