ᠵᠢᠢ ᠬᠠᠶ ᠶᠠᠩ ᠪᠦᠯᠬᠦᠮ ᠳᠠᠭᠠᠭᠤᠯᠤᠨ ᠾᠧᠨᠠᠨ ᠮᠤᠵᠢ ᠶᠢᠨ ᠴᠠᠩ ᠭᠧ ᠬᠤᠲᠠ᠂ ᠴᠢᠨ ᠶᠠᠩ ᠬᠤᠲᠠ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/11/24
   11 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠵᠢᠢ ᠬᠠᠶ ᠶᠠᠩ ᠪᠦᠯᠬᠦᠮ ᠳᠠᠭᠠᠭᠤᠯᠤᠨ ᠾᠧᠨᠠᠨ ᠮᠤᠵᠢ ᠶᠢᠨ ᠴᠠᠩ ᠭᠧ ᠬᠤᠲᠠ᠂ ᠴᠢᠨ ᠶᠠᠩ ᠬᠤᠲᠠ ᠳᠤ ᠭᠦᠨᠵᠡᠭᠡᠶᠢᠷᠡᠨ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠧᠤ ᠬᠠᠶ ᠮᠢᠨ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠡᠨᠧᠷᠭᠢ ᠶᠢᠨ ᠲᠣᠪᠴᠢᠶ᠎ᠠ᠂ ᠡᠯ᠎ᠡ ᠲᠤᠰᠬᠠᠶ ᠮᠡᠷᠭᠡᠵᠢᠯ ᠤᠨ ᠬᠤᠳᠠᠯᠳᠤᠭᠠᠴᠢᠨ ᠤᠷᠢᠬᠤ ᠭᠠᠵᠠᠷ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃

   ᠵᠢᠢ ᠬᠠᠢ ᠶᠠᠩ ᠨᠠᠷ ᠤᠷᠢᠳ ᠬᠤᠵᠢᠳ ᠰᠢᠨ ᠷᠦᠢ ᠵᠢᠶᠠ ᠰᠢᠨ᠎ᠡ ᠮᠠᠲ᠋ᠧᠷᠢᠶᠠᠯ᠂ ᠳ᠋ᠦ᠋ ᠱᠢ ᠪᠦᠯᠦᠭᠯᠡᠯ ᠵᠡᠷᠭᠡ

ᠺᠣᠮᠫᠠᠨᠢ ᠳᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠠᠵᠤ ᠦᠢᠯᠡᠰ ᠤᠨ

ᠪᠠᠶᠢᠷᠢᠰᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ᠂ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠪᠠᠶᠢᠳᠠᠯ ᠢ ᠨᠠᠷᠢᠨ

ᠣᠶᠢᠯᠠᠭᠠᠪᠠ᠃

   ᠾᠧᠨᠠᠨ ᠤ ᠰᠢᠨ ᠷᠦᠢ ᠵᠢᠶᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠵᠢᠢ ᠬᠠᠢ ᠶᠠᠩ ᠨᠠᠷ ᠠᠵᠤ

ᠠᠬᠤᠶᠢᠯᠠᠯ ᠤᠨ ᠦᠢᠯᠡᠳᠪᠦᠷᠢᠯᠡᠯ ᠤᠨ ᠲᠠᠰᠤᠭ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ

ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠢᠷᠡᠭᠡᠳᠦᠢ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ

ᠬᠠᠮᠲᠤ ᠬᠤᠤᠯᠢᠩᠭᠤᠤᠯ ᠤᠨ ᠭᠠᠵᠠᠷ ᠣᠷᠣᠨ ᠤ ᠬᠥᠭᠵᠢᠯᠲᠡ ᠶᠢᠨ ᠪᠠᠶᠢᠳᠠᠯ ᠵᠢᠴᠢ ᠠᠵᠤ ᠦᠢᠯᠡᠰ ᠤᠨ ᠡᠬᠢ ᠪᠠᠶᠠᠯᠢᠭ

ᠵᠡᠷᠭᠡ ᠲᠠᠯ᠎ᠠ ᠶᠢᠨ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠣᠳᠣᠬᠠᠨ ᠳᠤ ᠬᠤᠤᠯᠢᠩᠭᠤᠤᠯ

ᠬᠤᠲᠠ ᠶᠢᠨ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠪᠠᠲᠤ ᠪᠠᠬᠢ ᠪᠠᠶᠢᠵᠤ᠂

ᠳᠠᠬᠢᠯᠲᠠ ᠬᠥᠩᠭᠡᠨ ᠴᠠᠭᠠᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ

ᠠᠬᠢᠭᠤᠯᠵᠤ᠂ ᠳᠠᠬᠢᠯᠲᠠ ᠬᠥᠩᠭᠡᠨ ᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠶ ᠥᠷᠭᠡᠨ ᠠᠭᠤᠳᠠᠮ

