ᠪᠦᠬᠦ ᠬᠤᠲᠠ ᠶᠢᠨ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠥᠷᠭᠡᠨ ᠣᠯᠠᠨ | ᠰᠠᠭᠤᠭᠠᠯᠢ ᠠᠷᠠᠳ᠄ | ᠶᠡᠭᠡ ᠴᠠᠰᠦ ᠤᠷᠤᠭᠰᠠᠨ ᠢᠶᠠᠷ ᠮᠠᠨ ᠤ ᠬᠤᠳᠠ ᠳᠤ ᠵᠠᠮ ᠬᠠᠷᠢᠯᠴᠠᠭ᠎ᠠ ᠪᠠ ᠡᠳᠦᠷ ᠲᠤᠲᠤᠮ ᠤᠨ | ᠠᠮᠢᠳᠤᠷᠠᠯ ᠳᠤ ᠮᠠᠰᠢ ᠣᠯᠠᠨ ᠥᠷᠢᠰᠥᠯᠳᠦᠭᠡᠨ ᠠᠪᠴᠢᠷᠠᠭᠰᠠᠨ ᠪᠠᠶᠢᠨ᠎ᠠ᠃ ᠬᠦᠢᠲᠡᠨ ᠤᠷᠤᠰᠬᠠᠯ ᠤᠨ ᠨᠥᠯᠥᠭᠡ ᠪᠠᠷ | 11 ᠰᠠᠷ᠎ᠠ ᠶᠢᠨ 24 ᠤ ᠡᠳᠦᠷ ᠤᠨ ᠥᠷᠯᠥᠭᠡ ᠠᠴᠠ 27 ᠤ ᠡᠳᠦᠷ ᠪᠣᠯᠲᠠᠯ᠎ᠠ᠂ ᠬᠤᠤᠯᠢᠩᠭᠤᠤᠯ ᠬᠤᠲᠠ ᠳᠤ | ᠴᠠᠰᠤ ᠰᠢᠭᠤᠷᠭ᠎ᠠ ᠲᠠᠢ ᠠᠭᠤᠷ ᠠᠮᠢᠰᠬᠤᠯ ᠢᠯᠡᠷᠡᠵᠡᠢ᠃ ᠴᠠᠰᠤ ᠰᠢᠭᠤᠷᠭᠠᠨ ᠲᠠᠢ ᠠᠭᠤᠷ ᠠᠮᠢᠰᠬᠤᠯ ᠤᠨ ᠨᠦᠯᠦᠬᠡ | ᠠᠴᠠ ᠪᠤᠯᠵᠦ᠂ ᠣᠯᠠᠨ ᠤ ᠶᠠᠪᠤᠵᠤ ᠰᠠᠭᠤᠬᠤ ᠠᠮᠣᠷ ᠳᠦᠪᠰᠢᠨ ᠪᠠ ᠠᠮᠢᠳᠣᠷᠠᠯ ᠳᠤ ᠳᠦᠬᠦᠮ ᠦᠵᠡᠬᠦᠯᠬᠦ ᠶᠢ | ᠪᠠᠳᠣᠯᠠᠬᠤ ᠶᠢᠨ ᠲᠦᠯᠦᠬᠡ᠂ ᠬᠤᠣᠯᠢᠩᠭᠤᠣᠯ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ ︵ | ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠯᠪᠠᠨ ᠬᠡᠷ︶ ᠦᠷᠬᠡᠨ ᠣᠯᠠᠨ ᠰᠠᠭᠤᠭᠠᠯᠢ ᠠᠷᠠᠳ ᠨᠠᠶᠢᠵᠠ | ᠨᠠᠷ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠪᠠᠶᠢᠭᠤᠯᠭ᠎ᠠ ᠤᠷᠢᠳᠠᠪᠠᠷ ᠴᠠᠰᠤᠨ ᠤ ᠰᠠᠭᠠᠳ ᠢ ᠠᠷᠢᠯᠭᠠᠵᠤ᠂ ᠪᠥᠬᠦ ᠬᠤᠲᠠ ᠶᠢᠨ ᠡᠪᠦᠯ ᠤᠨ ᠠᠶᠠᠯᠠᠯ ᠢ | ᠬᠥᠲᠥᠯᠦᠨ ᠳᠠᠭᠠᠭᠤᠯᠤᠨ᠎ᠠ | ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠦᠷᠦᠭᠦᠯᠡᠨ ᠦᠯᠢᠭᠡᠷ | ᠳᠠᠭᠤᠷᠢᠶᠠᠯ ᠦᠵᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ | ᠴᠠᠰᠤ ᠪᠠᠷ ᠵᠠᠷᠯᠢᠭ ᠪᠣᠯᠭᠠᠵᠤ᠂ ᠬᠠᠷᠢᠭᠤᠴᠠᠯᠭ᠎ᠠ ᠶᠢᠨ ᠣᠷᠣᠨ ᠤ ᠮᠥᠰᠥ ᠴᠠᠰᠤ ᠶᠢ ᠴᠠᠭ ᠲᠤᠬᠠᠶ ᠳᠤᠨᠢ ᠴᠡᠪᠡᠷᠯᠡᠨ | ᠠᠷᠢᠯᠭᠠᠵᠤ᠂ ᠬᠠᠷᠢᠭᠤᠴᠠᠯᠭ᠎ᠠ ᠡᠭᠦᠷᠭᠡᠯᠡᠬᠦ ᠣᠷᠣᠨ ᠤ ᠺᠠᠳ᠋ᠷ ᠠᠵᠢᠯᠲᠠᠨ ᠢ ᠵᠣᠬᠢᠶᠠᠨ ᠪᠠᠶᠢᠭᠤᠯᠤᠨ ᠴᠠᠰᠤ ᠠᠷᠢᠯᠭᠠᠬᠤ | ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠬᠠᠷᠢᠭᠤᠴᠠᠯᠭᠠᠲᠤ ᠵᠠᠮ ᠤᠨ ᠬᠡᠰᠡᠭ ᠤᠨ ᠣᠯᠠᠨ ᠨᠡᠶᠢᠲᠡ ᠶᠢᠨ | ᠣᠷᠣᠨ ᠪᠦᠰᠡ ᠶᠢᠨ ᠴᠠᠰᠤ ᠠᠷᠢᠯᠭᠠᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠴᠠᠰᠤ ᠶᠢ ᠵᠠᠮ | ᠳᠣᠣᠷ᠎ᠠ ᠬᠦᠷᠲᠡᠯ᠎ᠡ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠪ ᠠᠴᠠ ᠨᠢᠭᠡᠳᠦᠯᠲᠡᠶ | ᠴᠡᠪᠡᠷᠯᠡᠨ ᠲᠡᠭᠡᠭᠡᠪᠦᠷᠢᠯᠡᠵᠦ᠂ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠭᠤᠶᠣᠯᠠᠬᠤ ᠳᠤ ᠦᠯᠢᠭᠡᠷ | ᠳᠠᠭᠤᠷᠢᠶᠠᠯ ᠪᠣᠯᠬᠤ ᠬᠡᠷᠡᠭᠲᠡᠶ᠃ | ᠬᠤᠶᠠᠷ᠂ ᠬᠤᠳᠠᠯᠳᠤᠭᠠᠴᠢᠨ ᠡᠷᠦᠬᠡ ᠬᠠᠮᠲᠤᠪᠠᠷ ᠡᠭᠦᠷᠭᠡᠯᠡᠵᠦ᠂ ᠴᠠᠰᠤᠲᠠᠢ ᠡᠳᠦᠷ ︽ᠲᠠᠪᠤᠨ ᠳᠠᠭᠠᠭᠠᠴᠢᠯᠠᠯᠲᠠ | ︾ ᠶᠢ ᠬᠠᠮᠠᠭᠠᠯᠠᠵᠤ ᠰᠠᠭᠠᠳ ᠦᠭᠡᠢ ᠨᠡᠪᠳᠡᠷᠡᠭᠦᠯᠦᠶ᠎ᠡ | ᠴᠠᠰᠤ ᠣᠷᠣᠬᠤ ᠦᠶ᠎ᠡ ᠳᠤ᠂ ᠬᠤᠳᠠᠯᠳᠤᠭᠠᠨ ᠤ ᠡᠷᠦᠬᠡ ᠶᠢᠨ ᠬᠠᠷᠢᠭᠤᠴᠠᠯᠭ᠎ᠠ ᠬᠦᠨᠳᠦ ᠪᠠᠶᠢᠨ᠎ᠠ᠃ ᠡᠭᠦᠳᠡᠨ | ᠡᠮᠦᠨᠡᠬᠢ ᠲᠠᠪᠤᠨ ᠪᠣᠭᠤᠳᠠᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠭᠦᠳᠡᠨ ᠡᠮᠦᠨᠡᠬᠢ ᠬᠤᠷᠠᠭᠰᠠᠨ ᠴᠠᠰᠤ ᠶᠢ | ᠴᠡᠪᠡᠷᠯᠡᠵᠦ᠂ ᠶᠠᠪᠠᠭᠠᠨ ᠬᠥᠮᠦᠨ ᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠮᠥᠰᠥ ᠴᠠᠰᠦ ᠵᠠᠮ | ᠨᠡᠪᠲᠡᠷᠡᠬᠦ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ᠃ ᠡᠵᠡᠩᠨᠡᠯᠲᠡ ᠶᠢᠨ ᠣᠷᠴᠢᠨ ᠲᠣᠭᠤᠷᠢᠨ ᠢ | ᠬᠠᠮᠠᠭᠠᠯᠠᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ᠂ ᠨᠡᠩ ᠴᠤ ᠶᠠᠪᠠᠭᠠᠨ ᠬᠥᠮᠦᠨ ᠤ ᠠᠮᠤᠷ | ᠲᠦᠪᠰᠢᠨ᠂ ᠬᠤᠳᠠ ᠶᠢᠨ ᠡᠮᠬᠢ ᠳᠢᠭᠯᠢᠮ ᠲᠠᠢ ᠪᠠᠶᠢᠬᠤ ᠳᠤ ᠬᠦᠴᠦᠨ ᠴᠢᠳᠠᠯ ᠢᠶᠠᠨ ᠡᠷᠭᠦᠬᠦ ᠶᠠᠪᠤᠳᠠᠯ ᠪᠣᠯᠤᠨ᠎ᠠ᠃ | ᠪᠣᠳᠠᠲᠤ ᠠᠵᠢᠯᠯᠠᠭ᠎ᠠ ᠪᠠᠷ ᠢᠶᠠᠨ ᠡᠭᠦᠷᠭᠡᠯᠡᠯ ᠢᠶᠠᠨ ᠢᠯᠡᠷᠡᠭᠦᠯᠵᠦ᠂ ᠴᠠᠰᠤᠨ ᠲᠤᠮᠳᠠᠬᠢ ᠬᠤᠳᠠᠯᠳᠤᠭᠠᠨ ᠤ ᠭᠠᠵᠠᠷ | ᠣᠷᠣᠨ ᠢ ᠮᠥᠨ ᠯᠡ ᠴᠡᠪᠡᠷ ᠴᠡᠮᠴᠡᠭᠡᠷ ᠡᠮᠬᠢ ᠵᠢᠷᠤᠮ ᠲᠠᠢ᠂ ᠳᠤᠯᠠᠭᠠᠨ ᠪᠦᠯᠢᠶᠡᠨ ᠠᠷᠠᠳ ᠲᠤ ᠲᠥᠬᠦᠮ | ᠦᠵᠡᠭᠦᠯᠵᠦ᠂ ᠡᠪᠦᠯ ᠤᠨ ᠤᠯᠠᠷᠢᠯ ᠤᠨ ᠰᠠᠶᠢᠨ ᠰᠠᠶᠢᠬᠠᠨ ᠬᠤᠲᠠ ᠶᠢᠨ ᠦᠵᠡᠮᠵᠢ ᠶᠢ ᠬᠠᠮᠲᠤ ᠪᠠᠷ ᠴᠣᠭᠴᠠᠯᠠᠨ᠎ᠠ᠃ | ᠭᠤᠷᠪᠠ᠂ ᠠᠳᠠᠯ ᠠᠬᠤᠢ ᠴᠠᠰᠦ ᠴᠡᠪᠡᠷᠯᠡᠵᠦ ᠵᠦᠭᠡᠭᠡᠪᠦᠷᠢᠯᠡᠬᠦ ᠴᠡᠭ ᠲᠤ ᠰᠠᠭᠠᠳ ᠦᠭᠡᠢ ᠨᠡᠪᠲᠡᠷᠡᠬᠦ | ᠰᠠᠭᠤᠭᠠᠯᠢ ᠲᠣᠭᠤᠷᠢᠭ ᠤᠨ ᠠᠳᠠᠯ ᠠᠬᠤᠢ ᠴᠠᠰᠤ ᠲᠠᠢ ᠡᠳᠦᠷ ᠬᠦᠨᠳᠦ ᠡᠭᠦᠷᠭᠡ ᠶᠢ ᠡᠭᠦᠷᠭᠡᠯᠡᠨ᠎ᠡ᠃ ᠴᠠᠰᠤ | ᠯᠠᠪᠰᠠᠯᠠᠬᠤ ᠦᠶ᠎ᠡ ᠳᠤ ᠬᠥᠮᠦᠨ ᠤ ᠬᠦᠴᠦ ᠪᠣᠳᠠᠰ ᠤᠨ ᠬᠦᠴᠦᠨ ᠢ ᠵᠣᠬᠢᠶᠠᠨ ᠪᠠᠶᠢᠭᠤᠯᠵᠤ᠂ ᠵᠢᠵᠢᠭ ᠲᠣᠭᠤᠷᠢᠭ ᠤᠨ | ᠵᠠᠮ᠂ ᠠᠰᠠᠷ ᠤᠨ ᠡᠮᠦᠨ᠎ᠡ ᠬᠤᠶᠢᠨᠠᠬᠢ ᠬᠤᠷᠠᠭᠰᠠᠨ ᠴᠠᠰᠤ ᠶᠢ ᠴᠡᠪᠡᠷᠯᠡᠬᠦ ᠬᠡᠷᠡᠭᠲᠡᠶ᠃ ᠴᠠᠭ ᠲᠤᠬᠠᠶ ᠳᠤᠨᠢ ᠬᠤᠰᠤᠵᠤ | ᠠᠷᠢᠯᠭᠠᠬᠤ ᠪᠠᠷ ᠪᠠᠷᠠᠬᠤ ᠥᠬᠡᠶ ᠪᠠᠰᠠ ︵ᠭᠤᠤᠯ ᠤᠨ ᠵᠡᠭᠦᠨ ᠮᠣᠩᠭᠤᠯ ᠰᠤᠷᠭᠠᠭᠤᠯᠢ ᠶᠢᠨ ᠳᠤᠮᠳᠠ ᠬᠤᠶᠢᠲᠤ | ᠡᠭᠦᠳᠡᠨ ᠤ ᠬᠤᠶᠢᠲᠤ ᠲᠠᠯ᠎ᠠ ᠶᠢᠨ ᠬᠤᠭᠤᠰᠣᠨ ᠭᠠᠵᠠᠷ︶ ᠢ ᠲᠣᠬᠢᠲᠠᠶ ᠴᠡᠪᠡᠷᠯᠡᠨ ᠲᠡᠭᠡᠭᠡᠪᠦᠷᠢᠯᠡᠬᠦ ᠬᠡᠷᠡᠭᠲᠡᠶ᠃ | ᠬᠦᠷᠢᠶᠡᠨ ᠳᠣᠲᠣᠷᠠᠬᠢ ᠬᠤᠷᠠᠭᠰᠠᠨ ᠴᠠᠰᠤ ᠶᠢ ᠪᠠᠭ᠎ᠠ ᠲᠣᠭᠤᠷᠢᠭ ᠤᠨ ᠡᠭᠦᠳᠡᠨ ᠡᠮᠦᠨ᠎ᠡ᠂ ᠶᠠᠪᠠᠭᠠᠨ ᠵᠠᠮ᠂ ᠵᠡᠭᠡᠯᠢ | ᠭᠤᠳᠤᠮᠵᠢ ᠶᠢᠨ ᠬᠤᠶᠠᠷ ᠬᠠᠵᠠᠭᠤ ᠳᠤ ᠵᠥᠭᠡᠭᠡᠪᠦᠷᠢᠯᠡᠨ ᠬᠦᠷᠭᠡᠬᠦ᠂ ᠣᠪᠣᠭᠠᠯᠠᠬᠤ ᠶᠢ ᠴᠢᠩᠭ᠎ᠠ ᠴᠠᠭᠠᠵᠠᠯᠠᠨ᠎ᠠ᠃ | ᠳᠥᠷᠪᠡ᠂ ᠰᠠᠭᠤᠭᠠᠯᠢ ᠠᠷᠠᠳ ᠴᠠᠰᠤ ᠲᠠᠢ ᠡᠳᠦᠷ ᠲᠡᠷᠭᠡ ᠪᠠᠨ ᠲᠤᠬᠢᠳᠠᠢ ᠵᠣᠭᠰᠣᠭᠠᠵᠤ᠂ ᠴᠠᠰᠤ ᠠᠷᠢᠯᠭᠠᠬᠤ | ᠠᠵᠢᠯ ᠢ ᠪᠠᠲᠤᠯᠠᠭ᠎ᠠ ᠲᠠᠢ ᠪᠣᠯᠭᠠᠪᠠ | ᠥᠷᠭᠡᠨ ᠣᠯᠠᠨ ᠰᠠᠭᠤᠭᠠᠯᠢ ᠠᠷᠠᠳ ᠲᠡᠷᠭᠡ ᠵᠣᠭᠰᠣᠭᠠᠬᠤ ᠶᠢ ᠵᠢᠷᠤᠮᠵᠢᠭᠤᠯᠬᠤ ᠶᠢᠨ ᠬᠠᠮᠲᠤ ᠨᠡᠭᠦᠯᠭᠡᠨ | ᠰᠢᠯᠵᠢᠭᠦᠯᠬᠦ ᠳ᠋ᠢᠶᠠᠩᠬᠤᠸᠠ ᠪᠠᠨ ᠤᠷᠢᠳᠴᠢᠯᠠᠨ ᠦᠯᠡᠳᠡᠭᠡᠬᠦ ᠬᠡᠷᠡᠭᠲᠡᠶ᠃ ᠲᠣᠰ ᠤᠳᠠᠭᠠᠨ ᠤ ᠴᠠᠰᠤ ᠣᠷᠣᠬᠤ | ᠶᠠᠪᠤᠴᠠ ᠨᠡᠯᠢᠶᠡᠳ ᠣᠷᠳᠣ᠂ ᠴᠠᠰᠤᠨ ᠤ ᠬᠡᠮᠵᠢᠶ᠎ᠡ ᠨᠡᠯᠢᠶᠡᠳ ᠶᠡᠭᠡ ᠪᠠᠶᠢᠵᠤ᠂ ᠮᠥᠰᠥ ᠴᠠᠰᠤᠨ ᠤ ᠬᠦᠴᠦᠨ ᠤ | ᠥᠨᠳᠥᠷ ᠪᠦᠲᠦᠮᠵᠢᠲᠡᠶ ᠠᠵᠢᠯᠯᠠᠬᠤ ᠶᠢ ᠪᠠᠲᠤᠯᠠᠬᠤ ᠶᠢᠨ ᠲᠥᠯᠥᠭᠡ᠂ ᠰᠠᠭᠤᠭᠠᠯᠢ ᠠᠷᠠᠳ ᠮᠠᠰᠢᠨᠲᠤ ᠲᠡᠷᠭᠡ ᠶᠢ | ᠭᠤᠤᠯ ᠳᠡᠳ᠋ ᠵᠠᠮ ᠳᠡᠭᠡᠷ᠎ᠡ ᠵᠣᠭᠰᠣᠭᠠᠵᠤ ᠪᠣᠯᠬᠤ ᠥᠬᠡᠶ᠂ ᠮᠥᠰᠥ ᠴᠠᠰᠤ ᠴᠡᠪᠡᠷᠯᠡᠬᠦ ᠠᠵᠢᠯ ᠳᠤ ᠠᠵᠢᠯᠯᠠᠬᠤ ᠣᠷᠣᠨ | ᠵᠠᠶ ᠭᠠᠷᠭᠠᠵᠤ ᠥᠭᠭᠦᠭᠰᠡᠨ ᠪᠠᠶᠢᠬᠤ ᠬᠡᠷᠡᠭᠳᠠᠢ᠃ | ᠲᠠᠪᠤ᠂ ᠬᠠᠯᠠᠭᠤᠨ ᠳᠣᠲᠣᠨᠣ ᠰᠠᠨᠠᠭᠤᠯᠤᠮᠵᠢ᠄ ᠰᠢᠷᠦᠭᠦᠨ ᠴᠠᠰᠤ ᠣᠷᠣᠬᠤ ᠂ ᠲᠥᠪᠯᠡᠷᠡᠭᠦᠯᠦᠨ ᠴᠡᠪᠡᠷᠯᠡᠨ | ᠲᠡᠭᠡᠭᠡᠪᠦᠷᠢᠯᠡᠬᠦ ᠳᠤ ᠳᠥᠭᠦᠮ ᠦᠭᠡᠢ ᠪᠠᠶᠢᠳᠠᠯ ᠢ ᠠᠭᠤᠴᠢᠯᠠᠵᠦ᠂ ᠴᠠᠰᠤ ᠪᠣᠷᠣᠭᠠᠨ ᠪᠠ ᠬᠦᠢᠳᠡᠨ ᠠᠭᠤᠷ | ᠠᠮᠢᠰᠬᠤᠯ ᠳᠤ ᠠᠮᠤᠷ ᠲᠦᠪᠰᠢᠨ ᠢ ᠪᠠᠲᠤᠯᠠᠬᠤ᠂ ᠶᠠᠪᠤᠵᠤ ᠰᠠᠭᠤᠬᠤ ᠠᠮᠤᠷ ᠲᠦᠪᠰᠢᠨ ᠤ ᠤᠬᠠᠮᠰᠠᠷ ᠢᠶᠠᠨ | ᠳᠡᠭᠡᠭᠰᠢᠯᠡᠭᠦᠯᠬᠦ᠂ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ | ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ᠂ ᠬᠤᠤᠯᠢᠩᠭᠤᠤᠯ ᠨᠢ ᠪᠢᠳᠡᠨ ᠤ ᠬᠠᠮᠲᠤ ᠶᠢᠨ ᠭᠡᠷ ᠣᠷᠣᠨ | ᠮᠥᠨ᠂ ᠡᠨᠡ ᠬᠦ ᠰᠠᠨᠠᠭᠠᠴᠢᠯᠠᠭ᠎ᠠ ᠶᠢᠨ ᠪᠢᠴᠢᠭ ᠢ ᠤᠯᠠᠮᠵᠢᠯᠠᠨ ᠳᠠᠮᠵᠢᠭᠤᠯᠵᠤ᠂ ᠪᠢᠳᠡᠨ ᠤ ᠪᠦᠬᠦ ᠶᠡᠷᠦᠩᠬᠡᠶ | ᠲᠠᠶᠢᠴᠢᠯᠠᠯᠳᠠ ᠬᠢᠵᠦ᠂ ︽ᠮᠥᠰᠥ ᠴᠠᠰᠤ ᠠᠷᠢᠯᠭᠠᠵᠤ ᠬᠠᠯᠠᠭᠤᠨ ᠳᠤᠯᠠᠭᠠᠨ ᠬᠠᠮᠲᠤ ᠪᠠᠷ ᠤᠷᠤᠭᠰᠢᠯᠠᠬᠤ︾ ᠰᠠᠶᠢᠨ | ᠳᠤᠷ᠎ᠠ ᠶᠢᠨ ᠠᠵᠢᠯᠯᠠᠭ᠎ᠠ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠣᠯᠪᠠᠰᠤᠨ᠂ ᠡᠶ᠎ᠡ ᠵᠣᠬᠢᠴᠠᠩᠭᠤᠶ᠂ | ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠵᠤ ᠲᠦᠷᠦᠭᠦ ᠳᠤᠮᠳᠠᠳᠤ ᠤᠯᠤᠰ ᠤᠨ ᠨᠣᠭᠤᠭᠠᠨ ᠴᠠᠬᠢᠯᠭᠠᠨ | ᠬᠦᠩᠭᠡᠨᠴᠠᠭᠠᠨ ᠤ ᠬᠤᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠭᠡᠷᠡᠢ︕ | ᠬᠤᠤᠯᠢᠩᠭᠤᠤᠯ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2024 ᠣᠨ ᠤ 11 ᠰᠠᠷ᠎ᠠ ᠶᠢᠨ 25 ᠤ ᠡᠳᠦᠷ | |