︽2022 ᠣᠨ ᠤ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ | ᠥᠭᠡᠷᠡᠴᠢᠯᠡᠯᠲᠡ ᠬᠢᠭᠡᠳ ᠪᠠᠶᠢᠭᠤᠯᠤᠯᠲᠠ ᠶᠢᠨ ᠡᠭᠦᠷᠭᠡ ᠶᠢᠨ ᠬᠡᠷᠡᠭᠵᠢᠭᠦᠯᠬᠦ ᠲᠥᠰᠦᠯ︾᠂ ︽2023 ᠣᠨ ᠤ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠰᠢᠰᠲ᠋ᠧᠮᠵᠢ ᠶᠢᠨ ᠥᠭᠡᠷᠡᠴᠢᠯᠡᠯᠲᠡ ᠬᠢᠭᠡᠳ | ᠪᠠᠶᠢᠭᠤᠯᠤᠯᠲᠠ ᠶᠢᠨ ᠡᠭᠦᠷᠭᠡ ᠶᠢᠨ ᠬᠡᠷᠡᠭᠵᠢᠭᠦᠯᠬᠦ ᠲᠥᠰᠦᠯ︾ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ | ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨ᠎ᠡ ᠶᠢ ᠡᠭᠦᠳᠬᠦ ᠮᠡᠷᠭᠡᠵᠢᠯ ᠢ ᠳᠡᠯᠭᠡᠷᠡᠭᠦᠯᠬᠦ | ᠦᠢᠯᠡᠴᠢᠯᠡᠭᠡ ᠶᠢ ᠬᠥᠲᠥᠯᠦᠨ ᠵᠢᠯᠣᠭᠤᠳᠴᠤ ᠳᠡᠮᠵᠢᠵᠦ᠂ ᠨᠥᠬᠦᠪᠥᠷᠢ ᠶᠢᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ | 2022 ᠣᠨ᠂ 2023 ᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠵᠢᠱᠢᠶ᠎ᠡ ᠦᠵᠡᠭᠦᠯᠬᠦ ᠨᠥᠬᠦᠪᠥᠷᠢ ᠶᠢᠨ ᠦᠯᠡᠳᠡᠪᠦᠷᠢ ᠪᠠᠯᠠ ᠮᠥᠩᠭᠦ ᠶᠢ ᠬᠡᠷᠡᠭᠯᠡᠬᠦ ᠲᠥᠰᠦᠯ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠳᠠᠯᠠᠶᠢᠬᠤᠰᠢᠭᠤ ᠰᠤᠮᠤ ᠶᠢᠨ ᠴᠠᠭᠳᠠᠭ᠎ᠠ ᠲᠣᠰᠬᠤᠨ᠂ ᠴᠡᠷᠢᠭ ᠤᠨ ᠠᠭᠳᠠ ᠶᠢᠨ ᠲᠠᠯᠠᠪᠠᠢ ᠶᠢᠨ ᠠᠮᠢ ᠠᠬᠤᠢ ᠶᠢᠨ | ᠬᠠᠮᠢᠶᠠᠷᠤᠯᠲᠠ ᠶᠢᠨ ᠵᠥᠪᠯᠡᠯ ᠤᠨ ︽ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ︾ ᠢᠶᠠᠷ ᠭᠤᠣᠯ ᠪᠣᠯᠭᠠᠵᠤ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠡᠪ | ᠳᠠᠭᠤᠷᠢᠶᠠᠯ ᠢ ᠪᠠᠶᠢᠭᠤᠯᠵᠤ᠂ ︽ᠲᠠᠷᠢᠶᠠᠴᠢᠳ ᠲᠤ ᠦᠵᠡᠭᠦᠯᠵᠦ᠂ ᠲᠠᠷᠢᠶᠠᠴᠢᠳ ᠢ ᠳᠠᠭᠠᠭᠤᠯᠤᠨ ᠠᠵᠢᠯᠯᠠᠬᠤ︾ | ᠦᠢᠯᠡᠳᠦᠯ ᠪᠠ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨ ᠬᠦ | ᠪᠠᠳᠠᠷᠠᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠨᠥᠬᠦᠪᠥᠷᠢ ᠪᠡᠯᠡ ᠮᠥᠩᠭᠦ︾ ᠶᠢ | ᠠᠰᠢᠭᠯᠠᠨ ᠠᠯᠠᠰᠢᠨ ᠬᠤᠨᠢᠨ ᠤ ᠠᠳᠠᠯᠢ ᠬᠤᠭᠤᠴᠠᠭᠠᠨ ᠳᠤ ᠣᠷᠤᠭ᠎ᠠ ᠣᠷᠣᠭᠤᠯᠬᠤ᠂ ᠬᠦᠪᠦᠷᠡᠯ ᠰᠢᠯᠵᠢᠭᠦᠯᠦᠨ | ᠤᠷᠭᠤᠭᠤᠯᠬᠤ ᠮᠡᠷᠭᠡᠵᠢᠯ᠂ ᠰᠢᠮᠧᠨ᠋ᠳᠠᠷ ᠠᠯᠠᠰᠢᠨ ᠦᠬᠡᠷ ᠤᠨ ᠬᠥᠮᠦᠨ ᠤ ᠬᠦᠴᠦ ᠪᠠᠷ ᠰᠠᠶᠢᠵᠢᠷᠠᠭᠤᠯᠬᠤ ᠲᠡᠵᠢᠭᠡᠨ | ᠦᠷᠡᠵᠢᠭᠦᠯᠬᠦ ᠡᠷᠦᠬᠡ ᠳᠤ ᠨᠥᠬᠦᠪᠥᠷᠢ ᠥᠭᠴᠦ᠂ ᠲᠡᠵᠢᠭᠡᠨ ᠦᠷᠡᠵᠢᠭᠦᠯᠬᠦ ᠡᠷᠦᠬᠡ ᠶᠢᠨ ᠲᠠᠷᠢᠶᠠᠯᠠᠩ ᠮᠠᠯ ᠠᠵᠤ | ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠭᠤᠣᠯ ᠴᠣᠭᠴᠠ ᠳᠤ ᠢᠳᠡᠪᠬᠢᠲᠡᠶ ᠣᠷᠣᠯᠴᠠᠨ | ᠰᠢᠨ᠎ᠡ ᠡᠭᠦᠯᠳᠡᠷ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠮᠠᠨ ᠤ | ᠬᠤᠲᠠ ᠶᠢᠨ ᠮᠠᠯ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠲᠦᠯᠬᠢᠨ ᠠᠬᠢᠭᠤᠯᠵᠤ᠂ ᠮᠠᠯᠴᠢᠳ ᠤᠨ | ᠣᠷᠣᠯᠭ᠎ᠠ ᠶᠢ ᠨᠡᠮᠡᠭᠳᠡᠭᠦᠯᠦᠨ᠎ᠡ᠃ | ᠬᠤᠶᠠᠷ᠂ ᠨᠥᠬᠦᠪᠥᠷᠢ ᠥᠭᠬᠦ ᠡᠲᠡᠭᠡᠳ | 1. ᠮᠠᠨ ᠤ ᠬᠤᠲᠠ ᠶᠢᠨ ᠬᠡᠪᠴᠢᠶᠡᠨ ᠳᠤ ᠵᠣᠬᠢᠶᠠᠮᠠᠯ ᠬᠡᠭᠡᠯᠳᠦᠭᠦᠯᠭᠡ ᠬᠢᠭᠰᠡᠨ ᠰᠠᠭᠤᠷᠢ ᠡᠬᠡ ᠮᠠᠯ ᠳᠤ | ᠨᠥᠬᠦᠪᠦᠷᠢ ᠥᠭᠭᠦᠨ᠎ᠡ᠃ | 2. ᠮᠠᠨ ᠤ ᠬᠤᠲᠠ ᠶᠢᠨ ᠬᠡᠪᠴᠢᠶᠡᠨ ᠳᠤ ᠠᠯᠠᠰᠢᠨ ᠬᠤᠨᠢᠨ ᠤ ᠠᠳᠠᠯᠢ ᠬᠤᠭᠤᠴᠠᠭᠠᠨ ᠤ ᠬᠢᠵᠢᠭ ᠤᠨ ᠪᠠᠶᠢᠳᠠᠯ | ᠭᠠᠷᠤᠭᠰᠠᠨ᠂ ᠬᠦᠪᠦᠷᠡᠯ ᠰᠢᠯᠵᠢᠭᠦᠯᠦᠨ ᠤᠷᠭᠤᠭᠤᠯᠤᠭᠰᠠᠨ ᠰᠠᠭᠤᠷᠢ ᠡᠮ᠎ᠡ ᠬᠤᠨᠢ ᠳᠤ ᠨᠥᠬᠦᠪᠥᠷᠢ ᠥᠭᠭᠦᠨ᠎ᠡ᠃ | ᠭᠤᠷᠪᠠ᠂ ᠪᠡᠯᠡ ᠮᠥᠩᠭᠦ ᠶᠢᠨ ᠢᠷᠡᠯᠲᠡ | 1. ︽2022 ᠣᠨ ᠤ ᠲᠥᠪ ᠤᠨ ᠲᠠᠷᠢᠶᠠᠯᠠᠩ ᠦᠢᠯᠡᠳᠪᠦᠷᠢᠯᠡᠯ ᠢ ᠬᠥᠭᠵᠢᠭᠦᠯᠬᠦ ᠪᠡᠯᠡ ᠮᠥᠩᠭᠦ ᠶᠢ | ᠪᠠᠭᠤᠯᠭᠠᠬᠤ ᠲᠤᠬᠠᠢ ᠮᠡᠳᠡᠭᠳᠡᠯ︾ ︵ᠲᠦᠩ ᠼᠠᠢ ᠲᠠᠷᠢᠶᠠᠯᠠᠩ ︹2022︺ 685 ᠲᠦᠮᠡᠨ ᠲᠥᠭᠦᠷᠢᠭ︶ ᠤᠨ | ᠦᠯᠡᠳᠡᠪᠦᠷᠢ ᠪᠡᠯᠡ ᠮᠥᠩᠭᠦ 1.757 ᠲᠦᠮᠡᠨ ᠲᠥᠭᠦᠷᠢᠭ ᠪᠣᠯᠣᠨ᠎ᠠ᠃ | 2. ︽2023 ᠣᠨ ᠤ ᠲᠥᠪ ᠤᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠᠯᠠ ᠮᠥᠩᠭᠦ ᠶᠢ ᠪᠠᠭᠤᠯᠭᠠᠬᠤ ᠲᠤᠬᠠᠶ ᠮᠡᠳᠡᠭᠳᠡᠯ︾ ︵ᠲᠦᠩ ᠼᠠᠢ ᠨᠥᠩ ︹2023︺ 684 | ᠳ᠋ᠦ᠋ᠭᠡᠷ ᠲᠣᠭᠠᠲᠤ︶ ᠤᠨ ᠪᠠᠯᠠ ᠮᠥᠩᠭᠦ 6.80813 ᠲᠦᠮᠡᠨ ᠲᠥᠭᠦᠷᠢᠭ ᠪᠠᠶᠢᠪᠠ᠃ | ᠳᠥᠷᠪᠡ᠂ ᠨᠥᠬᠦᠪᠥᠷᠢ ᠥᠭᠬᠦ ᠪᠠᠷᠢᠮᠵᠢᠶ᠎ᠠ | ᠠᠯᠠᠰᠢᠨ ᠬᠤᠨᠢᠨ ᠤ ᠬᠦᠪᠦᠷᠡᠯ ᠢ 100 ᠲᠥᠭᠦᠷᠢᠭ / ᠲᠣᠯᠣᠭᠠᠢ᠂ ᠠᠯᠠᠰᠢᠨ ᠦᠬᠡᠷ ᠤᠨ ᠭᠠᠷ ᠬᠡᠭᠡᠯᠲᠦᠭᠦᠯᠭᠡ | 83 ᠲᠥᠭᠦᠷᠢᠭ / ᠲᠣᠯᠣᠭᠠᠢ᠂ ᠲᠠᠩᠰᠠ ᠪᠠ ᠺᠠᠷᠲ ᠲᠠᠢ ᠡᠷᠦᠬᠡ ᠶᠢᠨ ᠠᠯᠠᠰᠢᠨ ᠦᠬᠡᠷ ᠤᠨ ᠵᠣᠬᠢᠶᠠᠮᠠᠯ | ᠬᠡᠭᠡᠯᠲᠦᠭᠦᠯᠭᠡ 111.15 ᠲᠥᠭᠦᠷᠢᠭ / ᠲᠣᠯᠣᠭᠠᠶ ᠰᠢᠯᠵᠢᠭᠦᠯᠦᠨ᠎ᠡ᠃ | ᠲᠠᠪᠤ᠂ ᠨᠥᠬᠦᠪᠥᠷᠢ ᠥᠭᠬᠦ ᠨᠡᠷᠡᠰ ᠢ ᠳᠠᠭᠠᠯᠳᠤᠭᠤᠯᠤᠯ ᠳᠤ ᠦᠵᠡ᠄ | ᠳᠠᠭᠠᠯᠳᠤᠭᠤᠯᠤᠯ 1᠄ ᠬᠤᠤᠯᠢᠩᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠱᠢᠶ᠎ᠡ ᠦᠵᠡᠭᠦᠯᠬᠦ ᠨᠥᠬᠦᠪᠥᠷᠢ ᠶᠢᠨ ᠨᠠᠷᠢᠨ ᠬᠦᠰᠦᠨᠦᠭᠲᠦ | ᠳᠠᠭᠠᠯᠳᠤᠭᠤᠯᠤᠯ 2᠄ ᠬᠤᠤᠯᠢᠩᠭᠤᠤᠯ ᠬᠤᠲᠠ ᠶᠢᠨ ᠠᠯᠠᠰᠢᠨ ᠬᠤᠨᠢᠨ ᠤ ᠬᠦᠪᠦᠷᠡᠯ ᠰᠢᠯᠵᠢᠭᠦᠯᠦᠨ | ᠤᠷᠭᠤᠭᠤᠯᠬᠤ ᠨᠥᠬᠦᠪᠥᠷᠢ ᠶᠢᠨ ᠨᠠᠷᠢᠨ ᠬᠦᠰᠦᠨᠦᠭᠲᠦ | ᠵᠢᠷᠭᠤᠭ᠎ᠠ᠂ ᠨᠥᠬᠦᠪᠥᠷᠢ ᠥᠭᠬᠦ ᠳᠡᠰ ᠳᠠᠷᠠᠭᠠᠯᠠᠯ | ᠲᠣᠰᠬᠤᠨ ᠤ ᠱᠠᠲᠤᠨ ᠤ ᠰᠠᠶᠢᠵᠢᠷᠠᠭᠤᠯᠤᠭᠴᠢ ᠶᠢᠨ ᠡᠭᠦᠯᠳᠡᠷ ᠰᠠᠶᠢᠵᠢᠷᠠᠭᠤᠯᠤᠭᠰᠠᠨ ᠲᠡᠮᠳᠡᠭᠯᠡᠯ ᠢᠶᠠᠷ ᠰᠠᠭᠤᠷᠢ | ᠪᠣᠯᠭᠠᠵᠤ᠂ ᠲᠤᠬᠠᠶ ᠶᠢᠨ ᠲᠠᠯᠠᠪᠤᠷ ᠲᠤ ᠡᠭᠦᠯᠳᠡᠷ ᠰᠠᠶᠢᠵᠢᠷᠠᠭᠤᠯᠤᠭᠰᠠᠨ ᠪᠠᠶᠢᠳᠠᠯ ᠢ ᠰᠤᠭᠤᠴᠢᠨ ᠪᠠᠶᠢᠴᠠᠭᠠᠬᠤ ᠪᠠᠷ | ᠳᠡᠮᠵᠢᠨ ᠬᠢᠨᠠᠨ ᠬᠠᠷᠭᠤᠭᠤᠯᠵᠤ᠂ ᠨᠥᠬᠦᠪᠥᠷᠢ ᠶᠢᠨ ᠨᠡᠷᠡᠰ ᠵᠢᠴᠢ ᠵᠣᠭᠤᠰ ᠤᠨ ᠲᠤᠭ᠎ᠠ ᠶᠢ ᠲᠣᠭᠲᠠᠭᠠᠭᠰᠠᠨ ᠤ | ᠳᠠᠷᠠᠭ᠎ᠠ᠂ ᠬᠤᠤᠯᠢᠩᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ http: | //www.hls.gov.cn/ ᠵᠠᠷᠯᠠᠨ ᠨᠡᠶᠢᠲᠡᠯᠡᠭᠰᠡᠨ 5 ᠡᠳᠦᠷ ᠤᠨ ᠳᠠᠷᠠᠭ᠎ᠠ ᠨᠥᠬᠦᠪᠥᠷᠢ ᠣᠯᠭᠤᠨ᠎ᠠ᠃ | 2024 ᠣᠨ ᠤ 11 ᠰᠠᠷ᠎ᠠ ᠶᠢᠨ 25 ᠤ ᠡᠳᠦᠷ | |