ᠭᠤᠤ ᠵᠢᠶ ᠶᠧ ᠭᠠᠵᠠᠷ ᠬᠥᠳᠡᠯᠦᠯᠲᠡ ᠶᠢᠨ ᠳᠠᠷᠠᠭᠠᠬᠢ ᠣᠯᠠᠨ ᠲᠦᠮᠡᠨ᠂ ᠠᠵᠤ ᠠᠬᠤᠶᠢᠯᠠᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠤ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠤᠯᠢᠩᠭᠤᠤᠯ ᠬᠤᠲᠠ ᠶᠢᠨ ᠨᠠᠮ ᠤᠨ ᠬᠤᠷᠢᠶᠠᠨ ᠤ ᠱᠦᠵᠢ ᠭᠤᠤ ᠵᠢᠶ ᠶᠧ ᠭᠠᠵᠠᠷ ᠬᠥᠳᠡᠯᠦᠯᠲᠡ ᠶᠢᠨ ᠳᠠᠷᠠᠭᠠᠬᠢ ᠣᠯᠠᠨ ᠲᠦᠮᠡᠨ᠂ ᠠᠵᠤ ᠠᠬᠤᠶᠢᠯᠠᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠤᠳᠤᠷᠢᠳᠤᠯᠭ᠎ᠠ ᠱᠠᠨ ᠯᠢᠶᠠᠨ ᠾᠧᠩ᠂ ᠰᠦᠨ ᠸᠧᠶ ᠨᠠᠨ ᠵᠢᠴᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃

   ᠭᠤᠤ ᠵᠢᠢ ᠶᠧ ᠨᠠᠷ ᠤᠷᠢᠳ ᠬᠤᠵᠢᠳ ᠵᠦᠵᠢᠶᠠᠩ ᠵᠡᠭᠡᠯᠢ ᠶᠢᠨ ᠬᠠᠭᠤᠴᠢᠨ ᠭᠠᠶᠢᠯᠢ ᠶᠢᠨ ᠶᠠᠪᠤᠳᠠᠯ ᠤᠨ ᠭᠡᠷ

ᠪᠦᠯᠢ ᠶᠢᠨ ᠠᠰᠠᠷ᠂ ᠪᠦᠦ ᠵᠡᠭᠡᠯᠢ ᠶᠢᠨ ᠯᠦᠩ ᠸᠠᠩ ᠶᠡᠭᠡ ᠵᠠᠮ ᠤᠨ ᠬᠠᠵᠠᠭᠤ ᠶᠢᠨ ᠪᠠᠶᠢᠰᠢᠩ ᠲᠣᠭᠤᠷᠢᠭ᠂

ᠴᠠᠭᠳᠠᠭ᠎ᠠ ᠲᠣᠰᠬᠤᠨ᠂ ᠡᠷᠡᠭᠦᠯ ᠬᠠᠮᠠᠭᠠᠯᠠᠯ ᠤᠨ ᠲᠣᠪᠴᠢᠶᠠᠨ ᠤ ᠠᠰᠠᠷ᠂ ᠶᠢᠨ ᠶᠤᠸᠠᠨ ᠯᠢ ᠵᠢᠩ ᠦᠢᠯᠡᠳᠪᠦᠷᠢ

ᠠᠭᠤᠷᠬᠠᠶ᠂ ᠰᠤᠮᠤ ᠶᠢᠨ ᠭᠤᠣᠯ ᠰᠤᠷᠭᠠᠭᠤᠯᠢ ᠵᠡᠷᠭᠡ ᠭᠠᠵᠠᠷ ᠲᠤ ᠬᠦᠷᠴᠦ᠂ ᠤᠯᠠᠨ ᠲᠦᠮᠡᠨ᠂ ᠠᠵᠤ ᠠᠬᠤᠶᠢᠯᠠᠯ᠂

ᠰᠤᠷᠭᠠᠭᠤᠯᠢ ᠶᠢᠨ ᠡᠪᠳᠡᠭᠳᠡᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠳᠡᠨ ᠤ

ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠣᠶᠢᠯᠠᠭᠠᠵᠤ᠂ ᠭᠠᠵᠠᠷ

ᠬᠥᠳᠡᠯᠦᠯᠲᠡ ᠶᠢᠨ ᠳᠠᠷᠠᠭᠠᠬᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠤᠯᠠᠨ ᠢ

ᠢᠳᠡᠪᠬᠢᠲᠡᠢ ᠰᠡᠳᠬᠢᠴᠡ ᠲᠠᠢ ᠪᠠᠶᠢᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠨ

ᠪᠠᠳᠠᠷᠠᠭᠤᠯᠵᠤ᠂ ᠬᠦᠴᠢᠷ ᠪᠡᠷᠬᠡᠰᠢᠶᠡᠯ ᠢ ᠬᠠᠮᠲᠤᠪᠠᠷ ᠢᠯᠠᠨ ᠳᠠᠪᠠᠭ᠋ᠤ ᠶᠢ ᠵᠣᠷᠢᠭᠵᠢᠭᠤᠯᠪᠠ᠃

   ᠭᠤᠤ ᠵᠢᠶ ᠶᠧ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ

ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ

ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ

ᠰᠡᠳᠬᠢᠯᠭᠡ ᠪᠠᠷ ᠰᠢᠲᠠᠮᠠᠬᠠᠶ ᠬᠡᠶ᠂ ᠪᠠᠷᠢᠯᠭ᠎ᠠ ᠶᠢᠨ ᠠᠵᠢᠯ᠂ ᠬᠤᠳᠳᠤᠭ ᠳᠣᠤᠷ᠎ᠠ ᠠᠵᠢᠯᠯᠠᠬᠤ᠂ ᠰᠤᠷᠭᠠᠭᠤᠯᠢ ᠵᠡᠷᠭᠡ