ᠪᠠᠶᠢᠨ᠎ᠠ᠃ ᠾᠧᠨᠠᠨ ᠤ ᠰᠢᠨ ᠷᠦᠢ ᠵᠢᠶᠠ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠥᠩᠭᠡᠲᠦ ᠲᠡᠮᠦᠷᠯᠢᠭ ᠢ

ᠳᠠᠷᠤᠵᠤ ᠡᠳ᠋ᠰᠢᠭᠦᠯᠬᠦ᠂ ᠰᠢᠨ᠎ᠡ ᠮᠠᠲ᠋ᠧᠷᠢᠶᠠᠯ ᠤᠨ ᠮᠡᠷᠭᠡᠵᠢᠯ ᠢ ᠰᠤᠳᠤᠯᠤᠨ ᠨᠡᠭᠡᠭᠡᠬᠦ᠂ ᠳᠠᠬᠢᠯᠲᠠ ᠡᠬᠢ ᠪᠠᠶᠠᠯᠢᠭ ᠢ

ᠠᠰᠢᠭᠯᠠᠬᠤ ᠵᠡᠷᠭᠡ ᠬᠦᠷᠢᠶᠡᠨ ᠳᠤ ᠴᠥᠮ ᠲᠣᠭᠲᠠᠭᠰᠠᠨ ᠭᠤᠣᠯᠯᠠᠭᠴᠢ ᠦᠷᠢᠰᠦᠯᠳᠦᠬᠦ ᠬᠦᠴᠦᠨ ᠲᠠᠢ ᠪᠠᠶᠢᠵᠤ᠂

ᠠᠵᠤ ᠠᠬᠤᠶᠢᠯᠠᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠨᠢ ᠮᠠᠨ ᠤ ᠬᠤᠳᠠ ᠶᠢᠨ ᠠᠵᠤ

ᠦᠢᠯᠡᠰ ᠤᠨ ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠠᠵᠤ ᠠᠬᠤᠶᠢᠯᠠᠯ ᠤᠨ ᠬᠢᠨ ᠬᠤᠤᠯᠢᠩᠭᠤᠤᠯ ᠳᠤ

ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠪᠡᠯᠡ ᠣᠷᠣᠭᠤᠯᠤᠨ ᠦᠢᠯᠡᠰ ᠪᠤᠰᠬᠠᠵᠤ᠂

ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ

ᠪᠡᠶᠡᠯᠡᠭᠦᠯᠬᠦ ᠶᠢ ᠬᠦᠰᠡᠵᠦ ᠪᠠᠶᠢᠨ᠎ᠠ᠃ ᠾᠧᠨᠠᠨ ᠤ ᠰᠢᠨ ᠷᠦᠢ ᠵᠢᠶᠠ ᠰᠢᠨ᠎ᠡ ᠮᠠᠲ᠋ᠧᠷᠢᠶᠠᠯ ᠤᠨ ᠬᠢᠵᠠᠭᠠᠷᠲᠤ

ᠺᠣᠮᠫᠠᠨᠢ ᠶᠢᠨ ᠶᠡᠷᠦᠩᠬᠡᠶ ᠳᠠᠭᠠᠭᠠᠮᠠᠯ ᠰᠢᠤᠸᠠᠢ ᠴᠤᠤ ᠹᠧᠩ ᠢᠯᠡᠷᠬᠡᠶᠢᠯᠡᠬᠦ ᠳᠡᠭᠡᠨ᠂ ᠬᠤᠤᠯᠢᠩᠭᠤᠤᠯ ᠬᠤᠲᠠ ᠶᠢᠨ

ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠠᠪᠠᠭᠤᠯᠢᠭ᠂ ᠢᠷᠡᠭᠡᠳᠦᠶ ᠶᠢᠨ ᠬᠥᠭᠵᠢᠯᠲᠡ ᠶᠢᠨ ᠳᠠᠯᠳᠠ ᠬᠦᠴᠦᠨ

ᠯᠤᠲᠤ ᠶᠡᠭᠡ ᠪᠠᠶᠢᠨ᠎ᠠ᠂ ᠲᠠᠷᠠᠭᠠᠴᠢ ᠶᠢᠨ ᠠᠯᠬᠤᠮ ᠳᠤ ᠬᠤᠤᠯᠢᠩᠭᠤᠤᠯ ᠬᠤᠲᠠ ᠯᠤᠭ᠎ᠠ ᠶᠢᠨ ᠨᠡᠪᠲᠡᠷᠡᠯᠴᠡᠭᠡ

ᠵᠣᠯᠭᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠶ ᠪᠠᠷ ᠭᠦᠨᠵᠡᠭᠡᠶ ᠬᠠᠮᠲᠤᠷᠠᠯᠴᠠᠭ᠎ᠠ ᠥᠷᠨᠢᠭᠦᠯᠵᠦ᠂ ᠠᠵᠤ

