ᠤᠯᠤᠰ ᠲᠥᠷᠥ ᠶᠢᠨ ᠵᠥᠪᠯᠡᠯᠭᠡᠨ ᠤ ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
   11 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠷᠦᠢ ᠰᠢᠨ ᠤᠯᠤᠰ ᠲᠥᠷᠥ ᠶᠢᠨ ᠵᠥᠪᠯᠡᠯᠭᠡᠨ ᠤ ᠬᠤᠤᠯᠢᠩᠭᠤᠤᠯ ᠬᠤᠲᠠ ᠶᠢᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠵᠢᠦ ᠶᠤᠸᠠᠨ᠂ ᠳ᠋ᠦᠩ ᠶᠢᠨ ᠭᠠᠩ᠂ ᠸᠠᠩ ᠰᠢᠶᠤᠤ ᠳ᠋ᠦᠩ ᠂ ᠤᠯᠠᠭᠠᠬᠤᠳᠦ ᠵᠢᠴᠢ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃

   ᠬᠤᠷᠠᠯ ᠠᠴᠠ ︽ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠠᠷᠠᠳ ᠤᠨ ᠤᠯᠤᠰ

ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ︾᠂

︽ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠠᠷᠠᠳ ᠤᠨ ᠤᠯᠤᠰ

ᠲᠦᠷᠦ ᠶᠢᠨ ᠵᠥᠪᠯᠡᠯᠭᠡᠨ ᠤ ᠬᠤᠤᠯᠢᠩᠭᠤᠤᠯ ᠬᠤᠳᠠ ᠶᠢᠨ ᠬᠤᠷᠢᠶ᠎ᠠ ᠶᠢᠨ ᠭᠡᠰᠢᠭᠦᠳ ᠤᠨ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠴᠢᠯᠡᠭᠡ ᠪᠠ ᠬᠠᠮᠢᠶᠠᠷᠤᠯᠲᠠ ᠶᠢᠨ ᠠᠷᠭ᠎ᠠ︾᠂ ︽ᠬᠤᠤᠯᠢᠩᠭᠤᠤᠯ

ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠤᠬᠤᠷᠢᠨ ᠭᠠᠷᠬᠤ ᠪᠠ ᠲᠤᠰᠢᠶᠠᠯ

ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠷ ᠵᠣᠭᠰᠣᠭᠠᠬᠤ ᠠᠵᠢᠯ ᠤᠨ ᠲᠦᠷᠢᠮ︾᠂ ︽ᠳᠤᠮᠳᠠᠳᠤ ᠤᠯᠤᠰ ᠤᠨ

ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠤᠯᠢᠩᠭᠤᠤᠯ ᠬᠤᠳᠠ ᠶᠢᠨ ᠬᠤᠷᠢᠶ᠎ᠠ ᠶᠢᠨ ᠲᠡᠷᠢᠭᠦᠯᠡᠭᠴᠢᠳ ᠤᠨ

ᠬᠤᠷᠠᠯ ᠤᠨ ᠠᠵᠢᠯ ᠤᠨ ᠲᠦᠷᠢᠮ︾᠂ ︽ᠬᠤᠤᠯᠢᠩᠭᠤᠤᠯ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ

ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠷᠭ᠎ᠠ︾᠂ ︽ᠳᠤᠮᠳᠠᠳᠤ

ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠤᠤᠯᠢᠩᠭᠤᠤᠯ ᠬᠤᠳᠠ ᠶᠢᠨ ᠬᠤᠷᠢᠶ᠎ᠠ ᠶᠢᠨ ᠰᠢᠨ᠎ᠡ

ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ︽ᠳᠤᠮᠳᠠᠳᠤ ᠤᠯᠤᠰ · ᠪᠣᠬᠢᠷᠲᠤᠯ ᠦᠭᠡᠢ

ᠴᠠᠬᠢᠯᠭᠠᠨ ᠬᠦᠩᠭᠡᠨᠴᠠᠭᠠᠨ ᠤ ᠬᠤᠳᠠ ᠶᠢ ᠴᠢᠨᠠᠷ ᠰᠠᠶᠢᠲᠠᠢ ᠴᠣᠭᠴᠠᠯᠠᠬᠤ︾ ᠵᠡᠷᠭᠡ ᠠᠭᠤᠯᠭ᠎ᠠ ᠶᠢ ᠬᠢᠨᠠᠨ ᠵᠥᠪᠯᠡᠵᠦ

ᠪᠠᠲᠤᠯᠠᠪᠠ᠃

   ᠸᠠᠩ ᠷᠦᠢ ᠰᠢᠨ ᠶᠢᠰᠦᠳᠦᠭᠡᠷ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ

ᠬᠤᠷᠢᠶᠠᠨ ᠤ 2024 ᠣᠨ ᠠᠴᠠ ᠨᠠᠰᠢ ᠣᠯᠤᠭᠰᠠᠨ ᠰᠠᠶᠢᠨ ᠰᠠᠶᠢᠬᠠᠨ ᠠᠮᠵᠢᠯᠲᠠ ᠶᠢ ᠭᠦᠢᠴᠡᠳ ᠨᠤᠲᠠᠯᠠᠭᠰᠠᠨ ᠤ

ᠬᠠᠮᠲᠤ᠂ ᠲᠤᠰ ᠤᠳᠠᠭ᠎ᠠ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠡᠯ᠎ᠡ ᠵᠦᠢᠯ ᠤᠨ ᠲᠦᠷᠢᠮ ᠪᠣᠯ

ᠤᠯᠤᠰ ᠲᠦᠷᠦ ᠶᠢᠨ ᠵᠥᠪᠯᠡᠯᠭᠡᠨ ᠤ ᠳᠦᠷᠢᠮᠵᠢᠯᠲᠡ᠂ ᠵᠢᠷᠤᠮᠵᠢᠯᠲᠠ᠂ ᠲᠡᠰ ᠳᠠᠷᠠᠭᠠᠵᠢᠭᠤᠯᠤᠯᠲᠠ ᠶᠢᠨ

ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠠᠬᠢᠭᠤᠯᠬᠤ ᠴᠢᠭᠯᠡᠯ ᠪᠣᠯᠬᠤ ᠪᠠᠷ ᠪᠠᠷᠠᠬᠤ ᠦᠭᠡᠢ᠂ ᠪᠠᠰᠠ ᠴᠤ

ᠭᠡᠰᠢᠭᠦᠳ ᠤᠨ ᠲᠤᠰ ᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠷ᠎ᠡ ᠪᠦᠲᠦᠭᠡᠯ ᠤᠨ ᠢᠯᠡᠷᠡᠯ

ᠪᠣᠯᠤᠨ᠎ᠠ᠃ ᠵᠠᠯᠭᠠᠭᠠᠳ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠳᠦᠷᠢᠮ ᠤᠨ ᠬᠡᠷᠡᠭᠵᠢᠭᠦᠯᠬᠦ

ᠬᠦᠴᠦᠨ ᠢᠶᠠᠨ ᠬᠦᠴᠦᠯᠡᠨ ᠴᠢᠩᠭᠠᠳᠬᠠᠵᠤ᠂ ᠡᠯ᠎ᠡ ᠪᠠᠶᠢᠩᠭᠤ ᠶᠢᠨ ᠭᠡᠰᠢᠭᠦᠳ ᠡᠯ᠎ᠡ ᠡᠲᠡᠭᠡᠳ ᠤᠨ ᠭᠡᠰᠢᠭᠦᠳ ᠢ

ᠭᠦᠢᠴᠡᠳ ᠬᠥᠲᠥᠯᠥᠨ ᠵᠢᠯᠣᠭᠤᠳᠴᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ

ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠲᠣᠭᠤᠷᠢᠨ ᠳᠤ᠂ ᠪᠣᠬᠢᠷᠲᠤᠯ ᠥᠬᠡᠶ ᠲᠤᠤᠷ᠎ᠠ

ᠨᠡᠭᠦᠷᠡᠰᠦᠲᠥ᠋ᠷᠥᠭᠴᠢᠲᠤ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠰᠣᠶᠣᠯ

ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠡᠷᠭᠡ ᠵᠠᠩᠭᠢᠯᠠᠭ᠎ᠠ ᠶᠢᠨ ᠬᠦᠷᠢᠶ᠎ᠡ ᠲᠠᠢ ᠨᠢᠭᠲᠠ

ᠤᠶᠠᠯᠳᠤᠭᠤᠯᠤᠨ᠂ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ

ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ ᠵᠥᠪᠳᠡᠯᠴᠡᠨ᠂ ᠨᠡᠶᠢᠭᠡᠮ ᠤᠨ

ᠪᠠᠶᠢᠳᠠᠯ ᠠᠷᠠᠳ ᠤᠨ ᠰᠠᠨᠠᠭ᠎ᠠ ᠶᠢ ᠥᠷᠭᠡᠨ ᠢᠶᠠᠷ ᠴᠤᠭᠯᠠᠭᠤᠯᠵᠤ᠂ ᠡᠯ᠎ᠡ ᠡᠲᠡᠭᠡᠳ ᠤᠨ ᠣᠯᠠᠨ ᠲᠦᠮᠡᠨ ᠤ

ᠰᠡᠳᠬᠢᠯ ᠤᠨ ᠳᠠᠭᠤᠨ ᠪᠠ ᠬᠦᠰᠡᠯ ᠱᠠᠭᠠᠷᠳᠠᠯᠭ᠎ᠠ ᠶᠢ ᠨᠠᠷᠢᠯᠢᠭ ᠣᠨᠣᠴᠠᠲᠠᠶ ᠪᠠᠷ ᠲᠤᠰᠬᠠᠵᠤ᠂ ᠤᠯᠤᠰ ᠲᠥᠷᠥ ᠶᠢᠨ

ᠡᠵᠡᠮᠳᠡᠬᠦ ᠴᠢᠳᠠᠪᠤᠷᠢ᠂ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ ᠴᠢᠳᠠᠪᠤᠷᠢ ᠪᠠ

ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠳᠠᠯ ᠥᠬᠡᠶ

ᠬᠤᠷᠠᠯᠳᠤᠬᠤ ᠭᠡᠵᠦ ᠪᠠᠶᠢᠭ᠎ᠠ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠦᠨ᠎ᠡ ᠥᠷᠲᠡᠭ ᠲᠠᠢ

᠂ ᠴᠢᠨᠠᠷ ᠰᠠᠶᠢᠲᠠᠶ ᠰᠠᠨᠠᠯ ᠳᠤᠷᠠᠳᠤᠯᠭ᠎ᠠ ᠪᠠ ᠰᠠᠨᠠᠭᠤᠯᠭ᠎ᠠ ᠬᠠᠩᠭᠠᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠵᠠᠢ᠃

 
ᠢᠷᠡᠯᠲᠡ᠄ ᠬᠤᠤᠯᠢᠩᠭᠤᠤᠯ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号