ᠭᠤᠤᠯᠳᠠᠯᠭ᠎ᠠ ᠲᠠᠢ ᠬᠦᠷᠢᠶ᠎ᠡ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠠᠮᠤᠷ ᠲᠦᠪᠰᠢᠨ ᠤ ᠳᠠᠯᠳᠠ ᠬᠡᠮ ᠢ

ᠴᠠᠭ ᠲᠤᠬᠠᠶ ᠳᠤᠨᠢ ᠢᠯᠡᠷᠡᠭᠦᠯᠬᠦ ᠪᠠ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠦᠪᠰᠢᠨ ᠲᠣᠭᠲᠠᠭᠤᠨ ᠢ

ᠦᠨᠡᠨ ᠬᠦ ᠪᠠᠲᠤᠯᠠᠬᠤ ᠬᠡᠷᠡᠭᠲᠡᠶ᠃ ᠠᠵᠢᠯ ᠤᠨ ᠡᠬᠡ ᠳᠠᠩᠰᠠ ᠪᠠᠶᠢᠭᠤᠯᠵᠤ᠂ ᠲᠤᠰᠬᠠᠶ ᠬᠥᠮᠦᠨ ᠲᠣᠭᠲᠠᠭᠠᠨ

ᠬᠠᠷᠢᠭᠤᠴᠠᠭᠤᠯᠵᠤ᠂ ︽ᠨᠢᠭᠡ ᠡᠷᠦᠬᠡ ᠳᠤ ᠨᠢᠭᠡ ᠭᠡᠷ ᠪᠠᠶᠢᠰᠢᠩ ᠨᠢᠭᠡ ᠪᠣᠳᠣᠯᠭ᠎ᠠ︾ ᠶᠢᠨ ᠱᠠᠭᠠᠷᠳᠠᠯᠭ᠎ᠠ ᠶᠣᠰᠣᠭᠠᠷ᠂

ᠡᠪᠳᠡᠭᠳᠡᠭᠰᠡᠨ ᠡᠲᠡᠭᠡᠳ ᠤᠨ ᠦᠨᠳᠦᠰᠦᠨ ᠪᠠᠶᠢᠳᠠᠯ ᠢ ᠣᠶᠢᠯᠭᠠᠨ ᠵᠢᠭᠰᠠᠭᠠᠬᠤ ᠪᠠ ᠡᠷᠦᠬᠡ ᠳᠤ ᠬᠦᠷᠴᠦ ᠬᠢᠨᠠᠨ

ᠬᠠᠷᠭᠤᠭᠤᠯᠵᠤ᠂ ᠭᠡᠷ ᠪᠠᠶᠢᠰᠢᠩ ᠳᠤ ᠴᠠᠭ ᠲᠤᠬᠠᠶ ᠳᠤᠨᠢ ᠠᠮᠤᠷ ᠲᠦᠪᠰᠢᠨ ᠤ ᠬᠢᠨᠠᠨ ᠲᠣᠭᠲᠠᠭᠠᠯᠲᠠ ᠪᠠ ᠦᠨᠡᠯᠡᠨ

ᠵᠢᠱᠢᠯᠲᠡ ᠬᠢᠵᠦ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ

ᠬᠡᠷᠡᠭᠲᠡᠶ᠃ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠤᠬᠢᠷᠠᠭᠰᠠᠨ ᠠᠵᠤ ᠠᠬᠤᠶᠢᠯᠠᠯ ᠲᠠᠢ ᠣᠨᠣᠴᠠᠲᠠᠢ

ᠵᠣᠯᠭᠠᠭᠤᠯᠵᠤ᠂ ᠠᠵᠤ ᠠᠬᠤᠶᠢᠯᠠᠯ ᠤᠨ ᠡᠯ᠎ᠡ ᠲᠦᠷᠦᠯ ᠤᠨ ᠠᠶᠤᠯ ᠠᠴᠠ ᠠᠪᠤᠷᠠᠨ ᠠᠵᠢᠯ ᠢᠶᠠᠨ ᠰᠡᠷᠭᠦᠭᠡᠬᠦ

ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠲᠦᠷᠦᠯ ᠤᠨ ᠡᠯᠧᠮᠧᠨ᠋ᠲ ᠤᠨ

ᠪᠠᠲᠤᠯᠠᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠡᠪ ᠤᠨ ᠦᠢᠯᠡᠳᠪᠦᠷᠢᠯᠡᠯ

ᠡᠵᠡᠩᠨᠡᠯᠲᠡ ᠶᠢ ᠨᠢ ᠰᠡᠷᠭᠦᠭᠡᠬᠦ ᠬᠡᠷᠡᠭᠲᠡᠢ᠃ ᠠᠵᠤ ᠠᠬᠤᠶᠢᠯᠠᠯ ᠲᠠᠨᠢᠯᠲᠠ ᠪᠠᠨ ᠳᠡᠭᠡᠭᠰᠢᠯᠡᠭᠦᠯᠵᠦ᠂

ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠳᠠᠯᠳᠠ

ᠭᠡᠮ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠡᠭᠦᠰᠦᠮᠡᠯ ᠭᠠᠮᠰᠢᠭ ᠠᠴᠠ ᠵᠠᠶᠢᠯᠠᠰᠬᠢᠬᠦ ᠬᠡᠷᠡᠭᠲᠡᠶ ᠭᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号