ᠦᠢᠯᠡᠰ ᠤᠨ ᠪᠠᠶᠢᠷᠢᠰᠢᠭᠤᠯᠤᠯᠲᠠ ᠪᠠᠨ ᠥᠷᠭᠡᠳᠬᠡᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ

ᠬᠠᠮᠲᠤ ᠪᠠᠷ ᠠᠬᠢᠭᠤᠯᠤᠨ᠎ᠠ ᠭᠡᠵᠡᠶ᠃

   ᠴᠢᠨ ᠶᠠᠩ ᠬᠤᠲᠠ ᠶᠢᠨ ᠳ᠋ᠦ᠋ ᠣᠪᠣᠭᠲᠤ ᠶᠢᠨ ᠪᠦᠯᠦᠭᠯᠡᠯ ᠳᠤ᠂ ᠵᠢᠢ ᠬᠠᠢ ᠶᠠᠩ ᠠᠵᠤ ᠠᠬᠤᠶᠢᠯᠠᠯ ᠤᠨ

ᠦᠢᠯᠡᠳᠪᠦᠷᠢᠯᠡᠯ ᠤᠨ ᠲᠠᠰᠤᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠠᠵᠤ

ᠦᠢᠯᠡᠰ ᠤᠨ ᠪᠠᠶᠢᠷᠢᠰᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ

ᠳ᠋ᠦ᠋ ᠱᠢ ᠫᠢᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠳ᠋ᠦ᠋ ᠰᠢᠶᠤᠤ ᠫᠢᠩ ᠲᠠᠢ ᠶᠠᠷᠢᠯᠴᠠᠵᠤ ᠰᠠᠨᠠᠯ ᠢᠶᠠᠨ

ᠰᠣᠯᠢᠯᠴᠠᠪᠠ᠃ ᠵᠢᠢ ᠬᠠᠢ ᠶᠠᠩ ᠢᠯᠡᠷᠬᠡᠶᠢᠯᠡᠬᠦ ᠳᠡᠭᠡᠨ᠂ ᠳ᠋ᠦ᠋ ᠱᠢ ᠪᠦᠯᠦᠭᠯᠡᠯ ᠪᠣᠯ ᠤᠯᠤᠰ ᠤᠨ ᠳᠣᠲᠣᠭᠠᠳᠤ ᠶᠢᠨ

ᠨᠡᠭᠦᠷᠡᠰᠦᠲᠥ᠋ᠷᠥᠭᠴᠢ ᠶᠢᠨ ᠡᠯᠧᠮᠧᠨ᠋ᠲ ᠤᠨ ᠭᠤᠣᠯᠯᠠᠭᠴᠢ ᠠᠵᠤ ᠠᠬᠤᠶᠢᠯᠠᠯ ᠪᠣᠯᠤᠨ᠎ᠠ᠂ ᠭᠤᠤᠯ ᠡᠵᠡᠩᠨᠡᠯᠲᠡ ᠶᠢᠨ

ᠲᠤᠬᠠᠶᠢᠯᠠᠭᠰᠠᠨ ᠠᠵᠢᠯ ᠪᠣᠯ ᠬᠦᠩᠭᠡᠨᠴᠠᠭᠠᠨ ᠬᠡᠷᠡᠭᠯᠡᠬᠦ ᠨᠡᠭᠦᠷᠡᠰᠦ ᠪᠠᠷ ᠭᠤᠤᠯ ᠪᠣᠯᠭᠠᠵᠤ᠂ ᠴᠠᠭᠠᠰᠤᠨ ᠤ  ᠦᠢᠯᠡᠰ᠂

ᠪᠠᠷᠢᠯᠭ᠎ᠠ ᠶᠢᠨ ᠮᠠᠲ᠋ᠧᠷᠢᠶᠠᠯ᠂ ᠬᠡᠷ ᠪᠠᠶᠢᠰᠢᠩ ᠭᠠᠵᠠᠷ ᠬᠥᠷᠥᠩᠭᠡ᠂ ᠢᠳᠡᠭᠡᠨ᠂ ᠲᠠᠷᠢᠶᠠᠯᠠᠩ ᠤᠨ ᠨᠡᠭᠡᠭᠡᠨ

ᠬᠥᠭᠵᠢᠭᠦᠯᠦᠯᠲᠡ᠂ ᠪᠠᠭᠤᠳᠠᠯ ᠤᠨ ᠦᠶ᠋ᠯᠡᠴᠢᠯᠡᠭᠡ ᠵᠡᠷᠭᠡ ᠠᠵᠤ ᠦᠢᠯᠡᠰ ᠢ ᠨᠢᠭᠡ ᠴᠣᠭᠴᠠ ᠪᠣᠯᠭᠠᠭᠰᠠᠨ

ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶᠢᠯᠠᠯ ᠤᠨ ᠪᠦᠯᠦᠭᠯᠡᠯ᠂ ᠠᠵᠤ ᠦᠶ᠋ᠯᠡᠰ ᠤᠨ ᠬᠡᠯᠬᠢᠶ᠎ᠡ ᠲᠡᠭᠦᠯᠳᠡᠷ᠂

ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠴᠢᠩᠭ᠎ᠠ ᠪᠠᠶᠢᠵᠤ᠂ ᠬᠤᠤᠯᠢᠩᠭᠤᠤᠯ ᠬᠤᠲᠠ ᠯᠤᠭ᠎ᠠ ᠶᠢᠨ

ᠬᠠᠮᠲᠤᠷᠠᠯᠴᠠᠭ᠎ᠠ ᠨᠢ ᠨᠢᠭᠲᠠ᠂ ᠨᠥᠬᠦᠷᠯᠡᠯ ᠭᠦᠨ ᠵᠤᠵᠠᠭᠠᠨ᠂ ᠬᠤᠤᠯᠢᠩᠭᠤᠤᠯ ᠬᠤᠲᠠ ᠳᠠᠬᠢ ᠠᠵᠤ ᠦᠢᠯᠡᠰ ᠤᠨ

ᠪᠠᠶᠢᠷᠢᠰᠢᠭᠤᠯᠤᠯᠲᠠ ᠪᠠᠶᠢᠵᠤ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ

ᠲᠣᠪᠤᠶᠢᠮ᠎ᠠ ᠬᠤᠪᠢ ᠨᠡᠮᠡᠷᠢ ᠦᠵᠡᠭᠦᠯᠪᠡ᠂ ᠲᠠᠷᠠᠭᠠᠴᠢ ᠶᠢᠨ ᠠᠯᠬᠤᠮ ᠳᠤ᠂ ᠠᠵᠤ ᠠᠬᠤᠶᠢᠯᠠᠯ ᠤᠨ ᠭᠤᠤᠯᠯᠠᠬᠤ

ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂

ᠬᠤᠤᠯᠢᠩᠭᠤᠤᠯ ᠬᠤᠲᠠ ᠶᠢᠨ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ ᠤᠨ ᠠᠵᠤ ᠦᠶ᠋ᠯᠡᠰ ᠢ

ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠶ᠃ ᠳ᠋ᠦ᠋ ᠰᠢᠶᠤᠤ ᠫᠢᠩ

᠂ ᠬᠤᠤᠯᠢᠩᠭᠤᠤᠯ ᠤᠨ ᠠᠵᠤ ᠦᠢᠯᠡᠰ ᠤᠨ ᠰᠠᠭᠤᠷᠢ ᠵᠤᠵᠠᠭᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ

ᠳᠠᠪᠠᠭᠤᠯᠢᠭ᠂ ᠢᠷᠡᠭᠡᠳᠦᠢ ᠶᠢᠨ ᠬᠥᠭᠵᠢᠯᠲᠡ ᠶᠢᠨ ᠳᠠᠯᠳᠠ ᠬᠦᠴᠦᠨ ᠬᠢᠵᠠᠭᠠᠯᠠᠰᠢ ᠦᠭᠡᠢ ᠶᠤᠮ᠂ ᠳᠠᠷᠠᠭᠠᠴᠢ ᠶᠢᠨ

ᠠᠯᠬᠤᠮ ᠳᠤ ᠺᠣᠮᠫᠠᠨᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠵᠤ

ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠬᠤᠤᠯᠢᠩᠭᠤᠤᠯ ᠬᠤᠳᠠ ᠶᠢᠨ ᠪᠦᠬᠦ ᠠᠵᠤ

ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠪᠥᠭᠡᠳ ᠪᠣᠳᠠᠲᠠᠢ ᠬᠢᠵᠦ᠂ ᠬᠠᠮᠲᠤᠷᠠᠯᠴᠠᠭᠠᠨ ᠤ

ᠦᠷ᠎ᠡ ᠪᠦᠲᠦᠭᠡᠯ ᠢᠶᠠᠨ ᠴᠢᠨᠠᠭᠰᠢᠳᠠ ᠥᠷᠭᠡᠳᠬᠡᠵᠦ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠠᠷᠢᠯᠴᠠᠨ

ᠨᠥᠬᠦᠪᠥᠷᠢᠯᠡᠬᠦ᠂ ᠬᠠᠮᠲᠤᠷᠠᠯᠴᠠᠨ ᠬᠥᠭᠵᠢᠵᠦ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠦᠨ᠎ᠡ ᠭᠡᠵᠦ

ᠢᠯᠡᠳᠬᠡᠪᠡ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号